ᠵᠤᠬᠢᠶᠠᠭᠴᠢ: ᠴᠠᠭ:2022-04-08 ᠥᠵᠡᠭᠰᠡᠨ : ᠢᠷᠡᠯᠲᠡ: 《ᠥᠪᠥᠷ ᠮᠣᠩᠭᠤᠯ ᠤᠨ ᠡᠳᠦᠷ ᠤᠨ ᠰᠣᠨᠢᠨ》  
ᠱᠢ ᠲᠠᠢ ᠹᠧᠩ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ ᠤᠨ ᠵᠢᠵᠢᠭᠦᠷᠯᠡᠨ ᠰᠠᠬᠢᠵᠤ ᠪᠠᠶᠢᠭ᠎ᠠ ᠪᠠᠶᠢᠳᠠᠯ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠳᠠᠯᠳᠠᠭᠤᠷ ᠪᠠᠶᠢᠴᠠᠭᠠᠪᠠ

 

2022  4 ᠳ᠋ᠦ᠋ᠭᠡᠷ ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠤᠷᠢᠳᠴᠢᠯᠠᠨ ᠮᠡᠳᠡᠭᠳᠡᠭᠰᠡᠨ ᠦᠭᠡᠢ ᠪᠠᠷ ᠡᠮᠦᠨ᠎ᠡ ᠹᠷᠣᠨᠲ ᠲᠤ ᠰᠢᠭᠤᠳ ᠬᠦᠷᠴᠦ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ᠂ ᠬᠥᠬᠡᠬᠤᠲᠠ ᠶᠢᠨ ᠰᠠᠶᠢᠬᠠᠨ ᠲᠣᠭᠤᠷᠢᠭ ᠲᠤ ᠭᠦᠨᠵᠡᠭᠡᠶᠢᠷᠡᠨ ᠪᠠᠶᠠᠷ ᠳᠤᠷᠠᠰᠬᠠᠯ ᠤᠨ ᠡᠳᠦᠷ ᠤᠨ ᠵᠢᠵᠢᠭᠦᠷᠯᠡᠨ ᠰᠠᠬᠢᠬᠤ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠤᠨ ᠲᠤᠬᠠᠢ ᠳᠠᠯᠳᠠᠭᠤᠷ ᠪᠠᠶᠢᠴᠠᠭᠠᠪᠠ᠃

ᠱᠢ ᠲᠠᠢ ᠹᠧᠩ ᠡᠩ ᠲᠡᠷᠢᠭᠦᠨ ᠳᠤ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠲᠤ ᠬᠦᠷᠴᠦ᠂ ᠬᠢᠯᠢ ᠶᠢᠨ ᠪᠣᠭᠤᠮᠲᠠ ᠶᠢᠨ ᠬᠤᠲᠠ ᠶᠢᠨ ᠠᠵᠢᠯ ᠤᠨ ᠲᠤᠰᠬᠠᠶ ᠠᠩᠭᠢ ᠶᠢᠨ ᠠᠮᠠᠷᠠᠯᠲᠠ ᠶᠢᠨ ᠬᠤᠭᠤᠴᠠᠭᠠᠨ ᠤ ᠵᠢᠵᠢᠭᠦᠷᠯᠡᠨ ᠰᠠᠬᠢᠵᠤ ᠪᠠᠶᠢᠭ᠎ᠠ ᠪᠠᠶᠢᠳᠠᠯ ᠢ ᠲᠤᠬᠢᠶᠠᠯᠳᠤᠮᠵᠢ ᠪᠠᠷ ᠪᠠᠶᠢᠴᠠᠭᠠᠪᠠ᠃ ᠡᠨᠡ ᠡᠳᠤᠷ ᠬᠡᠨ ᠵᠢᠵᠢᠭᠦᠷᠯᠡᠵᠦ ᠪᠠᠶᠢᠬᠤ᠂ ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠥ ᠪᠠᠶᠢᠭ᠎ᠠ ᠪᠠᠶᠢᠳᠠᠯ ᠶᠠᠮᠠᠷ ᠵᠡᠷᠭᠡ᠂ ᠬᠢᠯᠢ ᠶᠢᠨ ᠪᠣᠭᠤᠮᠲᠠ ᠶᠢᠨ ᠪᠠᠷᠠᠭ᠎ᠠ ᠥᠩᠭᠡᠷᠡᠭᠦᠯᠦᠭᠰᠡᠨ ᠬᠡᠮᠵᠢᠶ᠎ᠡ ᠶᠠᠮᠠᠷ ᠵᠡᠷᠭᠡ ᠪᠤᠢ︖ ᠱᠢ ᠲᠠᠢ ᠹᠧᠩ ᠵᠢᠯᠣᠭᠤᠳᠬᠤ ᠭᠠᠵᠠᠷ ᠲᠤ ᠣᠷᠣᠮᠠᠭᠴᠠ ᠨᠠᠷᠢᠨ ᠠᠰᠠᠭᠤᠨ ᠯᠠᠪᠯᠠᠵᠤ᠂ ᠨᠠᠷᠢᠨ ᠬᠢᠨᠠᠮᠠᠭᠠᠶ ᠪᠠᠶᠢᠴᠠᠭᠠᠭᠰᠠᠨ ᠪᠥᠭᠡᠳ ᠵᠢᠵᠢᠭᠦᠷᠯᠡᠭᠴᠢ ᠪᠠᠷ ᠮᠠᠨᠵᠤᠤᠷ ᠬᠢᠯᠢ ᠶᠢᠨ ᠪᠣᠭᠤᠮᠲᠠ ᠶᠢᠨ ᠲᠤᠰᠬᠠᠶ ᠠᠵᠢᠯ ᠤᠨ ᠠᠩᠭᠢ᠂ ᠬᠢᠯᠢ ᠶᠢᠨ ᠪᠣᠭᠤᠮᠲᠠ ᠶᠢᠨ ᠠᠵᠢᠯ ᠤᠨ ᠲᠣᠭᠤᠷᠢᠭ ᠵᠢᠴᠢ ᠢᠯᠢᠲ᠋ᠣ᠋ ᠪᠠᠷᠠᠭᠠᠨ ᠤ ᠭᠦᠶᠯᠭᠡᠭᠡᠨ ᠤ ᠺᠣᠮᠫᠠᠨᠢ ᠶᠢᠨ ᠠᠬᠤᠶ ᠠᠵᠢᠯ ᠤᠨ ᠴᠠᠭ ᠤᠨ ᠸᠢᠳᠢᠣ᠋ ᠶᠢ ᠰᠢᠯᠵᠢᠬᠦᠯᠦᠨ ᠭᠠᠷᠭᠠᠵᠥ ᠦᠵᠡᠪᠡ᠃ ᠵᠢᠵᠢᠭᠦᠷᠯᠡᠵᠦ ᠪᠠᠶᠢᠭ᠎ᠠ ᠬᠥᠮᠦᠰ ᠠᠵᠢᠯ ᠳᠠᠭᠠᠨ ᠳᠠᠳᠮᠠᠭᠠᠶ ᠪᠢᠰᠢ᠂ ᠠᠵᠢᠯ ᠳᠠᠭᠠᠨ ᠪᠤᠯᠪᠠᠰᠤᠷᠠᠩᠭᠤᠢ ᠦᠬᠡᠢ᠂ ᠰᠢᠯᠵᠢᠭᠦᠯᠦᠨ ᠦᠵᠡᠬᠦ ᠦᠵᠡᠭᠳᠡᠯ ᠢ ᠤᠳᠠᠲᠠᠯ᠎ᠠ ᠭᠠᠷᠭᠠᠵᠤ ᠳᠡᠶᠢᠯᠦᠭᠰᠡᠨ ᠥᠬᠡᠶ᠂ ᠡᠵᠡᠮᠰᠢᠬᠦ ᠶᠣᠰᠣᠲᠠᠶ ᠪᠠᠶᠢᠳᠠᠯ ᠢ ᠴᠤ ᠲᠣᠳᠣᠷᠬᠠᠶ ᠬᠡᠯᠡᠵᠦ ᠳᠡᠶᠢᠯᠬᠦ ᠥᠬᠡᠶ ᠪᠠᠶᠢᠬᠤ ᠶᠢ ᠦᠵᠡᠭᠡᠳ ᠱᠢ ᠲᠠᠢ ᠹᠧᠩ ᠴᠢᠩᠭ᠎ᠠ ᠰᠢᠭᠦᠮᠵᠢᠯᠡᠪᠡ᠃ ᠲᠡᠷᠡ ᠠᠮᠠᠷᠠᠯᠲᠠ ᠶᠢᠨ ᠬᠤᠭᠤᠴᠠᠭᠠᠨ ᠤ ᠵᠢᠵᠢᠭᠦᠷ ᠤᠨ ᠬᠦᠰᠦᠨᠦᠭᠲᠦ ᠶᠢ ᠪᠠᠶᠢᠴᠠᠭᠠᠨ ᠦᠵᠡᠵᠥ᠂ ᠵᠢᠵᠢᠭᠦᠷ ᠳᠠᠭᠠᠭᠤᠯᠵᠤ ᠪᠠᠶᠢᠭ᠎ᠠ ᠤᠳᠤᠷᠢᠳᠤᠯᠭ᠎ᠠ ᠨᠢ ᠠᠵᠢᠯ ᠤᠨ ᠪᠠᠶᠢᠷᠢᠨ ᠳᠠᠭᠠᠨ ᠪᠠᠶᠢᠬᠤ ᠦᠭᠡᠢ ᠶᠢ ᠮᠡᠳᠡᠭᠡᠳ᠂ ᠳᠠᠷᠤᠢ ᠳᠤᠨᠢ ᠲᠠᠭᠠᠵᠦ ᠶᠠᠪᠤᠭ᠎ᠠ ᠬᠥᠮᠦᠰ ᠢᠶᠠᠷ ᠤᠲᠠᠰᠤ ᠠᠪᠤᠭᠤᠯᠤᠨ ᠬᠠᠮᠢᠶ᠎ᠠ ᠪᠦᠬᠦᠢ ᠪᠠᠶᠢᠳᠠᠯ ᠢ ᠤᠢᠢᠯᠠᠭᠠᠭᠤᠯᠤᠭᠰᠠᠨ ᠪᠥᠭᠡᠳ ᠬᠡᠨ ᠵᠢᠵᠢᠭᠦᠷ ᠳᠤᠬᠢᠷᠠᠭᠤᠯᠤᠬᠰᠠᠨ ᠢ ᠠᠰᠠᠭᠤᠪᠠ᠃ ᠱᠢ ᠲᠠᠢ ᠹᠧᠩ᠂ ᠪᠢ ᠡᠨᠡ ᠡᠳᠤᠷ ᠬᠡᠨ ᠳᠤ ᠴᠤ ᠮᠡᠳᠡᠬᠦᠯᠦᠭᠰᠡᠨ ᠦᠭᠡᠢ ᠪᠠᠷ ᠰᠢᠭᠤᠳ ᠪᠠᠶᠢᠴᠠᠭᠠᠬᠤ ᠪᠠᠷ ᠢᠷᠡᠭᠰᠡᠨ ᠨᠢ ᠳᠠᠷᠤᠢ ᠲᠠ ᠨᠠᠷ ᠤᠨ ᠦᠨᠡᠨ ᠪᠣᠳᠠᠲᠠᠢ ᠠᠵᠢᠯ ᠤᠨ ᠪᠠᠶᠢᠳᠠᠯ ᠢ ᠦᠵᠡᠬᠦ ᠶᠢᠨ ᠲᠥᠯᠥᠭᠡ ᠶᠤᠮ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠵᠢᠭᠦᠷᠯᠡᠨ ᠰᠠᠬᠢᠬᠤ ᠲᠤᠬᠠᠢ ᠲᠥᠪ ᠠᠴᠠ ᠲᠣᠳᠣᠷᠬᠠᠢ ᠱᠠᠭᠠᠷᠳᠠᠯᠭ᠎ᠠ ᠲᠠᠢ ᠶᠤᠮ᠂ ᠥᠴᠦᠬᠡᠨ ᠴᠦ ᠬᠠᠰᠢ ᠶᠠᠰᠢ ᠬᠠᠨᠳᠤᠵᠤ ᠪᠣᠯᠬᠤ ᠦᠭᠡᠢ᠃ ᠲᠠ ᠨᠠᠷ ᠤᠨ ᠡᠶᠢᠮᠤᠷᠬᠦᠦ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠦᠯᠦ ᠬᠠᠶᠢᠬᠤᠷᠬᠤ ᠠᠵᠢᠯ ᠤᠨ ᠤᠪᠤᠷ ᠪᠠᠶᠢᠳᠠᠯ ᠨᠢ ᠪᠠᠴᠢᠮ ᠪᠠᠶᠢᠳᠠᠯ ᠢ ᠠᠷᠭᠠᠴᠠᠬᠤ ᠤᠪᠤᠷ ᠪᠢᠰᠢ᠂ ᠦᠨᠳᠦᠰᠦᠨ ᠳᠡᠭᠡᠨ ᠨᠠᠵᠠᠭᠠᠢ ᠤᠪᠤᠷ ᠪᠤᠯᠤᠨ᠎ᠠ᠂ ᠨᠠᠮ ᠤᠨ ᠦᠢᠯᠡᠰ ᠲᠤ ᠬᠠᠷᠢᠭᠤᠴᠠᠬᠤ ᠦᠭᠡᠢ᠂ ᠠᠷᠠᠳ ᠤᠯᠠᠨ ᠳᠤ ᠬᠠᠷᠢᠭᠤᠴᠠᠬᠤ ᠦᠭᠡᠢ ᠪᠠᠶᠢᠨ᠎ᠠ᠂ ᠡᠷᠬᠡᠪᠰᠢ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠬᠡᠵᠥ ᠴᠢᠩᠭ᠎ᠠ ᠵᠢᠭᠠᠵᠥ ᠭᠠᠷᠭᠠᠪᠠ᠃ ᠲᠡᠷᠡ᠂ ᠪᠢᠳᠡ ᠶᠡᠭᠡ ᠬᠦᠴᠦ ᠣᠷᠣᠭᠤᠯᠵᠤ ᠪᠠᠶᠢᠭᠠᠳ ᠡᠯ᠎ᠡ ᠱᠠᠲᠤ ᠶᠢ ᠬᠤᠯᠪᠤᠨ ᠨᠡᠪᠳᠡᠷᠡᠬᠦᠯᠦᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠸᠢᠳᠢᠣ᠋ ᠬᠢᠨᠠᠨ ᠡᠵᠡᠮᠳᠡᠬᠦ ᠰᠢᠰᠲ᠋ᠧᠮ ᠢ ᠪᠠᠶᠢᠭᠤᠯᠤᠭᠰᠠᠨ ᠤ ᠵᠣᠷᠢᠯᠭ᠎ᠠ ᠨᠢ ᠳᠠᠷᠤᠢ ᠬᠢᠯᠢ ᠶᠢᠨ ᠪᠣᠭᠤᠮᠲᠠ ᠶᠢᠨ ᠡᠯ᠎ᠡ ᠲᠠᠯ᠎ᠠ ᠶᠢᠨ ᠬᠢᠨ ᠤ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠭᠡᠭᠰᠡᠨ ᠪᠠᠶᠢᠳᠠᠯ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠠᠭ ᠲᠤᠬᠠᠶ ᠳᠤᠨᠢ ᠡᠵᠡᠮᠰᠢᠨ ᠬᠢᠨᠠᠯᠲᠠ ᠲᠠᠯᠪᠢᠵᠤ᠂ ᠬᠡᠷᠪᠡ ᠬᠡᠪ ᠤᠨ ᠪᠤᠰᠤ ᠪᠠᠶᠢᠳᠠᠯ ᠭᠠᠷᠪᠠᠯ ᠳᠠᠷᠤᠶᠢᠬᠠᠨ ᠰᠠᠨᠠᠭᠤᠯᠵᠤ ᠰᠡᠷᠡᠮᠵᠢᠯᠡᠭᠦᠯᠬᠦ ᠶᠢᠨ ᠲᠥᠯᠥᠭᠡ ᠶᠤᠮ᠃ ᠤᠳᠤ ᠶᠢᠨ ᠰᠢᠭ᠋ ᠢᠩᠭᠢᠵᠦ ᠠᠯᠠᠩ ᠰᠠᠯᠠᠩ ᠪᠠᠶᠢᠵᠤ᠂ ᠠᠯᠪᠠ ᠬᠠᠰᠢᠵᠥ ᠡᠪᠯᠡᠬᠦᠯᠤᠨ ᠵᠢᠵᠢᠭᠦᠷᠯᠡᠵᠥ ᠰᠠᠬᠢᠪᠠᠯ᠂ ᠡᠨᠡ ᠬᠦ ᠰᠢᠰᠲ᠋ᠧᠮ ᠢ ᠪᠠᠶᠢᠭᠤᠯᠤᠬᠰᠠᠨ ᠨᠢ ᠳᠠᠷᠤᠢ ᠤᠳᠭ᠋᠎ᠠ ᠠᠭᠤᠯᠭ᠎ᠠ ᠪᠠᠨ ᠠᠯᠳᠠᠬᠰᠠᠨ ᠶᠠᠪᠤᠳᠠᠯ ᠪᠤᠯᠤᠨ᠎ᠠ᠂ ᠬᠠᠷᠢᠭᠤᠴᠠᠯᠭ᠎ᠠ  ᠪᠠᠨ ᠪᠤᠳᠠᠳᠠᠢ ᠳᠤ ᠨᠠᠶᠢᠳᠠᠪᠤᠷᠢᠵᠢᠭᠤᠯᠬᠤ ᠦᠭᠡᠢ ᠪᠤᠯ ᠶᠠᠮᠠᠷ ᠰᠠᠶᠢᠨ ᠰᠢᠰᠲ᠋ᠧᠮ ᠴᠦ ᠭᠡᠰᠡᠨ ᠨᠡᠷ᠎ᠡ ᠶᠢᠨ ᠲᠡᠳᠦᠢ ᠪᠣᠯᠬᠤ ᠶᠤᠮ᠃ ᠬᠢᠯᠢ ᠶᠢᠨ ᠪᠣᠭᠤᠮᠲᠠ ᠶᠢᠨ ᠬᠤᠲᠠ ᠶᠢᠨ ᠠᠵᠢᠯ ᠤᠨ ᠲᠤᠰᠬᠠᠶ ᠠᠩᠭᠢ ᠨᠢ ᠭᠦᠨᠵᠡᠭᠡᠶ ᠲᠤᠩᠭᠠᠨ ᠪᠤᠳᠤᠵᠤ ᠰᠡᠳᠬᠢᠵᠥ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠳᠠᠯᠠᠨ᠂ ᠠᠵᠢᠯ ᠢᠶᠠᠨ ᠦᠨᠡᠨ ᠬᠦ ᠰᠠᠶᠢᠵᠢᠷᠠᠭᠤᠯᠬᠤ ᠬᠡᠷᠡᠭᠲᠡᠶ ᠬᠡᠵᠥ ᠵᠢᠭᠠᠵᠥ ᠭᠠᠷᠭᠠᠪᠠ᠃

ᠱᠢ ᠲᠠᠢ ᠹᠧᠩ᠂ ᠬᠢᠯᠢ ᠶᠢᠨ ᠪᠣᠭᠤᠮᠲᠠ ᠪᠣᠯ ᠬᠢᠵᠢᠭ ᠤᠨ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠭᠤᠤᠯᠳᠠᠯᠭ᠎ᠠ ᠶᠢᠨ ᠲᠤᠳᠤᠷᠠᠬᠢ ᠭᠤᠤᠯᠳᠠᠯᠭ᠎ᠠ ᠪᠤᠯᠤᠨ᠎ᠠ᠂ ᠬᠢᠯᠢ ᠶᠢᠨ ᠪᠣᠭᠤᠮᠲᠠ ᠬᠤᠳᠠ ᠶᠢᠨ ᠠᠵᠢᠯ ᠤᠨ ᠲᠤᠰᠬᠠᠢ ᠠᠩᠬᠢ ᠶᠢᠨ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ᠃ ᠮᠠᠨ ᠤ ᠣᠷᠣᠨ ᠤ ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠳᠠᠭ᠎ᠠ ᠳᠠᠷᠠᠭᠠᠯᠠᠨ ᠠᠯᠳᠠᠰᠢ ᠭᠠᠷᠤᠬᠰᠠᠭᠠᠷ ᠢᠷᠠᠵᠠᠢ᠂ ᠣᠳᠣᠬᠠᠨ ᠳᠤ ᠤᠯᠤᠰ ᠤᠨ ᠳᠣᠲᠣᠭᠠᠳᠤ ᠭᠠᠳᠠᠭᠠᠳᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠪᠠᠰᠠ ᠡᠶᠢᠮᠦ ᠬᠦᠨᠳᠦ ᠨᠣᠴᠢᠲᠠᠢ ᠪᠠᠶᠢᠨ᠎ᠠ᠂ ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠴᠢᠬᠤᠯᠠ ᠶᠡᠭᠡ ᠬᠠᠷᠢᠭᠤᠴᠠᠯᠭ᠎ᠠ ᠮᠥᠷᠥᠨ ᠳᠤ ᠲᠠᠯᠪᠢᠭᠳᠠᠵᠤ ᠪᠠᠶᠢᠨ᠎ᠠ᠂ ᠴᠢᠬᠤᠯᠠᠴᠢᠯᠠᠵᠤ ᠦᠵᠡᠬᠦ ᠦᠭᠡᠢ᠂ ᠰᠤᠷᠭᠠᠮᠵᠢ ᠠᠪᠬᠤ ᠦᠭᠡᠢ ᠶᠠᠭᠠᠬᠢᠵᠤ ᠪᠣᠯᠬᠤ ᠪᠤᠢ ᠭᠡᠵᠤ ᠴᠢᠬᠤᠯᠠᠴᠢᠯᠠᠪᠠ᠃ ᠲᠡᠷᠡ᠂ ᠴᠡᠷᠢᠭ ᠢ ᠴᠢᠩᠭ᠎ᠠ ᠵᠠᠰᠠᠬᠤ ᠦᠭᠡᠢ ᠪᠣᠯ ᠢᠯᠠᠭᠤᠭᠰᠠᠨ ᠲᠠᠶᠢᠨ ᠬᠢᠵᠦ ᠴᠢᠳᠠᠬᠤ ᠦᠭᠡᠢ᠂ ᠴᠢᠩᠭ᠎ᠠ ᠠᠳᠬᠤᠬᠤ ᠦᠭᠡᠢ ᠪᠣᠯ ᠠᠳᠬᠤᠭᠰᠠᠨ ᠦᠭᠡᠢ ᠲᠠᠢ ᠠᠳᠠᠯᠢ ᠶᠤᠮ᠃ ᠠᠵᠢᠯ ᠤᠨ ᠲᠤᠰᠬᠠᠶ ᠠᠩᠭᠢ ᠡᠷᠬᠡᠪᠰᠢ ᠭᠤᠤᠯᠳᠠᠯᠭ᠎ᠠ ᠲᠠᠢ ᠭᠤᠭᠴᠤᠭ᠎ᠠ ᠪᠠ ᠨᠠᠷᠢᠨ ᠵᠦᠶᠯᠡᠰ ᠢ ᠴᠠᠭ ᠢᠮᠠᠭᠲᠠ ᠴᠢᠩᠭ᠎ᠠ ᠠᠩᠬᠠᠷᠴᠤ᠂ ᠪᠦᠬᠦᠯᠢ ᠡᠳᠦᠷ ᠢᠶᠠᠷ ᠬᠠᠷᠢᠭᠤᠴᠠᠯᠭ᠎ᠠ ᠪᠠ ᠳᠠᠷᠤᠯᠲᠠ ᠶᠢ ᠲᠤᠷᠤᠬᠰᠢ ᠳᠠᠮᠵᠢᠭᠤᠯᠵᠤ᠂ ᠡᠯ᠎ᠡ ᠱᠠᠲᠤ ᠡᠯ᠎ᠡ ᠲᠠᠯ᠎ᠠ ᠶᠢᠨ ᠬᠢᠨ ᠢ ᠥᠴᠦᠬᠡᠨ ᠴᠦ ᠴᠠᠯᠠᠭᠠᠶᠢᠷᠠᠭᠤᠯᠬᠤ ᠦᠭᠡᠢ ᠪᠠᠶᠢᠯᠭᠠᠬᠤ ᠬᠡᠷᠡᠭᠲᠡᠶ᠃ ᠱᠠᠳᠤ ᠳᠠᠪᠬᠤᠷᠭ᠎ᠠ ᠨᠢᠭᠡ ᠪᠦᠷᠢ ᠴᠥᠮ ᠡᠷᠡᠰ ᠢᠶᠠᠷ ᠬᠠᠷᠢᠭᠤᠴᠠᠯᠭ᠎ᠠ ᠡᠭᠦᠷᠭᠡᠯᠡᠵᠦ᠂ ᠲᠥᠪ ᠴᠢᠩᠭ᠎ᠠ ᠰᠡᠷᠭᠡᠶᠢᠯᠡᠨ ᠡᠵᠡᠮᠳᠡᠬᠦ ᠰᠠᠬᠢᠯᠭ᠎ᠠ ᠪᠠᠲᠤ ᠪᠣᠯᠤᠨ ᠴᠢᠩᠭ᠎ᠠ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠨᠠᠷᠢᠨ ᠵᠦᠢᠯᠡᠰ᠂ ᠬᠥᠮᠦᠨ ᠨᠢᠭᠡ ᠪᠦᠷᠢ ᠶᠢᠨ ᠪᠡᠶ᠎ᠡ ᠳᠡᠭᠡᠷ᠎ᠡ ᠦᠨᠡᠨ ᠬᠦ ᠨᠠᠶᠢᠳᠠᠪᠤᠷᠢᠵᠢᠭᠤᠯᠵᠤ᠂ ᠶᠠᠮᠠᠷᠪᠠ ᠦᠶ᠎ᠡ ᠳᠤ ᠴᠦ ᠭᠡᠰᠡᠨ ᠠᠵᠠ ᠬᠠᠷᠠᠬᠤ ᠪᠤᠳᠤᠯ ᠲᠠᠢ ᠪᠠᠶᠢᠵᠤ ᠪᠣᠯᠬᠤ ᠦᠭᠡᠢ᠂ ᠠᠯᠮᠠᠶᠢᠷᠠᠨ ᠲᠠᠶᠢᠪᠤᠰᠢᠷᠠᠵᠤ ᠪᠣᠯᠬᠤ ᠦᠭᠡᠢ᠂ ᠠᠵᠢᠯ ᠢᠶᠠᠨ ᠡᠷᠦᠶ ᠬᠤᠷᠤᠶ ᠦᠭᠡᠢ ᠠᠳᠬᠤᠵᠤ᠂ ᠡᠮᠬᠢ ᠵᠠᠮᠪᠠᠷᠠᠭ᠎ᠠ ᠦᠭᠡᠢ ᠪᠤᠯᠭᠠᠵᠤ ᠪᠣᠯᠬᠤ ᠦᠭᠡᠢ ᠭᠡᠵᠤ ᠴᠢᠬᠤᠯᠠᠴᠢᠯᠠᠪᠠ᠃

ᠳᠠᠷᠠᠭ᠎ᠠ ᠨᠢ᠂ ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠳᠤ  ᠲᠠᠯᠳᠠᠭᠤᠷ ᠪᠠᠶᠢᠴᠠᠭᠠᠪᠠ᠃ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠤᠨ ᠲᠤᠬᠢᠷᠠᠭᠤᠯᠬᠤ ᠲᠠᠰᠤᠭ ᠲᠤ᠂ ᠲᠡᠷᠡ ᠤᠢᠢᠷ᠎ᠠ ᠶᠢᠨ ᠬᠤᠭᠤᠴᠠᠭᠠᠨ ᠤ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠪᠣᠯᠤᠨ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠬᠤᠯᠪᠣᠭᠳᠠᠯ ᠪᠦᠬᠦᠢ ᠪᠠᠶᠢᠳᠠᠯ ᠢ ᠨᠠᠷᠢᠨ ᠣᠶᠢᠯᠠᠭᠠᠵᠤ᠂ ᠠᠳᠡᠯ ᠭᠠᠷᠤᠭᠰᠠᠨ ᠡᠰᠡᠬᠦ ᠪᠠ ᠲᠦᠢᠮᠡᠷ ᠭᠠᠷᠤᠭᠰᠠᠨ ᠡᠰᠡᠬᠦ ᠶᠢ ᠠᠰᠠᠭᠤᠪᠠ᠃ ᠲᠡᠷᠡ᠂   ᠦᠶᠯᠡᠳᠪᠦᠷᠢᠯᠡᠯ ᠪᠣᠯ ᠬᠥᠮᠦᠨ ᠤ ᠠᠮᠢ ᠨᠠᠰᠤ ᠲᠠᠢ ᠬᠤᠯᠪᠣᠭᠳᠠᠨ᠎ᠠ᠂ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠵᠢᠯᠣᠭᠤᠳᠬᠤ ᠬᠠᠷᠢᠭᠤᠴᠠᠯᠭ᠎ᠠ ᠬᠦᠨᠳᠦ ᠶᠡᠭᠡ ᠶᠤᠮ᠂ ᠣᠲᠣ ᠪᠣᠯ ᠶᠠᠭ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠂ ᠡᠷᠬᠡᠪᠰᠢ ᠵᠢᠵᠢᠭᠦᠷᠯᠡᠨ ᠰᠠᠬᠢᠬᠤ ᠪᠠᠨ ᠴᠢᠩᠭᠠᠳᠬᠠᠵᠤ᠂ ᠴᠢᠩᠭ᠎ᠠ  ᠂ ᠶᠠᠭᠠᠬᠢᠭᠰᠠᠨ ᠴᠤ ᠠᠯᠮᠠᠶᠢᠷᠠᠨ ᠲᠠᠶᠢᠪᠤᠰᠢᠷᠠᠵᠤ ᠪᠣᠯᠬᠤ ᠥᠬᠡᠶ᠃ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠳᠠᠷᠤᠯᠲᠠ ᠶᠢ ᠦᠷᠭᠦᠯᠵᠢᠯᠡᠨ ᠳᠠᠮᠵᠢᠭᠤᠯᠵᠤ᠂ ᠡᠯ᠎ᠡ ᠱᠠᠲᠤ ᠡᠯ᠎ᠡ ᠲᠠᠯ᠎ᠠ ᠶᠢᠨ ᠬᠢᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠴᠢᠩᠭ᠎ᠠ ᠠᠳᠬᠤᠵᠤ ᠪᠣᠳᠠᠲᠠᠶ ᠠᠳᠬᠤᠬᠤ ᠶᠢ ᠠᠬᠢᠭᠤᠯᠵᠤ᠂ ᠡᠯ᠎ᠡ ᠲᠥᠷᠥᠯ ᠤᠨ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ ᠭᠡᠵᠤ ᠴᠢᠬᠤᠯᠠᠴᠢᠯᠠᠪᠠ᠃

ᠱᠢ ᠲᠠᠢ ᠹᠧᠩ ᠪᠠᠰᠠ ᠬᠥᠬᠡᠬᠤᠲᠠ ᠶᠢᠨ ᠰᠠᠶᠢᠬᠠᠨ ᠲᠣᠭᠤᠷᠢᠭ ᠤᠨ ᠰᠠᠭᠤᠭᠠᠯᠢ ᠠᠷᠠᠳ ᠤᠨ ᠲᠣᠭᠤᠷᠢᠭ᠂ ᠵᠡᠭᠡᠯᠢ ᠳᠠᠭᠠᠤ ᠶᠢᠨ ᠳᠡᠯᠭᠡᠭᠦᠷ ᠫᠦᠰᠡ ᠳᠤ ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠢᠶᠠᠯᠳᠤᠮᠵᠢ ᠶᠢᠨ ᠴᠢᠨᠠᠷᠳᠠᠢ ᠪᠠᠶᠢᠴᠠᠭᠠᠪᠠ᠃ ᠶᠢᠨ ᠲᠠᠢ ᠬᠥᠩ ᠭᠤᠸᠠᠨ ᠰᠠᠭᠤᠭᠠᠯᠢ ᠠᠷᠠᠳ ᠤᠨ ᠲᠣᠭᠤᠷᠢᠭ᠂ ᠲᠤᠬᠤᠢ ᠶᠢᠨ ᠪᠠᠶᠢᠰᠢᠩ ᠰᠢᠨ᠎ᠡ ᠲᠣᠰᠬᠤᠨ ᠳᠤ᠂ ᠲᠡᠷᠡ ᠠᠵᠢᠯᠲᠠᠨ ᠪᠣᠯᠤᠨ ᠰᠠᠭᠤᠭᠠᠯᠢ ᠠᠷᠠᠳ ᠠᠴᠠ ᠣᠷᠣᠵᠤ ᠭᠠᠷᠬᠤ ᠬᠥᠮᠦᠰ ᠤᠨ ᠺᠣᠳ᠋ ᠰᠢᠷᠪᠢᠬᠦ᠂ ᠪᠡᠶ᠎ᠡ ᠶᠢᠨ ᠲᠤᠯᠠᠭᠠᠨ ᠢ ᠬᠡᠮᠵᠢᠬᠦ ᠡᠰᠡᠬᠦ᠂ ᠡᠯ᠎ᠡ ᠵᠦᠶᠯ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠭᠰᠠᠨ ᠡᠰᠡᠬᠦ ᠶᠢ ᠯᠠᠪᠯᠠᠨ ᠠᠰᠠᠭᠤᠪᠠ᠃ ᠱᠢ ᠲᠠᠢ ᠹᠧᠩ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠨ᠎ᠠ᠂ ᠰᠠᠭᠤᠭᠠᠯᠢ ᠠᠷᠠᠳ ᠤᠨ ᠲᠣᠭᠤᠷᠢᠭ ᠤᠨ ᠬᠠᠮᠢᠶᠠᠷᠤᠯᠲᠠ ᠡᠵᠡᠮᠳᠡᠯ ᠢ ᠮᠥᠨ ᠬᠦ ᠰᠤᠯᠠᠷᠠᠭᠤᠯᠵᠤ ᠪᠣᠯᠬᠤ ᠥᠬᠡᠶ᠂ ᠰᠠᠭᠤᠭᠠᠯᠢ ᠠᠷᠠᠳ ᠤᠨ ᠲᠣᠭᠤᠷᠢᠭ᠂ ᠣᠷᠣᠵᠤ ᠭᠠᠷᠬᠤ ᠭᠠᠵᠠᠷ ᠪᠣᠯᠭᠠᠨ ᠳᠤ ᠴᠥᠮ ᠵᠢᠵᠢᠭᠦᠷᠯᠡᠨ ᠰᠠᠬᠢᠬᠤ ᠬᠥᠮᠦᠨ ᠲᠠᠢ ᠪᠠᠶᠢᠬᠤ ᠶᠢ ᠦᠨᠡᠨ ᠬᠦ ᠪᠠᠲᠤᠯᠠᠵᠤ᠂ ᠣᠷᠣᠵᠤ ᠭᠠᠷᠬᠤ ᠬᠠᠮᠢᠶᠠᠷᠤᠯᠲᠠ ᠶᠢ ᠨᠠᠷᠢᠨ ᠬᠢᠨᠠᠮᠠᠭᠠᠶ ᠰᠠᠶᠢᠲᠤᠷ  ᠂ ᠳᠤᠷ᠎ᠠ ᠪᠠᠷ ᠨᠢ ᠲᠠᠯᠪᠢᠬᠤ ᠦᠵᠡᠭᠳᠡᠯ ᠢ ᠶᠠᠭᠠᠬᠢᠭᠰᠠᠨ ᠴᠤ ᠭᠠᠷᠭᠠᠵᠤ ᠪᠣᠯᠬᠤ ᠥᠬᠡᠶ ᠭᠡᠵᠦ ᠵᠢᠭᠠᠵᠤ ᠭᠠᠷᠭᠠᠪᠠ᠃ ᠲᠤᠬᠤᠢ ᠶᠢᠨ ᠪᠠᠶᠢᠰᠢᠩ ᠡᠮᠦᠨᠡᠲᠦ ᠵᠡᠭᠡᠯᠢ ᠪᠣᠯ ᠢᠳᠡᠭᠡᠨ ᠤᠮᠳᠠᠭᠠᠨ ᠰᠤᠯᠠ ᠢᠳᠡᠭᠡᠨ ᠲᠥᠪᠯᠡᠷᠡᠭᠰᠡᠨ ᠭᠠᠵᠠᠷ ᠪᠤᠯᠤᠨ᠎ᠠ᠃ ᠱᠢ ᠲᠠᠢ ᠹᠧᠩ ᠼᠠᠢ ᠯᠢ ᠷᠧᠨ ᠬᠠᠳᠠᠭᠠᠭᠰᠠᠨ ᠵᠢᠮᠢᠰ ᠤᠨ ᠳᠡᠯᠭᠡᠭᠦᠷ᠂ ᠠᠬ᠎ᠠ ᠳᠡᠭᠦᠸ ᠭᠤᠷᠪᠠᠭᠤᠯᠠ ᠮᠢᠨᠳᠤᠤᠷ ᠤᠨ ᠬᠤᠭᠤᠯᠠᠨ ᠬᠡᠷ᠂ ᠢᠤᠢ ᠫᠢᠨ ᠬᠤᠩ ᠵᠢᠮᠢᠰ ᠤᠨ  ᠳᠡᠯᠭᠡᠭᠦᠷ ᠵᠡᠷᠭᠡ ᠡᠭᠦᠳᠡᠨ ᠳᠡᠯᠭᠡᠭᠦᠷ ᠢᠶᠠᠷ ᠣᠷᠣᠵᠤ᠂ ᠬᠥᠮᠦᠰ ᠣᠷᠣᠵᠤ ᠢᠷᠡᠬᠦ ᠳᠤ ᠺᠤᠳ᠋ ᠰᠢᠷᠪᠢᠵᠦ ᠪᠠᠶᠢᠬᠤ ᠡᠰᠡᠬᠦ ᠶᠢ ᠨᠠᠷᠢᠨ ᠠᠵᠢᠭᠯᠠᠵᠤ᠂ ᠬᠠᠮᠢᠶ᠎ᠠ ᠪᠦᠬᠦᠢ ᠪᠠᠶᠢᠳᠠᠯ ᠢ ᠨᠠᠷᠢᠨ ᠠᠰᠠᠭᠤᠪᠠ᠃ ᠬᠤᠭᠤᠯᠠᠨ ᠭᠡᠷ ᠲᠤ ᠬᠤᠭᠤᠯᠠᠯᠠᠵᠤ ᠪᠤᠯᠬᠤ ᠶᠢ  ᠠᠷᠠᠯᠵᠢᠶ᠎ᠠ ᠮᠠᠶᠢᠮᠠᠢ ᠶᠠᠮᠠᠷ  ᠪᠤᠢ᠂ ᠵᠠᠬᠢᠶᠠᠯᠠᠭ᠎ᠠ ᠶᠢᠨ ᠬᠤᠭᠤᠯᠠ ᠬᠦᠷᠭᠡᠬᠦ ᠠᠵᠢᠯ ᠰᠠᠶᠢᠨ  ᠡᠰᠡᠬᠦ᠂ ᠰᠠᠷ᠎ᠠ ᠪᠦᠷᠢ ᠶᠢᠨ ᠣᠷᠣᠯᠭ᠎ᠠ ᠨᠢ ᠬᠡᠳᠦᠢ ᠪᠤᠢ᠂ ᠳᠡᠯᠭᠡᠭᠦᠷ ᠢᠶᠠᠨ ᠬᠠᠭᠠᠬᠰᠠᠨ ᠬᠤᠭᠤᠴᠠᠭᠠᠨ ᠳᠤ ᠴᠠᠯᠢᠩ ᠲᠠᠢ ᠡᠰᠡᠬᠦ ᠪᠠᠶᠢᠳᠠᠯ ᠢ ᠲᠡᠷᠡ ᠳᠡᠯᠭᠡᠭᠦᠷ ᠤᠨ ᠳᠠᠷᠤᠭ᠎ᠠ ᠪᠣᠯᠤᠨ ᠳᠡᠯᠭᠡᠭᠦᠷ ᠤᠨ ᠠᠵᠢᠯᠳᠡᠨ ᠲᠠᠢ ᠭᠦᠨᠵᠡᠭᠡᠢ ᠶᠠᠷᠢᠯᠴᠠᠵᠤ᠂ ᠲᠡᠳᠡᠨ ᠤ ᠣᠷᠣᠯᠭ᠎ᠠ ᠪᠣᠯᠤᠨ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃ ᠱᠢ ᠲᠠᠢ ᠹᠧᠩ᠂ ᠵᠢᠵᠢᠭ ᠳᠡᠯᠭᠡᠭᠦᠷ ᠨᠢᠭᠡᠪᠦᠷᠢ ᠴᠥᠮ ᠮᠠᠰᠢ ᠤᠯᠠᠨ ᠭᠡᠷ ᠪᠦᠯᠢ ᠶᠢᠨ ᠠᠮᠢᠳᠤᠷᠠᠯ ᠲᠠᠢ ᠬᠤᠯᠪᠣᠭᠳᠠᠵᠤ ᠪᠠᠶᠢᠳᠠᠭ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠰᠠᠶᠢᠨ ᠪᠣᠯᠪᠠᠯ ᠠᠷᠠᠯᠵᠢᠶ᠎ᠠ ᠰᠠᠶ᠋ᠢ ᠰᠠᠶᠢᠨ ᠪᠤᠯᠵᠤ ᠴᠢᠳᠠᠨ᠎ᠠ᠃ ᠡᠵᠡᠩᠨᠡᠯᠲᠡ ᠶᠢᠨ ᠭᠠᠵᠠᠷ ᠪᠣᠯᠭᠠᠨ ᠴᠥᠮ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠮᠰᠠᠷ ᠢᠶᠠᠨ ᠳᠡᠭᠡᠭᠰᠢᠯᠡᠭᠦᠯᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ᠬᠢᠯᠪᠠᠷ ᠪᠤᠰᠤ ᠪᠠᠷ ᠢᠷᠡᠭᠰᠡᠨ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢᠶᠠᠨ ᠬᠠᠮᠲᠤ ᠪᠠᠷ ᠰᠠᠶᠢᠲᠤᠷ ᠬᠠᠮᠠᠭᠠᠯᠠᠬᠤ ᠬᠡᠷᠡᠭᠲᠡᠶ ᠭᠡᠵᠦ ᠬᠡᠯᠡᠪᠡ᠃

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠢᠤᠢ ᠯᠢ ᠰᠢᠨ ᠠᠵᠢᠯᠯᠠᠭ᠎ᠠ ᠳᠤ ᠣᠷᠣᠯᠴᠠᠵᠠᠶ᠃    

 

 


   :                    
   :           
备案序号:蒙ICP备05003250号 公安备案15010502000173