ᠵᠤᠬᠢᠶᠠᠭᠴᠢ: ᠴᠠᠭ:2022-04-08 ᠥᠵᠡᠭᠰᠡᠨ : ᠢᠷᠡᠯᠲᠡ: 《ᠥᠪᠥᠷ ᠮᠣᠩᠭᠤᠯ ᠤᠨ ᠡᠳᠦᠷ ᠤᠨ ᠰᠣᠨᠢᠨ》  
ᠥᠪᠡᠷᠲᠡᠭᠡᠨ ᠵᠠᠰᠠᠬᠤ ᠣᠷᠣᠨ ᠦᠶᠯᠡᠴᠢᠯᠡᠭᠡᠨ ᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠡᠭᠡ ᠬᠤᠷᠠᠯ ᠬᠤᠷᠠᠯᠳᠤᠭᠤᠯᠪᠠ  ︽ᠶᠢᠰᠦᠨ ᠵᠦᠢᠯ ᠤᠨ ᠠᠵᠢᠯ︾ ᠢ ᠳᠤᠪᠤᠶᠢᠮ᠎ᠠ ᠰᠠᠶᠢᠲᠤᠷ ᠬᠢᠵᠦ ᠦᠢᠯᠡᠴᠢᠯᠡᠭᠡᠨ ᠤ ᠦᠢᠯᠡᠰ ᠤᠨ ᠬᠡᠪᠴᠢᠶ᠎ᠡ ᠶᠢ ᠦᠷᠬᠡᠳᠬᠡᠵᠥ ᠪᠦᠲᠦᠴᠡ ᠶᠢ ᠲᠤᠬᠢᠷᠠᠭᠤᠯᠵᠤ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ  ᠸᠠᠩ ᠯᠢ ᠰᠢᠶᠠ ᠶᠠᠷᠢᠶ᠎ᠠ ᠲᠠᠯᠪᠢᠵᠠᠢ

 

2022  4 ᠳ᠋ᠦ᠋ᠭᠡᠷ ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠦᠶᠯᠡᠴᠢᠯᠡᠭᠡᠨ ᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠡᠭᠡ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠦᠶᠯᠡᠴᠢᠯᠡᠭᠡᠨ ᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠴᠢᠬᠤᠯᠠ ᠥᠭᠦᠯᠡᠯᠲᠡ ᠪᠣᠯᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ  ᠂ ᠦᠶᠯᠡᠴᠢᠯᠡᠭᠡᠨ ᠤ ᠦᠶᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠵᠤ᠂ ᠪᠦᠬᠦ ᠣᠷᠣᠨ ᠤ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠪᠠ᠃

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠢ ᠡᠷᠭᠢᠯᠡᠪᠡ᠃

ᠬᠤᠷᠠᠯ ᠳᠡᠭᠡᠷ᠎ᠡ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠶᠯᠡᠴᠢᠯᠡᠭᠡᠨ ᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠥᠰᠦᠯ ︵2022 ᠣᠨ ᠤ ᠬᠡᠪᠯᠡᠯ︶》《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠡ ᠶᠢ ᠠᠬᠢᠭᠤᠯᠬᠤ 2022 ᠣᠨ ᠤ ᠠᠵᠢᠯᠯᠠᠭᠠᠨ ᠤ ᠲᠥᠰᠦᠯ》《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠳᠤᠷᠠᠯ ᠤᠨ ᠴᠢᠨᠠᠷᠲᠠᠶ ᠦᠶᠯᠡᠴᠢᠯᠡᠭᠡᠨ ᠤ ᠦᠶᠯᠡᠰ ᠤᠨ ᠳᠤᠲᠠᠭᠤᠳᠠᠯ ᠢ ᠨᠥᠬᠦᠪᠥᠷᠢᠯᠡᠵᠦ ᠬᠢᠷᠢ ᠲᠦᠪᠰᠢᠨ ᠢ ᠳᠡᠭᠡᠭᠰᠢᠯᠡᠭᠦᠯᠬᠦ ᠶᠢ ᠠᠬᠢᠭᠤᠯᠵᠤ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭᠠᠨ ᠤ ᠲᠥᠰᠦᠯ》《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠶᠯᠡᠴᠢᠯᠡᠭᠡᠨ ᠤ ᠦᠶᠯᠡᠰ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ》《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠭ᠎ᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ》 ᠵᠡᠷᠭᠡ ᠲᠥᠰᠦᠯ ᠪᠠ ᠲᠥᠷᠥ ᠶᠢᠨ ᠪᠣᠳᠣᠯᠭ᠎ᠠ ᠶᠢ ᠨᠡᠶᠢᠲᠡᠯᠡᠪᠡ᠃

ᠸᠠᠩ ᠯᠢ ᠰᠢᠶᠠ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠳᠤᠬᠠᠢ ᠤᠯᠠᠨ ᠤᠳᠠᠭ᠎ᠠ ᠴᠢᠬᠤᠯᠠ ᠵᠢᠭᠠᠪᠤᠷᠢ ᠥᠭᠴᠦ᠂ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠪᠦᠬᠦ ᠲᠠᠯ᠎ᠠ ᠳᠤ ᠵᠣᠭᠰᠣᠵᠤ᠂ ᠶᠡᠭᠡ ᠬᠠᠨᠳᠤᠰᠢ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠨᠳᠤᠰᠢ ᠳᠤ ᠵᠣᠬᠢᠴᠠᠵᠤ᠂ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠤᠶᠢᠯ ᠤᠨ ᠴᠢᠬᠤᠯᠠ ᠴᠢᠨᠠᠷ ᠪᠣᠯᠤᠨ ᠪᠣᠳᠠᠲᠤ ᠲᠤᠯᠭᠠᠮ ᠴᠢᠨᠠᠷ ᠢ ᠭᠦᠢᠴᠡᠳ ᠲᠠᠨᠢᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ ᠲᠠᠯ᠎ᠠ ᠪᠠᠷ  ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ  ᠠᠴᠠ ᠪᠠᠨ ᠦᠢᠯᠡᠴᠢᠯᠡᠬᠦ ᠪᠠ ᠠᠭᠤᠰᠤᠯᠴᠠᠵᠤ᠂ ᠥᠷᠯᠥᠭᠡ ᠦᠳᠡᠰᠢ ᠶᠢ ᠲᠡᠮᠡᠴᠡᠬᠦ ᠵᠣᠷᠢᠭ ᠰᠠᠨᠠᠭ᠎ᠠ ᠪᠣᠯᠤᠨ ᠴᠠᠭ ᠮᠦᠴᠡ ᠲᠠᠢ ᠤᠷᠤᠯᠳᠤᠬᠤ ᠡᠷᠴᠢ ᠵᠣᠷᠢᠭ ᠢᠶᠠᠷ ᠦᠢᠯᠡᠴᠢᠯᠡᠭᠡᠨ ᠤ ᠦᠢᠯᠡᠰ ᠤᠨ ᠬᠡᠪᠴᠢᠶ᠎ᠡ ᠶᠢ ᠦᠷᠬᠡᠳᠬᠡᠵᠥ᠂ ᠪᠦᠲᠦᠴᠡ ᠶᠢ ᠲᠤᠬᠢᠷᠠᠭᠤᠯᠵᠤ᠂ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ ᠬᠡᠵᠥ ᠵᠢᠭᠠᠵᠥ ᠭᠠᠷᠭᠠᠪᠠ᠃

ᠸᠠᠩ ᠯᠢ ᠰᠢᠶᠠ᠂ ᠪᠦᠬᠦ ᠣᠷᠣᠨ ᠤ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ᠂ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠩᠭᠢᠯᠠᠭ᠎ᠠ ᠶᠢ ᠠᠳᠬᠤᠵᠤ᠂ ᠳᠠᠯᠳᠠ ᠬᠦᠴᠦᠨ ᠢ ᠠᠭᠤᠳᠠᠯᠤᠨ ᠥᠷᠭᠡᠳᠭᠡᠵᠦ᠂ ᠦᠢᠯᠡᠴᠢᠯᠡᠭᠡᠨ ᠤ ᠦᠢᠯᠡᠰ ᠢ ᠰᠡᠷᠭᠦᠭᠡᠨ ᠮᠠᠨᠳᠤᠭᠤᠯᠬᠤ᠂ ᠦᠷ᠎ᠡ ᠠᠰᠢᠭ ᠢ ᠨᠡᠮᠡᠭᠳᠡᠭᠦᠯᠦᠨ ᠶᠠᠰᠤ ᠴᠢᠨᠠᠷ ᠢ ᠳᠡᠭᠡᠭᠰᠢᠯᠡᠭᠦᠯᠬᠦ᠂ ᠳᠡᠰ ᠳᠡᠪᠰᠢᠭᠦᠯᠬᠦ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠨᠡᠮᠡᠭᠳᠡᠯ ᠢ ᠰᠡᠷᠭᠦᠭᠡᠬᠦ ᠠᠵᠢᠯ ᠢ ᠰᠠᠶᠢᠲᠤᠷ ᠬᠢᠵᠦ᠂ 《ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ》《ᠨᠢᠭᠡ ᠡᠷᠦᠬᠡ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ》 ᠠᠷᠭ᠎ᠠ ᠶᠢ ᠠᠪᠴᠤ᠂ ᠴᠡᠭ ᠬᠠᠷᠠᠭᠠᠯᠵᠠᠭᠤᠯᠤᠨ ᠠᠵᠤ ᠠᠬᠤᠶᠢᠯᠠᠯ ᠢ ᠬᠠᠪᠰᠤᠷᠤᠨ ᠪᠣᠳᠠᠲᠠᠶ ᠬᠦᠴᠢᠷᠳᠡᠯ ᠢ ᠨᠢ ᠰᠢᠶᠳᠪᠦᠷᠢᠯᠡᠵᠦ ᠥᠭᠬᠦ ᠬᠡᠷᠡᠭᠲᠡᠶ᠃ ᠪᠣᠶᠢᠵᠢᠭᠤᠯᠤᠨ ᠪᠤᠵᠠᠭᠠᠶᠢᠷᠠᠭᠤᠯᠬᠤ ᠠᠵᠢᠯ ᠢ ᠰᠠᠶᠢᠲᠤᠷ ᠬᠢᠵᠦ᠂ ᠨᠢᠭᠡ ᠪᠦᠯᠦᠭ ᠣᠷᠣᠨ ᠨᠤᠲᠤᠭ ᠤᠨ ᠬᠡᠯᠬᠢᠶᠡᠵᠢᠭᠰᠡᠨ ᠬᠡᠯᠪᠡᠷᠢ ᠶᠢᠨ᠂ ᠲᠠᠪᠴᠠᠩ ᠤᠨ ᠬᠡᠯᠪᠡᠷᠢ ᠶᠢᠨ ᠣᠲᠣ ᠦᠶ᠎ᠡ ᠶᠢᠨ ᠦᠶᠯᠡᠴᠢᠯᠡᠭᠡᠨ ᠤ ᠦᠶᠯᠡᠰ ᠤᠨ ᠠᠵᠤ ᠠᠬᠤᠶᠢᠯᠠᠯ ᠤᠨ ᠪᠦᠯᠦᠭᠯᠡᠯ ᠢ ᠲᠦᠷᠭᠡᠳᠭᠡᠨ ᠪᠠᠶᠢᠭᠤᠯᠵᠤ᠂ ᠪᠣᠳᠠᠲᠤ ᠬᠦᠴᠦᠨ ᠲᠠᠢ ᠳᠠᠭᠠᠭᠤᠯᠤᠭᠴᠢ ᠪᠠ ᠭᠤᠤᠯᠯᠠᠭᠴᠢ ᠠᠵᠤ ᠠᠬᠤᠶᠢᠯᠠᠯ ᠢ ᠲᠦᠷᠭᠡᠳᠭᠡᠨ ᠣᠷᠣᠭᠤᠯᠤᠨ ᠠᠪᠴᠢᠷᠠᠵᠤ᠂ 《ᠲᠦᠷᠦᠭᠦᠴᠢ ᠬᠤᠨᠢᠨ ᠤ ᠦᠢᠯᠡᠳᠦᠯ》 ᠪᠠ 《ᠰᠠᠴᠤᠷᠠᠭ ᠨᠥᠯᠥᠭᠡᠯᠡᠯ ᠤᠨ ᠦᠢᠯᠡᠳᠦᠯ》 ᠢ ᠪᠦᠷᠢᠯᠳᠦᠭᠦᠯᠬᠦ ᠬᠡᠷᠡᠭᠲᠡᠶ᠃ ᠴᠢᠨᠠᠷ ᠰᠠᠶᠢᠲᠠᠶ ᠬᠠᠩᠭᠠᠯᠭ᠎ᠠ ᠶᠢᠨ ᠠᠵᠢᠯ ᠢ ᠰᠠᠶᠢᠲᠤᠷ ᠬᠢᠵᠦ᠂ ᠠᠷᠭ᠎ᠠ ᠬᠡᠮᠵᠢᠶ᠎ᠡ ᠪᠠᠨ ᠰᠢᠨᠡᠴᠢᠯᠡᠵᠦ᠂ ᠭᠦᠨᠵᠡᠭᠡᠶ ᠲᠥᠯᠥᠪᠵᠢᠭᠦᠯᠵᠦ᠂ ᠣᠯᠠᠨ ᠲᠦᠮᠡᠨ ᠤ ᠣᠯᠠᠨ ᠲᠠᠰ ᠳᠠᠪᠬᠤᠷᠭ᠎ᠠ ᠶᠢᠨ᠂ ᠣᠯᠠᠨ ᠡᠰᠢᠵᠢᠭᠰᠡᠨ᠂ ᠥᠪᠡᠷᠮᠢᠴᠡ ᠬᠡᠷᠡᠭᠯᠡᠭᠡ ᠶᠢᠨ ᠬᠡᠷᠡᠭᠴᠡᠭᠡ ᠶᠢ ᠬᠠᠩᠭᠠᠬᠤ ᠨᠢᠭᠡ ᠪᠦᠯᠦᠭ ᠦᠶᠯᠡᠳᠬᠦᠨ ᠢ ᠱᠠᠯᠠᠪᠳᠠᠭᠤᠯᠤᠨ ᠭᠠᠷᠭᠠᠬᠤ ᠬᠡᠷᠡᠭᠲᠡᠶ᠃ ᠲᠤᠯᠭᠠᠭᠤᠷᠢ ᠠᠵᠤ ᠦᠶᠯᠡᠰ ᠤᠨ ᠠᠵᠢᠯ ᠢ ᠰᠠᠶᠢᠲᠤᠷ ᠬᠢᠵᠦ᠂ ᠰᠣᠶᠣᠯ ᠵᠢᠭᠤᠯᠴᠢᠯᠠᠯ ᠪᠣᠯᠤᠨ ᠣᠲᠣ ᠦᠶ᠎ᠡ ᠶᠢᠨ ᠪᠠᠷᠠᠭᠠᠨ ᠤ ᠭᠦᠶᠯᠭᠡᠭᠡ ᠵᠡᠷᠭᠡ ᠠᠵᠤ ᠦᠶᠯᠡᠰ ᠢ ᠪᠤᠵᠠᠭᠠᠶᠢᠷᠠᠭᠤᠯᠤᠨ ᠰᠢᠯᠢᠳᠡᠭᠵᠢᠭᠦᠯᠵᠦ ᠬᠦᠴᠦᠷᠬᠡᠭᠵᠢᠭᠦᠯᠬᠦ ᠶᠢᠨ ᠲᠣᠭᠤᠷᠢᠨ ᠳᠤ᠂ ᠦᠶᠯᠡᠴᠢᠯᠡᠭᠡᠨ ᠤ ᠦᠶᠯᠡᠰ ᠤᠨ ᠪᠦᠬᠦᠯᠢ ᠴᠣᠭᠴᠠ ᠶᠢᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠬᠤᠷᠳᠤᠴᠠ ᠶᠢ ᠲᠦᠷᠭᠡᠳᠭᠡᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠳᠠᠶᠢᠴᠢᠯᠠᠬᠤ ᠬᠡᠷᠡᠭᠲᠡᠶ᠃ ᠲᠦᠷᠦᠯ ᠲᠡᠮᠳᠡᠭ ᠢ ᠪᠣᠶᠢᠵᠢᠭᠤᠯᠬᠤ ᠠᠵᠢᠯ ᠢ ᠰᠠᠶᠢᠲᠤᠷ ᠬᠢᠵᠦ᠂ 《ᠥᠪᠥᠷ ᠮᠣᠩᠭᠤᠯ ᠤᠨ ᠦᠢᠯᠡᠴᠢᠯᠡᠭᠡ》 ᠶᠢᠨ ᠪᠦᠬᠦᠯᠢ ᠴᠣᠭᠴᠠ ᠶᠢᠨ ᠲᠦᠷᠦᠯ ᠲᠡᠮᠳᠡᠭ ᠢᠶᠠᠷ ᠶᠡᠷᠦᠩᠬᠡᠶᠢᠯᠡᠨ ᠵᠢᠯᠣᠭᠤᠳᠣᠭᠤᠯᠤᠭᠰᠠᠨ᠂ ᠣᠷᠣᠨ ᠪᠦᠰᠡ ᠶᠢᠨ ᠲᠦᠷᠦᠯ ᠲᠡᠮᠳᠡᠭ᠂ ᠣᠨᠴᠠᠯᠢᠭᠲᠤ ᠲᠦᠷᠦᠯ ᠲᠡᠮᠳᠡᠭ᠂ ᠨᠠᠷᠢᠨ ᠬᠤᠪᠢᠶᠠᠭᠰᠠᠨ ᠠᠵᠢᠯ ᠲᠥᠷᠥᠯ ᠤᠨ ᠲᠦᠷᠦᠯ ᠲᠡᠮᠳᠡᠭ᠂ ᠦᠵᠡᠮᠵᠢ ᠶᠢᠨ ᠣᠷᠣᠨ ᠤ ᠲᠦᠷᠦᠯ ᠲᠡᠮᠳᠡᠭ ᠵᠡᠷᠭᠡ ᠪᠠᠷ ᠲᠤᠯᠭᠠᠭᠤᠷᠢᠯᠠᠬᠰᠠᠨ ᠣᠯᠠᠨ ᠳᠡᠰ ᠳᠠᠪᠬᠤᠷᠭ᠎ᠠ ᠶᠢᠨ ᠲᠦᠷᠦᠯ ᠲᠡᠮᠳᠡᠭ ᠤᠨ   ᠲᠦᠷᠭᠡᠳᠭᠡᠨ ᠪᠠᠶᠢᠭᠤᠯᠬᠤ ᠬᠡᠷᠡᠭᠲᠡᠶ᠃ ᠠᠭᠤᠰᠤᠯᠴᠠᠨ ᠬᠥᠭᠵᠢᠬᠦ ᠠᠵᠢᠯ ᠢ ᠰᠠᠶᠢᠲᠤᠷ ᠬᠢᠵᠦ᠂ ᠦᠢᠯᠡᠴᠢᠯᠡᠭᠡᠨ ᠤ ᠦᠢᠯᠡᠰ ᠬᠢᠭᠡᠳ ᠠᠵᠤ ᠦᠢᠯᠡᠳᠪᠦᠷᠢ ᠶᠢᠨ ᠬᠤᠣᠰ ᠴᠢᠭᠯᠡᠯᠲᠦ ᠠᠭᠤᠰᠤᠯᠴᠠᠯ᠂ ᠮᠠᠯ ᠠᠵᠤ ᠠᠬᠤᠢ ᠲᠠᠷᠢᠶᠠᠯᠠᠩ ᠤᠨ ᠨᠡᠪᠴᠢᠯᠲᠡ ᠠᠭᠤᠰᠤᠯᠴᠠᠯ᠂ ᠳᠣᠲᠣᠭᠠᠳᠤ ᠠᠭᠤᠰᠤᠯᠴᠠᠯ ᠢ ᠠᠬᠢᠭᠤᠯᠬᠤ ᠬᠡᠷᠡᠭᠲᠡᠢ᠃ ᠲᠤᠰᠬᠠᠢ ᠵᠠᠬ᠎ᠠ ᠳᠡᠯᠭᠡᠭᠦᠷ ᠤᠨ ᠠᠵᠢᠯ ᠢ ᠰᠠᠶᠢᠲᠤᠷ ᠬᠢᠵᠦ᠂ ᠨᠢᠭᠡ ᠪᠦᠯᠦᠭ ᠲᠤᠰᠬᠠᠶᠢᠵᠢᠭᠰᠠᠨ᠂ ᠤᠨᠴᠠᠯᠢᠬᠳᠤ ᠪᠥᠭᠡᠮ ᠢᠶᠠᠷ ᠬᠤᠳᠠᠯᠳᠤᠬᠤ ᠠᠷᠠᠯᠵᠢᠶᠠᠨ ᠤ ᠵᠠᠬ᠎ᠠ ᠳᠡᠯᠭᠡᠭᠦᠷ ᠢ ᠴᠢᠷᠮᠠᠶᠢᠨ ᠪᠣᠶᠢᠵᠢᠭᠤᠯᠬᠤ ᠬᠡᠷᠡᠭᠲᠡᠢ᠃ ᠲᠥᠪᠯᠡᠷᠡᠭᠦᠯᠦᠨ ᠳᠡᠭᠡᠭᠰᠢᠯᠡᠭᠦᠯᠬᠦ ᠠᠵᠢᠯ ᠢ ᠰᠠᠶᠢᠲᠤᠷ ᠬᠢᠵᠦ᠂ 《ᠨᠢᠭᠡ ᠲᠤᠶᠢᠯ ᠬᠤᠶᠠᠷ ᠵᠢᠭᠦᠷ ᠭᠤᠷᠪᠠᠨ ᠪᠦᠰᠡ》 ᠶᠢᠨ ᠣᠷᠣᠨ ᠵᠠᠶ ᠶᠢᠨ ᠪᠠᠶᠢᠷᠢᠰᠢᠭᠤᠯᠤᠯᠲᠠ ᠶᠢ ᠴᠢᠷᠮᠠᠶᠢᠨ ᠪᠠᠶᠢᠭᠤᠯᠵᠤ᠂ ᠭᠤᠤᠯᠯᠠᠬᠤ ᠤᠨᠴᠠᠯᠢᠬᠳᠤ ᠠᠵᠤ ᠦᠶᠯᠡᠰ ᠲᠤ ᠠᠩᠬᠠᠷᠤᠯ ᠢᠶᠠᠨ ᠲᠥᠪᠯᠡᠷᠡᠭᠦᠯᠦᠨ ᠦᠶᠯᠡᠴᠢᠯᠡᠭᠡᠨ ᠤ ᠦᠶᠯᠡᠰ ᠲᠥᠪᠯᠡᠷᠡᠭᠰᠡᠨ ᠣᠷᠣᠨ ᠤ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ ᠨᠡᠭᠡᠭᠡᠯᠲᠡ ᠬᠢᠵᠦ ᠬᠠᠮᠲᠤᠷᠠᠯᠴᠠᠬᠤ ᠠᠵᠢᠯ ᠢ ᠰᠠᠶᠢᠲᠤᠷ ᠬᠢᠵᠦ᠂ 《ᠨᠢᠭᠡ ᠪᠦᠰᠡ ᠨᠢᠭᠡ ᠵᠠᠮ》 ᠤᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠠᠭᠤᠰᠤᠯᠴᠠᠵᠤ᠂ ᠬᠢᠯᠢ ᠶᠢᠨ ᠪᠣᠭᠤᠮᠲᠠ ᠶᠢᠨ ᠪᠦᠬᠦᠢ ᠠᠵᠤ ᠠᠬᠤᠶ ᠶᠢ ᠶᠡᠭᠡ ᠪᠠᠷ ᠬᠥᠭᠵᠢᠭᠦᠯᠵᠦ᠂ ᠨᠡᠭᠡᠭᠡᠯᠲᠡ ᠶᠢᠨ ᠳᠤᠮᠳᠠ ᠦᠶᠯᠡᠴᠢᠯᠡᠭᠡ ᠬᠠᠩᠭᠠᠯᠭ᠎ᠠ ᠶᠢᠨ ᠶᠠᠰᠤ ᠴᠢᠨᠠᠷ ᠪᠠ ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠶ ᠭᠡᠵᠤ ᠴᠢᠬᠤᠯᠠᠴᠢᠯᠠᠪᠠ᠃

ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ᠂ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠡᠯ᠎ᠡ ᠠᠶᠢᠮᠠᠭ ᠬᠤᠲᠠ ᠬᠢᠭᠡᠳ ᠬᠤᠯᠪᠣᠭᠳᠠᠯ ᠪᠥᠬᠦᠶ ᠠᠵᠤ ᠠᠬᠤᠶᠢᠯᠠᠯ ᠲᠣᠰ ᠲᠣᠰ ᠬᠠᠮᠲᠤᠷᠠᠨ ᠠᠵᠢᠯᠯᠠᠬᠤ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃

 

 

 


   :                    
   :           
备案序号:蒙ICP备05003250号 公安备案15010502000173