ᠵᠤᠬᠢᠶᠠᠭᠴᠢ: ᠴᠠᠭ:2022-04-02 ᠥᠵᠡᠭᠰᠡᠨ : ᠢᠷᠡᠯᠲᠡ: 《ᠥᠪᠥᠷ ᠮᠣᠩᠭᠤᠯ ᠤᠨ ᠡᠳᠦᠷ ᠤᠨ ᠰᠣᠨᠢᠨ》  
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠬᠤᠷᠢᠶ᠎ᠠ ᠬᠤᠷᠠᠯ ᠬᠤᠷᠠᠯᠳᠤᠭᠤᠯᠪᠠ  ᠱᠢ ᠲᠠᠢ ᠹᠧᠩ ᠬᠤᠷᠠᠯ ᠢ ᠡᠷᠬᠢᠯᠡᠵᠦ ᠸᠠᠩ ᠯᠢ ᠰᠢᠶᠠ ᠣᠷᠣᠯᠴᠠᠵᠠᠢ

 

2022  3  ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠬᠤᠷᠢᠶ᠎ᠠ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠬᠤᠷᠢᠶᠠᠨ ᠤ 2021 ᠣᠨ ᠤ ᠠᠵᠢᠯ ᠤᠨ ᠪᠠᠶᠢᠳᠠᠯ ᠪᠣᠯᠤᠨ 2022 ᠣᠨ ᠤ ᠠᠵᠢᠯ ᠤᠨ ᠲᠤᠬᠢᠷᠠᠭᠤᠯᠤᠯᠳᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠬᠤᠷᠢᠶᠠᠨ ᠤ ᠳᠡᠳ᠋ ᠡᠷᠬᠢᠯᠡᠭᠴᠢ ᠸᠠᠩ ᠯᠢ ᠰᠢᠶᠠ᠂ ᠳ᠋ᠢᠩ ᠰᠢᠤ ᠹᠧᠩ᠂ ᠪᠠᠶᠢᠩᠭᠤ ᠶᠢᠨ ᠭᠡᠰᠢᠭᠦᠨ ᠵᠧᠩ ᠬᠤᠩ ᠹᠠᠨ᠂ ᠬᠦᠦᠳᠠᠭᠤᠯᠠ᠂ ᠢᠤᠢ ᠯᠢ ᠰᠢᠨ᠂ ᠾᠧᠩ ᠰᠢᠶᠤᠤ ᠹᠠᠨ᠂ ᠪᠣᠣ ᠰᠢᠶᠠᠨ ᠬᠤᠸᠠ ᠬᠤᠷᠠᠯ ᠳᠤ ᠣᠷᠣᠯᠴᠠᠵᠠᠶ᠃

ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠪᠠ ᠪᠦᠬᠦ ᠲᠠᠯ᠎ᠠ ᠶᠢᠨ ᠦᠨᠳᠦᠷᠴᠡ ᠠᠴᠠ ᠤᠯᠤᠰ ᠤᠨ ᠠᠮᠤᠷ ᠲᠦᠪᠰᠢᠨ ᠤ ᠠᠵᠢᠯ ᠢ ᠬᠢᠨᠠᠨ ᠦᠵᠡᠬᠦ ᠪᠠ ᠠᠬᠢᠭᠤᠯᠵᠤ᠂ ᠣᠳᠣᠬᠠᠨ ᠤ ᠠᠮᠤᠷ ᠲᠦᠪᠰᠢᠨ ᠲᠣᠭᠲᠠᠭᠤᠨ ᠤ ᠪᠠᠶᠢᠳᠠᠯ ᠢ ᠰᠡᠷᠭᠡᠭ ᠢᠶᠠᠷ ᠲᠠᠨᠢᠵᠤ᠂ ᠵᠥᠪ ᠣᠨᠣᠪᠴᠢᠲᠠᠢ ᠪᠠᠷ ᠤᠷᠢᠳᠴᠢᠯᠠᠨ ᠮᠠᠭᠠᠳᠯᠠᠵᠤ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ ᠤᠯᠤᠰ ᠲᠦᠷᠦ ᠶᠢᠨ ᠤᠬᠠᠮᠰᠠᠷ ᠪᠣᠯᠤᠨ ᠠᠮᠤᠷ ᠲᠦᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ ᠮᠠᠷᠲᠠᠬᠤ ᠦᠭᠡᠢ ᠰᠠᠨᠠᠭᠠᠰᠢᠷᠠᠬᠤ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠬᠦᠴᠦᠲᠡᠢ ᠠᠷᠭ᠎ᠠ ᠬᠡᠮᠵᠢᠶ᠎ᠡ ᠠᠪᠴᠤ ᠡᠯ᠎ᠡ ᠲᠠᠯ᠎ᠠ ᠶᠢᠨ ᠠᠵᠢᠯ ᠢ ᠰᠠᠶᠢᠲᠤᠷ ᠬᠢᠵᠦ᠂ ᠡᠭᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠦᠨᠡᠨ ᠬᠦ ᠪᠠᠬᠢᠵᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠠᠮᠤᠷ ᠲᠦᠪᠰᠢᠨ ᠲᠣᠭᠲᠠᠭᠤᠨ ᠣᠷᠴᠢᠨ ᠨᠦᠭᠦᠴᠡᠯ ᠢ ᠪᠤᠢ ᠪᠣᠯᠭᠠᠬᠤ ᠬᠡᠷᠡᠭᠲᠡᠢ᠃ ᠬᠤᠷᠢᠭ᠎ᠠ ᠱᠤᠭᠤᠮ ᠤᠨ ᠰᠡᠳᠭᠢᠬᠦᠢ ᠪᠠᠨ ᠴᠢᠩᠭᠠᠳᠬᠠᠵᠤ᠂ ᠡᠯ᠎ᠡ ᠬᠦᠷᠢᠶᠡᠨ ᠤ ᠬᠦᠨᠳᠦ ᠶᠡᠭᠡ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠵᠤ᠂ ᠰᠠᠭᠤᠷᠢ ᠲᠤᠭ᠎ᠠ ᠶᠢ ᠴᠢᠨᠠᠭᠰᠢᠳᠠ ᠲᠣᠳᠣᠷᠬᠠᠢ ᠣᠶᠢᠯᠠᠭᠠᠵᠤ᠂ ᠪᠠᠶᠢᠳᠠᠯ ᠢ ᠣᠨᠣᠪᠴᠢᠲᠠᠢ ᠡᠵᠡᠮᠳᠡᠵᠦ᠂ ᠠᠷᠭ᠎ᠠ ᠬᠡᠮᠵᠢᠶ᠎ᠡ ᠶᠢ ᠨᠡᠩ ᠰᠢᠨᠵᠢᠯᠡᠬᠦ ᠤᠬᠠᠭᠠᠨᠴᠢ ᠨᠠᠷᠢᠨ ᠨᠢᠭᠲᠠ ᠪᠠᠷ ᠲᠥᠯᠥᠪᠵᠢᠭᠦᠯᠵᠦ᠂ ᠡᠭᠦᠷᠭᠡ ᠶᠢ ᠨᠡᠩ ᠨᠠᠷᠢᠯᠢᠭ ᠣᠨᠣᠪᠴᠢᠲᠠᠢ ᠪᠠᠷ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠢ ᠭᠦᠨᠵᠡᠭᠡᠢ ᠲᠥᠯᠥᠪᠵᠢᠭᠦᠯᠵᠦ᠂ ᠪᠣᠳᠠᠲᠠᠢ ᠠᠳᠬᠤᠵᠤ᠂ ᠨᠠᠷᠢᠯᠢᠭ ᠨᠠᠶᠢᠳᠠᠪᠤᠷᠢᠵᠢᠭᠤᠯᠵᠤ᠂ ᠪᠡᠯᠡᠳᠭᠡᠯ ᠲᠠᠢ ᠳᠠᠶᠢᠯᠠᠯᠳᠤᠭᠠᠨ ᠢ ᠰᠠᠶᠢᠲᠤᠷ ᠬᠢᠵᠦ᠂ ᠪᠠᠶᠢᠯᠳᠤᠬᠤ ᠪᠤᠳᠤᠯᠭ᠎ᠠ ᠶᠢᠨ ᠰᠠᠨᠠᠭᠠᠴᠢᠯᠠᠭᠠᠲᠤ ᠳᠠᠶᠢᠯᠠᠯᠳᠤᠭᠠᠨ ᠢ ᠰᠠᠶᠢᠲᠤᠷ ᠬᠢᠵᠦ᠂ ᠤᠯᠤᠰ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ ᠠᠴᠠ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠡᠷᠡᠰ  ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠯᠤᠰ ᠲᠦᠷᠦ᠂ ᠠᠵᠤ ᠠᠬᠤᠢ ᠂ ᠨᠡᠶᠢᠭᠡᠮ᠂ ᠠᠮᠢ ᠠᠬᠤᠢ᠂ ᠡᠬᠢ ᠪᠠᠶᠠᠯᠢᠭ᠂ ᠰᠦᠯᠵᠢᠶ᠎ᠡ᠂ ᠰᠢᠨᠵᠢᠯᠡᠬᠦ ᠤᠬᠠᠭᠠᠨ ᠮᠡᠷᠭᠡᠵᠢᠯ᠂ ᠠᠮᠢᠳᠤ ᠪᠣᠳᠠᠰ ᠵᠡᠷᠭᠡ ᠬᠦᠷᠢᠶᠡᠨ ᠤ ᠠᠮᠤᠷ ᠲᠦᠪᠰᠢᠨ ᠤ ᠠᠵᠢᠯ ᠢ ᠯᠠᠪᠳᠠᠭᠤᠨ ᠬᠦᠴᠦᠲᠡᠢ ᠰᠠᠶᠢᠲᠤᠷ ᠠᠳᠬᠤᠬᠤ ᠬᠡᠷᠡᠭᠲᠡᠢ᠃ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ᠦᠵᠡᠯ ᠰᠠᠨᠠᠭᠠᠨ ᠤ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠳᠠᠶᠢᠰᠤᠩᠨᠠᠭᠴᠢ ᠬᠦᠴᠦᠨ ᠤ ᠨᠡᠪᠴᠢᠯᠲᠡ ᠬᠢᠬᠦ᠂ ᠡᠪᠳᠡᠯᠡᠭᠡ ᠬᠢᠬᠦ᠂ ᠨᠤᠷᠠᠭᠠᠯᠲᠠ ᠬᠢᠬᠦ᠂ ᠬᠠᠭᠠᠴᠠᠭᠤᠯᠬᠤ ᠠᠵᠢᠯᠯᠠᠭ᠎ᠠ ᠶᠢ ᠡᠷᠡᠰ ᠰᠡᠷᠭᠡᠶᠢᠯᠡᠨ ᠲᠡᠭᠦᠨ ᠳᠤ ᠴᠢᠩᠭ᠎ᠠ ᠴᠣᠬᠢᠯᠲᠠ ᠥᠭᠴᠦ᠂ ᠤᠯᠤᠰ ᠲᠦᠷᠦ ᠶᠢᠨ ᠠᠮᠤᠷ ᠲᠦᠪᠰᠢᠨ ᠢ ᠨᠥᠯᠥᠭᠡᠯᠡᠬᠦ ᠠᠯᠢᠪᠠ ᠠᠶᠤᠯ ᠲᠦᠭᠰᠢᠭᠦᠷᠢ ᠲᠠᠯᠳᠠ ᠭᠡᠮ ᠢ ᠪᠦᠬᠦ ᠬᠦᠴᠦᠨ ᠢᠶᠠᠷ ᠢᠶᠠᠨ ᠠᠷᠢᠯᠭᠠᠵᠤ᠂ ᠬᠡᠷᠡᠭ ᠭᠠᠷᠬᠤ ᠠᠴᠠ ᠡᠮᠦᠨ᠎ᠡ ᠰᠡᠷᠭᠡᠶᠢᠯᠡᠵᠦ᠂ ᠬᠡᠷᠡᠮ ᠨᠤᠷᠠᠬᠤ ᠠᠴᠠ ᠤᠷᠢᠳ ᠵᠠᠰᠠᠬᠤ ᠶᠢ ᠪᠡᠶᠡᠯᠡᠭᠦᠯᠬᠦ ᠬᠡᠷᠡᠭᠲᠡᠢ᠃ ᠠᠵᠤ ᠠᠬᠤᠶ ᠨᠡᠶᠢᠭᠡᠮ ᠤᠨ ᠬᠦᠷᠢᠶᠡᠨ ᠳᠤ ᠣᠷᠣᠰᠢᠵᠤ ᠪᠠᠶᠢᠭ᠎ᠠ ᠠᠶᠤᠯ ᠲᠦᠭᠰᠢᠭᠦᠷᠢ ᠪᠠ ᠥᠷᠢᠰᠥᠯᠳᠦᠭᠡᠨ ᠢ ᠪᠦᠲᠦᠮᠵᠢᠲᠡᠶ ᠠᠷᠭᠠᠴᠠᠭᠠᠵᠤ᠂ ᠠᠵᠢᠯ ᠣᠯᠭᠤᠯᠲᠠ ᠶᠢᠨ ᠢᠳᠡᠪᠬᠢᠲᠡᠶ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠠᠷᠭᠠᠴᠠᠭᠠᠵᠤ᠂ ᠬᠦᠴᠢᠷ ᠢ ᠳᠤᠭᠤᠯᠵᠤ᠂ ᠴᠠᠭ ᠲᠣᠬᠢᠶᠠᠯ ᠢ ᠠᠮᠵᠢᠨ ᠴᠢᠬᠤᠯᠠ ᠶᠡᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠠᠵᠤ ᠦᠶᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠬᠦᠴᠦᠯᠡᠨ ᠬᠠᠮᠠᠭᠠᠯᠠᠵᠤ᠂ ᠮᠥᠩᠭᠦᠨ ᠭᠦᠶᠯᠭᠡᠭᠡ᠂ ᠵᠠᠰᠠᠭ ᠤᠨ ᠣᠷᠳᠣᠨ ᠤ ᠥᠷᠢ ᠥᠭᠴᠡᠭᠡ᠂ ᠬᠡᠷ ᠭᠠᠵᠠᠷ  ᠬᠥᠷᠥᠩᠭᠡ ᠵᠡᠷᠭᠡ ᠬᠦᠷᠢᠶᠡᠨ ᠤ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠵᠦ᠂ ᠠᠵᠤ ᠠᠬᠤᠶ ᠶᠢᠨ ᠠᠮᠤᠷ ᠲᠦᠪᠰᠢᠨ ᠲᠣᠭᠲᠠᠭᠤᠨ ᠡᠷᠭᠢᠯᠲᠡ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠱᠠᠯᠢᠭ ᠵᠠᠪᠬᠠᠶ᠂ ᠵᠣᠭᠤᠰ ᠮᠥᠷᠥᠶᠢᠴᠡᠬᠦ᠂ ᠬᠤᠤᠷ ᠲᠠᠲᠠᠬᠤ᠂ ᠢᠳᠡᠭᠡᠨ ᠤᠮᠳᠠᠭᠠᠨ ᠡᠮ ᠤᠨ ᠵᠦᠢᠯᠡᠰ ᠣᠷᠴᠢᠨ ᠲᠣᠭᠤᠷᠢᠨ ᠤ ᠲᠤᠬᠠᠢ᠂ ᠬᠤᠯᠠᠭᠠᠶᠢᠯᠠᠬᠤ ᠪᠤᠯᠢᠶᠠᠬᠤ ᠮᠡᠬᠡᠯᠡᠬᠦ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠰᠤᠷᠭᠠᠭᠤᠯᠢ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠪᠠ 《ᠴᠠᠬᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠢ ᠡᠰᠡᠷᠭᠦᠴᠡᠬᠦ》 ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠨᠠᠩ ᠥᠨᠳᠥᠷ ᠲᠦᠪᠰᠢᠨ ᠪᠥᠬᠦᠶ ᠠᠮᠤᠭᠤᠯᠠᠩᠲᠤ ᠥᠪᠥᠷ ᠮᠣᠩᠭᠤᠯ ᠢ ᠴᠢᠷᠮᠠᠶᠢᠨ ᠪᠠᠶᠢᠭᠤᠯᠬᠤ ᠬᠡᠷᠡᠭᠲᠡᠶ᠃ ᠣᠯᠠᠨ ᠨᠡᠶᠢᠲᠡ ᠶᠢᠨ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠵᠠᠮ ᠬᠠᠷᠢᠯᠴᠠᠭ᠎ᠠ ᠲᠡᠭᠡᠭᠡᠪᠦᠷᠢ᠂ ᠭᠠᠯ ᠰᠡᠷᠭᠡᠶᠢᠯᠡᠵᠦ ᠭᠠᠯ ᠤᠨᠲᠠᠷᠠᠭᠠᠬᠤ᠂   ᠦᠶᠯᠡᠳᠪᠦᠷᠢᠯᠡᠯ᠂ ᠢᠳᠡᠭᠡᠨ ᠤᠮᠳᠠᠭᠠᠨ ᠡᠮ ᠤᠨ ᠵᠦᠶᠯᠡᠰ ᠵᠡᠷᠭᠡ ᠭᠤᠤᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠭᠰᠠᠭᠠᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠬᠦ᠂ ᠰᠡᠷᠭᠡᠶᠢᠯᠡᠨ ᠠᠷᠢᠯᠭᠠᠬᠤ᠂ ᠬᠠᠤᠯᠢ ᠶᠣᠰᠣᠭᠠᠷ ᠰᠢᠶᠳᠪᠦᠷᠢᠯᠡᠬᠦ ᠲᠣᠭᠲᠠᠴᠠ ᠶᠢ ᠪᠦᠷᠢᠨᠰᠢᠬᠦᠯᠵᠥ᠂ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠣᠯᠠᠨ ᠨᠡᠶᠢᠲᠡ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠲᠤᠤᠷ ᠢ ᠨᠢᠭᠲᠠ ᠪᠥᠭᠡᠳ ᠪᠠᠲᠤ ᠰᠦᠯᠵᠢᠬᠦ ᠬᠡᠷᠡᠭᠲᠡᠶ᠃ ᠨᠡᠶᠢᠭᠡᠮ ᠤᠨ ᠵᠥᠷᠢᠴᠡᠯ ᠢ ᠤᠷᠢᠳᠴᠢᠯᠠᠨ ᠰᠡᠷᠭᠡᠶᠢᠯᠡᠬᠦ ᠪᠠ ᠠᠷᠢᠯᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠤᠬᠠᠮᠰᠠᠷ ᠢ ᠪᠠᠲᠤ ᠪᠤᠢ ᠪᠣᠯᠭᠠᠨ᠂ ᠵᠥᠷᠢᠴᠡᠯ  ᠢ ᠵᠢᠭᠰᠠᠭᠠᠨ ᠪᠠᠶᠢᠴᠠᠭᠠᠵᠤ ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠷᠲᠡ ᠠᠴᠠ ᠠᠳᠬᠤᠨ ᠪᠠᠭ᠎ᠠ ᠠᠴᠠ ᠨᠢ ᠠᠳᠬᠤᠨ ᠢᠯᠡᠷᠡᠬᠦ ᠦᠶ᠎ᠡ ᠠᠴᠠ ᠨᠢ ᠠᠳᠬᠤᠵᠤ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠲᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ ᠠᠴᠠ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠡᠷᠡᠰ ᠰᠠᠶᠢᠲᠤᠷ ᠭᠦᠶᠴᠡᠳᠭᠡᠵᠦ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠷᠢᠭᠤᠴᠠᠯᠭ᠎ᠠ ᠶᠢ ᠪᠣᠳᠠᠲᠠᠶ ᠭᠠᠵᠠᠷ ᠣᠷᠣᠨ᠂ ᠰᠠᠯᠠᠭ᠎ᠠ ᠮᠥᠴᠢᠷ᠂ ᠨᠢᠭᠡᠴᠢ ᠳᠤ ᠪᠣᠳᠠᠲᠠᠢ ᠨᠠᠶᠢᠳᠠᠪᠦᠷᠢᠵᠢᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ ᠱᠠᠭᠠᠷᠳᠠᠯᠭ᠎ᠠ ᠶᠢ ᠬᠦᠷᠢᠶ᠎ᠡ ᠴᠠᠷᠠᠭ᠎ᠠ ᠨᠢᠭᠡᠪᠦᠷᠢ᠂ ᠠᠵᠢᠯ ᠲᠥᠷᠥᠯ ᠨᠢᠭᠡᠪᠦᠷᠢ ᠳᠤ ᠨᠠᠶᠢᠳᠠᠪᠤᠷᠢᠵᠢᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠭᠦᠶᠴᠡᠳᠭᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠶ᠃ ᠭᠤᠣᠯ ᠬᠠᠷᠢᠭᠤᠴᠠᠯᠭᠠᠲᠠᠨ ᠨᠦᠬᠦᠳ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠡᠭᠦᠷᠭᠡᠯᠡᠵᠦ᠂ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠤᠨ ᠠᠮᠤᠷ ᠲᠦᠪᠰᠢᠨ ᠲᠣᠭᠲᠠᠭᠤᠨ ᠢ ᠨᠥᠯᠥᠭᠡᠯᠡᠬᠦ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤᠨᠢ ᠰᠤᠳᠤᠯᠵᠤ᠂ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠬᠤᠷᠢᠶ᠎ᠠ ᠲᠦᠷᠦᠭᠦᠯᠡᠨ ᠶᠡᠷᠦᠩᠬᠡᠢ ᠳᠤᠨᠢ ᠠᠳᠬᠤᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠡᠯ᠎ᠡ ᠲᠠᠯ᠎ᠠ ᠶᠢᠨ ᠡᠬᠢ ᠪᠠᠶᠠᠯᠢᠭ ᠪᠣᠯᠤᠨ ᠬᠦᠴᠦᠨ ᠴᠢᠳᠠᠯ ᠢ ᠭᠦᠢᠴᠡᠳ ᠲᠠᠶᠢᠴᠢᠯᠠᠵᠥ᠂ ᠨᠠᠮ ᠤᠨ ᠬᠤᠷᠢᠶ᠎ᠠ ᠨᠢᠭᠡᠳᠦᠯᠲᠡᠢ ᠲᠥᠯᠥᠪᠵᠢᠭᠦᠯᠦᠨ ᠶᠡᠷᠦᠩᠬᠡᠶᠢᠯᠡᠨ ᠡᠵᠡᠮᠳᠡᠬᠦ᠂ ᠰᠠᠯᠠᠭ᠎ᠠ ᠮᠥᠴᠢᠷ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ᠂ ᠰᠢᠰᠲ᠋ᠧᠮ ᠪᠠ ᠬᠡᠰᠡᠭ ᠢ ᠨᠢᠭᠲᠠ ᠤᠶᠠᠯᠳᠤᠭᠤᠯᠬᠤ᠂ ᠬᠥᠨᠳᠡᠯᠡᠨ ᠭᠤᠯᠳᠤ ᠪᠠᠷ ᠬᠤᠯᠪᠣᠭᠠᠯᠠᠨ ᠠᠬᠢᠭᠤᠯᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃ ᠡᠯ᠎ᠡ ᠪᠦᠷᠢᠯᠳᠦᠬᠦᠨ ᠨᠢᠭᠡᠴᠢ ᠠᠵᠢᠯ ᠢᠶᠠᠨ ᠬᠤᠪᠢᠶᠠᠷᠢᠯᠠᠨ ᠪᠣᠭᠤᠮᠲᠠ ᠰᠠᠬᠢᠵᠤ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠳᠡᠢ ᠮᠥᠷᠲᠡᠭᠡᠨ ᠪᠠᠰᠠ ᠨᠡᠪᠲᠡᠷᠡᠯᠴᠡᠭᠡ ᠪᠠᠨ ᠴᠢᠩᠭᠠᠳᠬᠠᠨ᠂ ᠨᠢᠭᠲᠠ ᠬᠠᠮᠵᠢᠯᠴᠠᠵᠤ᠂ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃ 

 

 

 


   :                    
   :           
备案序号:蒙ICP备05003250号 公安备案15010502000173