ᠵᠤᠬᠢᠶᠠᠭᠴᠢ:
ᠴᠠᠭ:2022-04-08
ᠥᠵᠡᠭᠰᠡᠨ : ℃
ᠢᠷᠡᠯᠲᠡ:
ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠣᠨᠴᠠ ᠬᠦᠴᠢᠷᠳᠡᠯᠲᠡᠢ ᠠᠵᠢᠯ ᠲᠥᠷᠥᠯ ᠳᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠢ ᠴᠢᠨᠠᠷᠲᠠᠢ ᠪᠠᠷ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠠᠵᠢᠯ ᠠᠯᠳᠠᠯᠲᠠ ᠶᠢᠨ ᠳᠠᠭᠠᠳᠬᠠᠯ ᠢᠶᠠᠷ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠶᠢ ᠳᠡᠮᠵᠢᠬᠦ ᠪᠠ ᠪᠣᠯᠪᠠᠰᠤᠷᠠᠯ ᠬᠢᠬᠦ ᠡᠷᠴᠢᠮ ᠢ ᠴᠢᠩᠭᠠᠷᠠᠭᠤᠯᠬᠤ ᠪᠠᠷ ᠲᠣᠭᠲᠠᠪᠠ
ᠵᠣᠭᠤᠰᠤᠨ ᠤ ᠲᠥᠷᠥ ᠶᠢᠨ ᠪᠣᠳᠣᠯᠭ᠎ᠠ ᠶᠢᠨ ᠪᠠᠭᠠᠵᠢ ᠶᠢ ᠴᠠᠭ ᠲᠤᠬᠠᠢ ᠳᠤ ᠨᠢ ᠲᠣᠬᠢᠷᠠᠭᠤᠯᠤᠨ ᠬᠡᠷᠡᠭᠯᠡᠵᠦ᠂ ᠪᠣᠳᠠᠲᠤ ᠴᠣᠭᠴᠠᠲᠤ ᠠᠵᠤ ᠠᠬᠤᠢ ᠶᠢᠨ ᠬᠥᠭᠵᠢᠯᠲᠡ ᠶᠢ ᠨᠠᠩ ᠪᠦᠲᠦᠮᠵᠢᠲᠡᠢ ᠳᠡᠮᠵᠢᠬᠦ ᠪᠠᠷ ᠲᠣᠭᠲᠠᠪᠠ
ᠰᠢᠨᠬᠤᠸᠠ ᠬᠤᠷᠢᠶᠠᠨ ᠤ ᠪᠡᠭᠡᠵᠢᠩ ᠤᠨ 2022 4 ᠳ᠋ᠦ᠋ᠭᠡᠷ ᠰᠠᠷ᠎ᠠ ᠶᠢᠨ 6 ᠤ ᠡᠳᠦᠷ ᠤᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 2022 4 ᠳ᠋ᠦ᠋ᠭᠡᠷ ᠰᠠᠷ᠎ᠠ ᠶᠢᠨ 6 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠣᠨᠴᠠ ᠬᠦᠴᠢᠷᠳᠡᠯᠲᠡᠢ ᠠᠵᠢᠯ ᠲᠥᠷᠥᠯ ᠳᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠢ ᠴᠢᠨᠠᠷᠲᠠᠢ ᠪᠠᠷ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠠᠵᠢᠯ ᠠᠯᠳᠠᠯᠲᠠ ᠶᠢᠨ ᠳᠠᠭᠠᠳᠬᠠᠯ ᠢᠶᠠᠷ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠶᠢ ᠳᠡᠮᠵᠢᠬᠦ ᠪᠠ ᠪᠣᠯᠪᠠᠰᠤᠷᠠᠯ ᠬᠢᠬᠦ ᠡᠷᠴᠢᠮ ᠢ ᠴᠢᠩᠭᠠᠷᠠᠭᠤᠯᠬᠤ ᠪᠠᠷ ᠲᠣᠭᠲᠠᠪᠠ︔ ᠵᠣᠭᠤᠰᠤᠨ ᠤ ᠲᠦᠷᠦ ᠶᠢᠨ ᠪᠣᠳᠣᠯᠭ᠎ᠠ ᠶᠢᠨ ᠪᠠᠭᠠᠵᠢ ᠶᠢ ᠴᠠᠭ ᠲᠤᠬᠠᠢ ᠳᠤ ᠨᠢ ᠲᠣᠬᠢᠷᠠᠭᠤᠯᠤᠨ ᠬᠡᠷᠡᠭᠯᠡᠵᠦ᠂ ᠪᠣᠳᠠᠲᠤ ᠴᠣᠭᠴᠠᠲᠤ ᠠᠵᠤ ᠠᠬᠤᠢ ᠶᠢᠨ ᠬᠥᠭᠵᠢᠯᠲᠡ ᠶᠢ ᠨᠡᠩ ᠪᠦᠲᠦᠮᠵᠢᠲᠡᠶ ᠪᠠᠷ ᠳᠡᠮᠵᠢᠬᠦ ᠪᠠᠷ ᠲᠣᠭᠲᠠᠪᠠ᠃
ᠬᠤᠷᠠᠯ ᠠᠴᠠ ᠵᠢᠭᠠᠬᠤ ᠳᠤ ᠪᠠᠨ᠂ ᠣᠳᠣᠬᠠᠨ ᠳᠤ ᠮᠠᠨ ᠤ ᠤᠯᠤᠰ ᠤᠨ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠤ ᠪᠠᠨ ᠵᠦᠢ ᠵᠣᠬᠢᠰᠲᠠᠢ ᠣᠷᠣᠨ ᠪᠠᠶᠢᠷᠢ ᠳᠤ ᠪᠠᠶᠢᠭ᠎ᠠ ᠪᠣᠯᠪᠠᠴᠤ ᠤᠯᠤᠰ ᠤᠨ ᠳᠣᠲᠣᠭᠠᠳᠤ ᠭᠠᠳᠠᠭᠠᠳᠤ ᠶᠢᠨ ᠣᠷᠴᠢᠨ ᠠᠬᠤᠢ ᠶᠢᠨ ᠪᠤᠳᠤᠯᠢᠶᠠᠨᠲᠤ ᠴᠢᠨᠠᠷ ᠪᠣᠯᠣᠨ ᠲᠣᠭᠲᠠᠭᠤᠨ ᠪᠤᠰᠤ ᠴᠢᠨᠠᠷ ᠬᠡᠴᠡᠭᠦᠳᠡᠵᠦ᠂ ᠵᠠᠷᠢᠮ ᠨᠢ ᠵᠢᠱᠢᠭᠰᠡᠨ ᠠᠴᠠ ᠳᠠᠪᠠᠵᠤ ᠪᠠᠶᠢᠨ᠎ᠠ᠃ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠤᠳᠠᠭᠠᠰᠢᠷᠠᠵᠤ᠂ ᠪᠦᠬᠦ ᠪᠥᠮᠪᠥᠷᠴᠡᠭ ᠤᠨ ᠠᠮᠤ ᠪᠤᠳᠠᠭ᠎ᠠ᠂ ᠡᠨᠧᠷᠭᠢ ᠵᠡᠷᠭᠡ ᠥᠷᠭᠡᠨ ᠬᠡᠷᠡᠭᠴᠡᠭᠡᠨ ᠤ ᠲᠠᠸᠠᠷ ᠤᠨ ᠵᠠᠬ᠎ᠠ ᠳᠡᠯᠭᠡᠭᠦᠷ ᠶᠡᠭᠡ ᠪᠠᠷ ᠬᠡᠯᠪᠡᠯᠵᠡᠵᠦ᠂ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠣᠶᠢᠷ᠎ᠠ ᠬᠤᠭᠤᠴᠠᠭᠠᠨ ᠳᠤ ᠤᠯᠠᠨ ᠭᠠᠵᠠᠷ ᠲᠤ ᠡᠭᠦᠰᠴᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠦᠴᠢᠷᠳᠡᠯ ᠢᠯᠡᠳᠲᠡ ᠨᠡᠮᠡᠭᠳᠡᠵᠦ᠂ ᠠᠵᠤ ᠠᠬᠤᠢ ᠶᠢᠨ ᠣᠷᠴᠢᠯ ᠤᠨ ᠰᠠᠭᠠᠳ ᠦᠭᠡᠢ ᠵᠠᠷᠢᠮ ᠬᠢᠵᠠᠭᠠᠷᠯᠠᠯ ᠳᠤ ᠤᠴᠠᠷᠠᠵᠤ᠂ ᠪᠠᠭᠤᠷᠠᠯᠲᠠ ᠶᠢᠨ ᠰᠢᠨ᠎ᠡ ᠳᠠᠷᠤᠯᠲᠠ ᠤᠯᠠᠮ ᠨᠢᠭᠡ ᠠᠯᠬᠤᠮ ᠨᠡᠮᠡᠭᠳᠡᠵᠦ ᠪᠠᠶᠢᠨ᠎ᠠ᠂ ᠡᠭᠦᠨ ᠳᠤ ᠢᠲᠡᠭᠡᠯ ᠵᠣᠷᠢᠭ ᠢᠶᠠᠨ ᠪᠠᠲᠤᠳᠬᠠᠬᠤ ᠬᠡᠷᠡᠭᠲᠡᠢ ᠮᠥᠷᠲᠡᠭᠡᠨ ᠰᠢᠨ᠎ᠡ ᠠᠰᠠᠭᠤᠳᠠᠯ ᠰᠢᠨ᠎ᠡ ᠥᠷᠢᠰᠦᠯᠳᠦᠭᠡᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠰᠡᠷᠡᠮᠵᠢᠯᠡᠬᠦ ᠬᠡᠷᠡᠭᠲᠡᠢ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ᠂ ᠲᠥᠪ ᠤᠨ ᠠᠵᠤ ᠠᠬᠤᠢ ᠶᠢᠨ ᠠᠵᠢᠯ ᠤᠨ ᠵᠣᠷᠢᠭ ᠰᠠᠨᠠᠭ᠎ᠠ ᠪᠠ 《ᠵᠠᠰᠠᠭ ᠤᠨ ᠣᠷᠳᠣᠨ ᠤ ᠠᠵᠢᠯ ᠤᠨ ᠢᠯᠡᠳᠬᠡᠯ》 ᠤᠨ ᠠᠷᠭ᠎ᠠ ᠬᠡᠮᠵᠢᠶ᠎ᠡ ᠶᠢ ᠱᠠᠯᠠᠪᠳᠠᠨ ᠨᠠᠶᠢᠳᠠᠪᠤᠷᠢᠵᠢᠭᠤᠯᠵᠤ᠂ ᠵᠠᠷᠢᠮ ᠢ ᠨᠢ ᠤᠷᠢᠳᠴᠢᠯᠠᠨ ᠬᠡᠷᠡᠭᠵᠢᠭᠦᠯᠵᠦ ᠪᠣᠯᠣᠨ᠎ᠠ᠃ ᠨᠡᠮᠡᠭᠳᠡᠯ ᠢ ᠲᠣᠭᠲᠠᠪᠤᠷᠢᠵᠢᠭᠤᠯᠬᠤ ᠶᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ ᠲᠣᠬᠢᠷᠠᠭᠤᠯᠬᠤ᠂ ᠥᠭᠡᠷᠡᠴᠢᠯᠡᠯᠲᠡ ᠶᠢ ᠠᠬᠢᠭᠤᠯᠬᠤ ᠶᠢ ᠨᠢᠭᠡᠳᠦᠯᠲᠡᠢ ᠲᠥᠯᠥᠪᠯᠡᠵᠦ᠂ ᠬᠤᠷᠸ᠎ᠠ ᠠᠵᠤ ᠠᠬᠤᠢ ᠶᠢᠨ ᠶᠡᠭᠡ ᠪᠠᠶᠢᠳᠠᠯ ᠢ ᠦᠨᠡᠨ ᠬᠦ ᠲᠣᠭᠲᠠᠪᠤᠷᠢᠵᠢᠭᠤᠯᠤᠨ᠎ᠠ᠃ ᠠᠵᠤ ᠠᠬᠤᠢ ᠶᠢᠨ ᠠᠵᠢᠯᠯᠠᠭᠠᠨ ᠢ ᠵᠦᠢ ᠵᠣᠬᠢᠰᠲᠠᠢ ᠣᠷᠣᠨ ᠪᠠᠶᠢᠷᠢ ᠳᠤ ᠪᠠᠶᠢᠯᠭᠠᠬᠤ ᠶᠢ ᠪᠠᠲᠤᠯᠠᠬᠤ ᠳᠤ ᠭᠤᠣᠯᠳᠠᠭᠤ ᠠᠵᠢᠯ ᠣᠯᠭᠤᠬᠤ ᠪᠠ ᠪᠠᠷᠠᠭᠠᠨ ᠤ ᠦᠨ᠎ᠡ ᠶᠢ ᠦᠨᠳᠦᠰᠦᠨ ᠳᠤ ᠪᠠᠨ ᠲᠣᠭᠲᠠᠭᠤᠨ ᠪᠠᠶᠢᠯᠭᠠᠬᠤ ᠶᠢ ᠪᠡᠶᠡᠯᠡᠭᠦᠯᠦᠨ᠎ᠡ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠲᠣᠭᠲᠠᠪᠤᠷᠢᠵᠢᠭᠤᠯᠬᠤ ᠪᠠᠷ ᠳᠠᠮᠵᠢᠭᠤᠯᠤᠨ ᠠᠵᠢᠯ ᠣᠯᠭᠤᠯᠲᠠ ᠶᠢ ᠪᠠᠲᠤᠯᠠᠵᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠯᠡᠨ ᠪᠠᠷᠠᠭᠠᠨ ᠤ ᠭᠦᠢᠯᠭᠡᠭᠡᠨ ᠤ ᠰᠠᠭᠠᠳ ᠦᠭᠡᠢ ᠨᠡᠪᠲᠡᠷᠡᠬᠦ ᠪᠠ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠠᠶᠢᠬᠤ ᠶᠢ ᠪᠠᠲᠤᠯᠠᠵᠤ᠂ ᠠᠮᠤ ᠪᠤᠳᠠᠭ᠎ᠠ ᠪᠠ ᠡᠨᠧᠷᠭᠢ ᠶᠢᠨ ᠠᠮᠤᠷ ᠲᠦᠪᠰᠢᠨ ᠢ ᠪᠠᠲᠤᠯᠠᠨ᠎ᠠ᠃ ᠡᠯ᠎ᠡ ᠰᠠᠯᠠᠭ᠎ᠠ ᠮᠥᠴᠢᠷ ᠶᠡᠭᠡ ᠲᠠᠯ᠎ᠠ ᠶᠢ ᠪᠣᠳᠣᠯᠬᠢᠯᠠᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠨᠢᠭᠡᠨᠲᠡ ᠲᠣᠭᠲᠠᠭᠠᠭᠰᠠᠨ ᠲᠦᠷᠦ ᠶᠢᠨ ᠪᠣᠳᠣᠯᠭ᠎ᠠ ᠶᠢ ᠱᠠᠯᠠᠪᠳᠠᠨ ᠨᠠᠶᠢᠳᠠᠪᠤᠷᠢᠵᠢᠭᠤᠯᠬᠤ ᠶᠢᠨ ᠬᠠᠮᠲᠤ᠂ ᠪᠠᠶᠢᠳᠠᠯ ᠤᠨ ᠬᠤᠪᠢᠷᠠᠯᠲᠠ ᠳᠤ ᠴᠢᠭᠯᠡᠭᠦᠯᠦᠨ ᠲᠦᠷᠦ ᠶᠢᠨ ᠪᠣᠳᠣᠯᠭ᠎ᠠ ᠶᠢᠨ ᠪᠡᠯᠡᠳᠬᠡᠯ ᠲᠥᠰᠥᠯ ᠢ ᠱᠠᠯᠠᠪᠳᠠᠨ ᠰᠤᠳᠤᠯᠵᠤ᠂ ᠵᠠᠬ᠎ᠠ ᠳᠡᠯᠭᠡᠭᠦᠷ ᠤᠨ ᠵᠢᠱᠢᠯᠲᠡ ᠶᠢᠨ ᠲᠣᠭᠲᠠᠭᠤᠨ ᠪᠠᠶᠢᠳᠠᠯ ᠳᠤ ᠠᠰᠢᠭᠲᠠᠢ ᠠᠷᠭ᠎ᠠ ᠬᠡᠮᠵᠢᠶ᠎ᠡ ᠶᠢ ᠴᠠᠭ ᠲᠤᠬᠠᠢ ᠳᠤ ᠨᠢ ᠲᠣᠭᠲᠠᠭᠠᠬᠤ ᠬᠡᠷᠡᠭᠲᠡᠢ᠃ ᠡᠯ᠎ᠡ ᠭᠠᠵᠠᠷ ᠣᠷᠣᠨ ᠪᠠᠰᠠ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠭᠡᠷ ᠤᠨ ᠲᠦᠷᠢᠶᠡᠰᠦ ᠶᠢ ᠬᠠᠰᠤᠵᠤ ᠬᠡᠯᠲᠦᠷᠢᠭᠦᠯᠬᠦ ᠵᠡᠷᠭᠡ ᠪᠣᠳᠠᠲᠠᠢ ᠶᠢ ᠡᠷᠬᠢᠮᠯᠡᠭᠰᠡᠨ ᠪᠦᠲᠦᠮᠵᠢᠲᠡᠶ ᠠᠷᠭ᠎ᠠ ᠬᠡᠮᠵᠢᠶ᠎ᠡ ᠠᠪᠬᠤ ᠬᠡᠷᠡᠭᠲᠡᠢ ᠭᠡᠵᠡᠢ᠃
ᠬᠤᠷᠠᠯ ᠠᠴᠠ ᠵᠢᠭᠠᠬᠤ ᠳᠤ ᠪᠠᠨ᠂ ᠣᠳᠣᠬᠠᠨ ᠳᠤ ᠵᠠᠷᠢᠮ ᠵᠠᠬ᠎ᠠ ᠳᠡᠯᠭᠡᠭᠦᠷ ᠤᠨ ᠭᠤᠣᠯ ᠴᠣᠭᠴᠠ ᠬᠦᠨᠳᠦ ᠨᠣᠴᠢᠲᠠᠢ ᠳᠠᠭᠠᠷᠢᠯᠲᠠ ᠳᠤ ᠤᠴᠠᠷᠠᠵᠤ᠂ ᠵᠠᠷᠢᠮ ᠨᠢ ᠴᠢᠨᠠᠭᠰᠢᠯᠠᠭᠠᠳ ᠦᠢᠯᠡᠳᠪᠦᠷᠢᠯᠡᠯ ᠢᠶᠠᠨ ᠵᠣᠭᠰᠣᠭᠠᠵᠤ ᠠᠵᠢᠯ ᠢᠶᠠᠨ ᠵᠣᠭᠰᠣᠭᠠᠵᠤ ᠪᠠᠶᠢᠨ᠎ᠠ᠃ ᠡᠶᠢᠮᠦ ᠠᠴᠠ ᠡᠷᠬᠡᠪᠰᠢ ᠲᠣᠪᠣᠶᠢᠮ᠎ᠠ ᠬᠦᠴᠢᠷᠳᠡᠯ ᠳᠤ ᠴᠢᠭᠯᠡᠭᠦᠯᠦᠨ ᠬᠦᠴᠢᠷᠳᠡᠯ ᠢ ᠰᠢᠢᠳᠪᠦᠷᠢᠯᠡᠬᠦ ᠪᠠ ᠠᠵᠢᠯ ᠣᠯᠭᠤᠯᠲᠠ ᠶᠢᠨ ᠦᠨᠳᠦᠰᠦᠨ ᠵᠦᠢᠯ ᠢ ᠪᠠᠲᠤᠯᠠᠬᠤ ᠵᠡᠷᠭᠡ ᠶᠢᠨ ᠡᠷᠴᠢᠮ ᠢ ᠴᠢᠩᠭᠠᠷᠠᠭᠤᠯᠬᠤ ᠬᠡᠷᠡᠭᠲᠡᠢ᠃ ᠨᠢᠭᠡ ᠳᠤ᠂ ᠢᠳᠡᠭᠡᠨ ᠤᠮᠳᠠᠭᠠᠨ᠂ ᠵᠢᠵᠢᠭᠯᠡᠨ ᠬᠤᠳᠠᠯᠳᠤᠬᠤ᠂ ᠠᠶᠠᠯᠠᠯ ᠂ ᠠᠷᠠᠳ ᠤᠨ ᠠᠭᠠᠷ ᠤᠨ ᠲᠡᠭᠡᠭᠡᠪᠦᠷᠢ᠂ ᠵᠠᠰᠠᠮᠠᠯ ᠵᠠᠮ ᠤᠰᠤᠨ ᠵᠠᠮ ᠲᠡᠮᠦᠷ ᠵᠠᠮ ᠤᠨ ᠲᠡᠭᠡᠭᠡᠪᠦᠷᠢ ᠵᠡᠷᠭᠡ ᠣᠨᠴᠠ ᠬᠦᠴᠢᠷᠳᠡᠯ ᠲᠠᠢ ᠠᠵᠢᠯ ᠲᠥᠷᠥᠯ ᠳᠤ᠂ ᠡᠨᠡ ᠵᠢᠯ ᠤᠨ ᠬᠤᠶᠠᠳᠤᠭᠠᠷ ᠤᠯᠠᠷᠢᠯ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠢ ᠲᠦᠷ ᠬᠤᠶᠢᠰᠢᠯᠠᠭᠤᠯᠤᠨ ᠲᠤᠰᠢᠶᠠᠬᠤ ᠶᠢ ᠬᠡᠷᠡᠭᠵᠢᠭᠦᠯᠬᠦ ᠶᠢᠨ ᠬᠠᠮᠲᠤ ᠨᠢᠭᠡᠨᠲᠡ ᠬᠡᠷᠡᠭᠵᠢᠭᠦᠯᠦᠭᠰᠡᠨ ᠠᠵᠢᠯ ᠠᠯᠳᠠᠯᠲᠠ ᠪᠠ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠵᠠᠷᠤᠳᠠᠯ ᠢ ᠴᠢᠨᠠᠷᠲᠠᠢ ᠪᠠᠷ ᠬᠤᠶᠢᠰᠢᠯᠠᠭᠤᠯᠤᠨ ᠲᠤᠰᠢᠶᠠᠬᠤ ᠲᠦᠷᠦ ᠶᠢᠨ ᠪᠣᠳᠣᠯᠭ᠎ᠠ ᠶᠢᠨ ᠬᠡᠪᠴᠢᠶ᠎ᠡ ᠶᠢ ᠢᠳᠡᠭᠡᠨ ᠤᠮᠳᠠᠭᠠᠨ᠂ ᠵᠢᠵᠢᠭᠯᠡᠨ ᠬᠤᠳᠠᠯᠳᠤᠬᠤ᠂ ᠵᠢᠭᠤᠯᠴᠢᠯᠠᠯ ᠤᠨ ᠦᠢᠯᠡᠰ ᠠᠴᠠ ᠳᠡᠭᠡᠷ᠎ᠡ ᠳᠤᠷᠠᠳᠤᠭᠰᠠᠨ 5 ᠠᠵᠢᠯ ᠲᠦᠷᠦᠯ ᠳᠤ ᠬᠦᠷᠲᠡᠯ᠎ᠡ ᠥᠷᠭᠡᠳᠬᠡᠵᠦ᠂ ᠡᠳᠡᠭᠡᠷ ᠠᠵᠢᠯ ᠲᠦᠷᠦᠯ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠪᠡᠯᠡ ᠮᠥᠩᠭᠦᠨ ᠤ ᠳᠠᠷᠤᠯᠲᠠ ᠶᠢ ᠬᠥᠩᠭᠡᠷᠡᠭᠦᠯᠦᠨ᠎ᠡ᠃ ᠬᠤᠶᠠᠷ ᠲᠤ᠂ ᠠᠵᠢᠯ ᠠᠯᠳᠠᠯᠲᠠ ᠶᠢᠨ ᠳᠠᠭᠠᠳᠬᠠᠯ ᠤᠨ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠶᠢ ᠴᠢᠨᠠᠷᠲᠠᠢ ᠪᠠᠷ ᠥᠷᠭᠡᠳᠬᠡᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠡᠨᠡ ᠵᠢᠯ ᠤᠨ ᠡᠴᠦᠰ ᠠᠴᠠ ᠡᠮᠦᠨ᠎ᠡ ᠳᠠᠭᠠᠳᠬᠠᠯ ᠳᠤ ᠣᠷᠣᠯᠴᠠᠭᠰᠠᠨ ᠠᠵᠢᠯ ᠠᠯᠳᠠᠭᠰᠠᠳ ᠲᠤ ᠠᠵᠢᠯ ᠠᠯᠳᠠᠯᠲᠠ ᠶᠢᠨ ᠨᠥᠬᠦᠪᠦᠷᠢ ᠮᠥᠩᠭᠦ ᠶᠢ ᠦᠷᠭᠦᠯᠵᠢᠯᠡᠨ ᠣᠯᠭᠤᠵᠤ᠂ ᠳᠠᠭᠠᠳᠬᠠᠯ ᠳᠤ ᠣᠷᠣᠯᠴᠠᠭᠰᠠᠨ ᠠᠵᠢᠯ ᠠᠯᠳᠠᠭᠰᠠᠨ ᠲᠦᠷ ᠴᠠᠭ ᠤᠨ ᠠᠮᠢᠳᠤᠷᠠᠯ ᠤᠨ ᠨᠥᠬᠦᠪᠦᠷᠢ ᠣᠯᠭᠤᠨ᠎ᠠ᠃ ᠭᠤᠷᠪᠠ ᠳᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠵᠢᠯ ᠠᠯᠳᠠᠯᠲᠠ ᠶᠢᠨ ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠬᠠᠷᠢᠴᠠᠯ ᠢ ᠳᠡᠭᠡᠭᠰᠢᠯᠡᠭᠦᠯᠵᠦ᠂ ᠨᠥᠬᠦᠴᠡᠯ ᠳᠤ ᠨᠡᠶᠢᠴᠡᠬᠦ ᠭᠠᠵᠠᠷ ᠣᠷᠣᠨ ᠤ ᠬᠢᠨ 60% ᠠᠴᠠ ᠬᠠᠮᠤᠭ ᠤᠨ ᠥᠨᠳᠥᠷ ᠲᠤ ᠪᠠᠨ 90% ᠪᠣᠯᠲᠠᠯ᠎ᠠ ᠳᠡᠭᠡᠭᠰᠢᠯᠡᠭᠦᠯᠵᠦ ᠪᠣᠯᠣᠨ᠎ᠠ︔ ᠣᠷᠣᠨ ᠨᠤᠲᠤᠭ ᠠᠴᠠ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦᠨ ᠤ 4% ᠶᠢᠨ ᠦᠯᠡᠳᠡᠪᠦᠷᠢ ᠪᠠᠨ ᠭᠠᠷᠭᠠᠵᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠳᠤ ᠬᠡᠷᠡᠭᠯᠡᠬᠦ ᠶᠢ ᠵᠥᠪᠰᠢᠶᠡᠷᠡᠬᠦ ᠶᠢᠨ ᠬᠠᠮᠲᠤ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ᠂ ᠲᠦᠷ ᠴᠠᠭ ᠬᠡᠪ ᠤᠨ ᠶᠣᠰᠣᠭᠠᠷ ᠡᠵᠡᠩᠨᠡᠵᠦ ᠳᠡᠶᠢᠯᠬᠦ ᠦᠭᠡᠢ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠨᠢᠭᠡ ᠯᠡ ᠤᠳᠠᠭ᠎ᠠ ᠶᠢᠨ ᠴᠢᠨᠠᠷᠲᠠᠢ ᠠᠵᠢᠯ ᠦᠯᠡᠳᠡᠭᠡᠬᠦ ᠪᠣᠯᠪᠠᠰᠤᠷᠠᠯ ᠤᠨ ᠨᠥᠬᠦᠪᠦᠷᠢ ᠣᠯᠭᠤᠨ᠎ᠠ ᠭᠡᠵᠡᠢ᠃
ᠬᠤᠷᠠᠯ ᠠᠴᠠ ᠵᠢᠭᠠᠬᠤ ᠳᠤ ᠪᠠᠨ᠂ ᠲᠠᠬᠢᠨ ᠵᠢᠭᠡᠯᠡᠯᠭᠡ ᠵᠡᠷᠭᠡ ᠤᠯᠠᠨ ᠵᠦᠢᠯ ᠤᠨ ᠵᠣᠭᠤᠰᠤᠨ ᠤ ᠲᠦᠷᠦ ᠶᠢᠨ ᠪᠣᠳᠣᠯᠭ᠎ᠠ ᠶᠢᠨ ᠪᠠᠭᠠᠵᠢ ᠶᠢ ᠴᠠᠭ ᠲᠤᠬᠠᠢ ᠳᠤ ᠨᠢ ᠲᠣᠬᠢᠷᠠᠭᠤᠯᠤᠨ ᠠᠮᠢᠳᠤᠯᠢᠭ ᠢᠶᠠᠷ ᠬᠡᠷᠡᠭᠯᠡᠵᠦ᠂ ᠶᠡᠷᠦᠩᠬᠡᠢ ᠬᠡᠮᠵᠢᠶ᠎ᠡ ᠪᠣᠯᠣᠨ ᠪᠦᠲᠦᠴᠡ ᠶᠢᠨ ᠳᠠᠪᠬᠤᠷ ᠴᠢᠳᠠᠮᠵᠢ ᠶᠢ ᠨᠡᠩ ᠰᠠᠶᠢᠨ ᠪᠠᠳᠠᠷᠠᠭᠤᠯᠵᠤ᠂ ᠪᠣᠳᠠᠲᠤ ᠴᠣᠭᠴᠠᠲᠤ ᠠᠵᠤ ᠠᠬᠤᠢ ᠳᠤ ᠦᠵᠡᠭᠦᠯᠬᠦ ᠳᠡᠮᠵᠢᠯᠭᠡ ᠪᠠᠨ ᠨᠡᠮᠡᠭᠳᠡᠭᠦᠯᠬᠦ ᠬᠡᠷᠡᠭᠲᠡᠢ᠃ ᠨᠢᠭᠡ ᠳᠤ᠂ ᠵᠣᠭᠤᠰᠤᠨ ᠤ ᠲᠣᠭᠲᠠᠪᠤᠷᠢᠲᠠᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠭᠦᠢᠯᠭᠡᠭᠡᠨ ᠤ ᠴᠢᠨᠠᠷ ᠢ ᠵᠦᠢ ᠵᠣᠬᠢᠰᠲᠠᠢ ᠪᠥᠭᠡᠳ ᠭᠦᠢᠴᠡᠳ ᠪᠠᠶᠢᠯᠭᠠᠬᠤ ᠶᠢ ᠪᠠᠲᠤᠯᠠᠨ᠎ᠠ᠃ ᠲᠠᠷᠢᠶᠠᠯᠠᠩ ᠢ ᠳᠡᠮᠵᠢᠬᠦ ᠵᠢᠵᠢᠭ ᠠᠵᠤ ᠠᠬᠤᠶᠢᠯᠠᠯ ᠢ ᠳᠡᠮᠵᠢᠬᠦ ᠲᠠᠬᠢᠨ ᠵᠢᠭᠡᠯᠡᠯᠭᠡ ᠶᠢ ᠨᠡᠮᠡᠭᠳᠡᠭᠦᠯᠵᠦ᠂ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠵᠢᠭᠡᠯᠡᠯᠭᠡ ᠶᠢᠨ ᠳᠡᠮᠵᠢᠯᠭᠡ ᠶᠢᠨ ᠪᠠᠭᠠᠵᠢ ᠶᠢ ᠰᠠᠶᠢᠲᠤᠷ ᠬᠡᠷᠡᠭᠯᠡᠨ᠂ ᠵᠠᠬ᠎ᠠ ᠳᠡᠯᠭᠡᠭᠦᠷᠴᠢᠯᠡᠬᠦ᠂ ᠬᠠᠤᠯᠢ ᠪᠠᠷ ᠵᠠᠰᠠᠬᠤ ᠠᠷᠭ᠎ᠠ ᠪᠠᠷ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠣᠳᠠᠲᠤ ᠴᠣᠭᠴᠠᠲᠤ ᠠᠵᠤ ᠠᠬᠤᠢ ᠳᠤ ᠵᠦᠢ ᠵᠣᠬᠢᠰᠲᠠᠢ ᠪᠠᠷ ᠠᠰᠢᠭ ᠣᠯᠭᠤᠬᠤ ᠶᠢ ᠠᠬᠢᠭᠤᠯᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠬᠡᠮᠵᠢᠶ᠎ᠡ ᠪᠠᠨ ᠨᠡᠮᠡᠭᠳᠡᠭᠦᠯᠬᠦ᠂ ᠬᠡᠪᠴᠢᠶ᠎ᠡ ᠪᠠᠨ ᠥᠷᠭᠡᠳᠬᠡᠬᠦ᠂ ᠦᠨ᠎ᠡ ᠶᠢ ᠪᠠᠭᠤᠷᠠᠭᠤᠯᠬᠤ ᠶᠢ ᠠᠬᠢᠭᠤᠯᠤᠨ᠎ᠠ᠃ ᠬᠤᠶᠠᠷ ᠲᠤ᠂ ᠮᠥᠩᠭᠦᠨ ᠭᠦᠢᠯᠭᠡᠭᠡᠨ ᠢᠶᠠᠷ ᠬᠡᠷᠡᠭᠯᠡᠭᠡ ᠶᠢ ᠳᠡᠮᠵᠢᠬᠦ ᠪᠠ ᠪᠦᠲᠦᠮᠵᠢᠲᠡᠶ ᠪᠡᠯᠡ ᠣᠷᠣᠭᠤᠯᠬᠤ ᠠᠷᠭ᠎ᠠ ᠬᠡᠮᠵᠢᠶ᠎ᠡ ᠶᠢ ᠰᠤᠳᠤᠯᠤᠨ ᠬᠡᠷᠡᠭᠯᠡᠵᠦ᠂ ᠬᠤᠳᠠ ᠶᠢᠨ ᠰᠢᠨ᠎ᠡ ᠠᠷᠠᠳ ᠲᠤ ᠵᠣᠷᠢᠭᠤᠯᠤᠭᠰᠠᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠰᠢᠯᠢᠳᠡᠭᠵᠢᠭᠦᠯᠵᠦ᠂ ᠭᠤᠣᠯᠳᠠᠯᠭ᠎ᠠ ᠲᠠᠢ ᠵᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠪᠡᠯᠡ ᠲᠣᠬᠢᠷᠠᠭᠤᠯᠬᠤ ᠬᠡᠷᠡᠭᠴᠡᠭᠡ ᠶᠢ ᠪᠠᠲᠤᠯᠠᠵᠤ᠂ ᠦᠢᠯᠡᠳᠬᠡᠯ ᠤᠨ ᠦᠢᠯᠡᠰ ᠤᠨ ᠤᠷᠳᠤ ᠬᠤᠭᠤᠴᠠᠭᠠᠨ ᠤ ᠵᠢᠭᠡᠯᠡᠯᠭᠡ ᠶᠢᠨ ᠨᠡᠯᠢᠶᠡᠳ ᠲᠦᠷᠭᠡᠨ ᠨᠡᠮᠡᠭᠳᠡᠬᠦ ᠶᠢ ᠠᠬᠢᠭᠤᠯᠤᠨ᠎ᠠ᠃ ᠭᠤᠷᠪᠠ ᠳᠤ᠂ ᠭᠤᠣᠯᠳᠠᠯᠭ᠎ᠠ ᠲᠠᠢ ᠬᠦᠷᠢᠶ᠎ᠡ ᠪᠣᠯᠣᠨ ᠪᠠᠭᠤᠷᠠᠢ ᠭᠤᠭᠴᠤᠭ᠎ᠠ ᠶᠢᠨ ᠪᠡᠯᠡ ᠬᠤᠷᠠᠮᠳᠤᠭᠤᠯᠬᠤ ᠶᠢ ᠳᠡᠮᠵᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠪᠠ ᠲᠦᠭᠡᠮᠡᠯ ᠬᠠᠷᠠᠭᠠᠯᠵᠠᠯᠲᠤ ᠨᠠᠰᠤᠵᠢᠯ ᠤᠨ ᠠᠰᠠᠷᠠᠮᠵᠢ ᠶᠢᠨ ᠬᠤᠶᠠᠷ ᠲᠤᠰᠬᠠᠢ ᠲᠦᠷᠦᠯ ᠤᠨ ᠲᠠᠬᠢᠨ ᠵᠢᠭᠡᠯᠡᠯᠭᠡ ᠶᠢ ᠪᠠᠶᠢᠭᠤᠯᠵᠤ᠂ ᠠᠷᠠᠳ ᠤᠨ ᠪᠠᠩᠬᠢ ᠠᠴᠠ ᠲᠤᠰ ᠲᠤᠰ ᠵᠢᠭᠡᠯᠡᠯᠭᠡ ᠶᠢᠨ ᠡᠬᠡ ᠮᠥᠩᠭᠦ ᠳᠤ 60%᠂ 100% ᠶᠢᠨ ᠲᠠᠬᠢᠨ ᠵᠢᠭᠡᠯᠡᠯᠭᠡ ᠶᠢᠨ ᠳᠡᠮᠵᠢᠯᠭᠡ ᠬᠠᠩᠭᠠᠨ᠎ᠠ᠃ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠪᠠᠷ ᠳᠤᠮᠳᠠ ᠵᠢᠵᠢᠭ ᠪᠠᠩᠬᠢ ᠶᠢᠨ ᠬᠥᠷᠥᠩᠭᠡ ᠶᠢ ᠨᠥᠬᠦᠪᠦᠷᠢᠯᠡᠬᠦ ᠵᠡᠷᠭᠡ ᠠᠵᠢᠯ ᠢ ᠰᠠᠶᠢᠲᠤᠷ ᠬᠢᠵᠦ᠂ ᠪᠠᠩᠬᠢ ᠶᠢᠨ ᠢᠲᠡᠭᠡᠮᠵᠢᠲᠦ ᠵᠢᠭᠡᠯᠡᠯᠭᠡ ᠶᠢᠨ ᠴᠢᠳᠠᠪᠤᠷᠢ ᠶᠢ ᠨᠡᠮᠡᠭᠳᠡᠭᠦᠯᠦᠨ᠎ᠡ ᠭᠡᠵᠡᠢ᠃