ᠵᠤᠬᠢᠶᠠᠭᠴᠢ:
ᠴᠠᠭ:2022-04-02
ᠥᠵᠡᠭᠰᠡᠨ : ℃
ᠢᠷᠡᠯᠲᠡ: 《ᠥᠪᠥᠷ ᠮᠣᠩᠭᠤᠯ ᠤᠨ ᠡᠳᠦᠷ ᠤᠨ ᠰᠣᠨᠢᠨ》
ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ ᠸᠠᠩ ᠯᠢ ᠰᠢᠶᠠ ᠬᠤᠷᠠᠯ ᠢ ᠡᠷᠬᠢᠯᠡᠪᠡ
2022 3 ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠪᠠ ᠨᠡᠶᠢᠳᠡᠮ ᠤᠨ ᠬᠡᠷᠡᠭᠯᠡᠭᠡᠨ ᠤ ᠨᠢᠰᠭᠡᠯ ᠤᠨ ᠪᠠᠭᠤᠳᠠᠯ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠰᠤᠳᠤᠯᠤᠨ ᠪᠠᠶᠢᠷᠢᠯᠠᠭᠤᠯᠪᠠ᠃
ᠬᠤᠷᠠᠯ ᠠᠴᠠ᠂ ᠦᠢᠯᠡᠴᠢᠯᠡᠭᠡᠨ ᠤ ᠦᠢᠯᠡᠰ ᠨᠢ ᠨᠢᠭᠡ ᠲᠠᠯ᠎ᠠ ᠪᠠᠷ ᠠᠵᠤ ᠠᠬᠤᠢ ᠶᠢᠨ ᠬᠥᠭᠵᠢᠯᠲᠡ ᠲᠠᠢ ᠬᠤᠯᠪᠤᠬᠳᠠᠵᠤ᠂ ᠨᠦᠬᠦᠬᠡ ᠲᠠᠯ᠎ᠠ ᠪᠠᠷ ᠠᠷᠠᠳ ᠤᠨ ᠠᠮᠢᠳᠤᠷᠠᠯ ᠤᠨ ᠵᠤᠯ ᠵᠢᠷᠭᠠᠯ ᠲᠠᠢ ᠬᠤᠯᠪᠤᠬᠳᠠᠵᠤ᠂ ᠪᠠᠶᠢᠷᠢ ᠰᠠᠭᠤᠷᠢ ᠨᠢ ᠮᠠᠰᠢ ᠴᠢᠬᠤᠯᠠ ᠶᠤᠮ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠨ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠳᠤᠲᠠᠭᠤᠳᠠᠯ ᠢᠶᠠᠨ ᠴᠢᠨᠠᠭᠰᠢᠳᠠ ᠨᠥᠬᠦᠪᠥᠷᠢᠯᠡᠨ᠂ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠵᠦ᠂ ᠦᠶᠯᠡᠴᠢᠯᠡᠭᠡᠨ ᠤ ᠦᠶᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠬᠦᠴᠦᠯᠡᠨ ᠠᠬᠢᠭᠤᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠬᠤ ᠬᠡᠷᠡᠭᠲᠡᠶ᠃ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠪᠠ ᠰᠠᠭᠤᠭᠠᠯᠢ ᠠᠷᠠᠳ ᠤᠨ ᠬᠡᠷᠡᠭᠯᠡᠭᠡᠨ ᠤ ᠲᠡᠰ ᠳᠡᠪᠰᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠵᠥᠷᠢᠶ᠎ᠡ ᠪᠠᠨ ᠣᠨᠣᠪᠴᠢᠲᠠᠢ ᠡᠷᠢᠵᠦ᠂ ᠤᠨᠢᠨ ᠲᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠵᠦ᠂ ᠲᠠᠯᠳᠠ ᠬᠦᠴᠦᠨ ᠢ ᠠᠭᠤᠳᠠᠯᠵᠤ᠂ ᠣᠷᠣᠨ ᠵᠠᠢ ᠪᠠᠨ ᠥᠷᠭᠡᠳᠭᠡᠵᠦ᠂ ᠦᠷ᠎ᠡ ᠠᠰᠢᠭ ᠢᠶᠠᠨ ᠳᠡᠭᠡᠭᠰᠢᠯᠡᠭᠦᠯᠵᠦ᠂ ᠬᠡᠪᠴᠢᠶ᠎ᠡ ᠪᠠᠨ ᠥᠷᠭᠡᠳᠭᠡᠵᠦ᠂ ᠪᠦᠬᠦ ᠣᠷᠣᠨ ᠤ ᠦᠢᠯᠡᠴᠢᠯᠡᠭᠡᠨ ᠤ ᠦᠢᠯᠡᠰ ᠤᠨ ᠠᠯᠢ ᠲᠦᠷᠬᠡᠨ ᠢᠶᠠᠷ ᠬᠦᠭᠵᠢᠶᠠᠨ ᠲᠠᠢ᠂ ᠪᠣᠳᠠᠲᠠᠢ᠂ ᠬᠦᠴᠦᠷᠬᠡᠭᠵᠢᠬᠦ ᠶᠢ ᠠᠬᠢᠭᠤᠯᠬᠤ ᠬᠡᠷᠡᠭᠲᠡᠢ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠴᠢᠭᠯᠡᠯ᠂ ᠬᠠᠨᠳᠤᠰᠢ᠂ ᠠᠷᠭ᠎ᠠ ᠵᠠᠮ ᠢ ᠣᠨᠣᠪᠴᠢᠲᠠᠢ ᠡᠵᠡᠮᠳᠡᠵᠦ᠂ ᠦᠢᠯᠡᠴᠢᠯᠡᠭᠡᠨ ᠤ ᠦᠢᠯᠡᠰ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠥᠨᠳᠥᠷ ᠪᠦᠲᠦᠮᠵᠢᠲᠡᠢ᠂ ᠪᠦᠲᠦᠴᠡ ᠰᠢᠯᠢᠳᠡᠭᠵᠢᠭᠰᠡᠨ᠂ ᠦᠷᠢᠰᠦᠯᠳᠦᠬᠦ ᠬᠦᠴᠦᠨ ᠢᠶᠠᠷ ᠴᠢᠩᠭ᠎ᠠ ᠦᠢᠯᠡᠴᠢᠯᠡᠭᠡᠨ ᠤ ᠦᠢᠯᠡᠰ ᠤᠨ ᠰᠢᠨ᠎ᠡ ᠲᠦᠷᠭᠡᠳᠭᠡᠨ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠬᠤᠷᠠᠯ ᠠᠴᠠ᠂ ᠥᠪᠥᠷ ᠮᠣᠩᠭᠤᠯ ᠨᠡᠶᠢᠳᠡᠮ ᠤᠨ ᠬᠡᠷᠡᠭᠯᠡᠭᠡᠨ ᠤ ᠠᠭᠠᠷ ᠤᠨ ᠠᠶᠠᠯᠠᠯ ᠤᠨ ᠠᠵᠤ ᠦᠶᠯᠡᠰ ᠢ ᠬᠥᠭᠵᠢᠭᠦᠯᠬᠦ ᠨᠢ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠢ ᠲᠡᠭᠦᠯᠳᠡᠷᠵᠢᠭᠦᠯᠬᠦ᠂ ᠬᠡᠷᠡᠭᠯᠡᠭᠡ ᠶᠢ ᠠᠬᠢᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠡᠶᠢᠳᠡᠮ ᠤᠨ ᠬᠡᠷᠡᠭᠯᠡᠭᠡᠨ ᠤ ᠨᠢᠰᠭᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢ ᠳᠠᠪᠠᠭᠤᠯᠢᠭ ᠡᠬᠢ ᠪᠠᠶᠠᠯᠢᠭ ᠢ ᠲᠥᠪᠯᠡᠷᠡᠭᠦᠯᠬᠦ᠂ ᠠᠵᠤ ᠦᠢᠯᠡᠰ ᠤᠨ ᠳᠡᠰ ᠳᠡᠪᠰᠢᠬᠦ ᠶᠢ ᠳᠠᠶᠢᠴᠢᠯᠠᠬᠤ ᠬᠦᠴᠦᠲᠡᠶ ᠭᠠᠷᠳᠠᠴᠠ ᠪᠣᠯᠭᠠᠨ᠂ ᠪᠦᠬᠦ ᠣᠷᠣᠨ ᠢ ᠬᠤᠯᠪᠣᠭᠰᠠᠨ ᠨᠡᠶᠢᠳᠡᠮ ᠤᠨ ᠬᠡᠷᠡᠭᠯᠡᠭᠡᠨ ᠤ ᠠᠭᠠᠷ ᠤᠨ ᠠᠶᠠᠯᠠᠯ ᠤᠨ ᠲᠣᠣᠷ ᠰᠦᠯᠵᠢᠶᠡᠨ ᠤ ᠰᠢᠰᠲ᠋ᠧᠮ ᠢ ᠲᠦᠷᠭᠡᠳᠭᠡᠨ ᠪᠠᠶᠢᠭᠤᠯᠬᠤ ᠬᠡᠷᠡᠭᠲᠡᠶ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠳᠣᠪᠣᠶᠢᠯᠭᠠᠵᠤ᠂ ᠲᠥᠷᠥᠯ ᠵᠦᠶᠯ ᠤᠨ ᠭᠠᠵᠠᠷ ᠢ ᠰᠣᠩᠭᠤᠬᠤ᠂ ᠪᠥᠲᠥᠭᠡᠨ ᠪᠠᠶᠢᠭᠤᠯᠬᠤ᠂ ᠡᠵᠡᠩᠨᠡᠬᠦ ᠵᠡᠷᠭᠡ ᠲᠠᠯ᠎ᠠ ᠪᠠᠷ ᠴᠥᠮ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠬᠤ ᠬᠡᠷᠡᠭᠲᠡᠶ᠃ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠲᠡᠭᠦᠯᠳᠡᠷᠵᠢᠭᠦᠯᠵᠦ᠂ ᠪᠦᠬᠦ ᠶᠠᠪᠤᠴᠠ᠂ ᠪᠦᠬᠦ ᠬᠡᠯᠬᠢᠶᠡᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃