ᠵᠤᠬᠢᠶᠠᠭᠴᠢ:
ᠴᠠᠭ:2022-04-15
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠬᠤ ᠪᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ ᠬᠦᠴᠦᠨ ᠨᠡᠮᠡᠷᠢᠯᠡᠪᠡ
ᠭᠠᠳᠠᠭᠠᠳᠤ ᠭᠠᠷᠭᠠᠯᠭ᠎ᠠ ᠶᠢᠨ ᠭᠠᠶᠢᠯᠢ ᠶᠢ ᠪᠤᠴᠠᠭᠠᠬᠤ ᠵᠡᠷᠭᠡ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠭᠠᠳᠠᠭᠠᠳᠤ ᠠᠷᠠᠯᠵᠢᠶᠠᠨ ᠤ ᠲᠣᠭᠲᠠᠭᠤᠨ ᠬᠥᠭᠵᠢᠯᠲᠡ ᠶᠢ ᠠᠬᠢᠭᠤᠯᠬᠤ ᠪᠠᠷ ᠲᠣᠭᠲᠠᠪᠠ
ᠮᠥᠩᠭᠦᠨ ᠭᠦᠢᠯᠭᠡᠭᠡᠨ ᠢᠶᠠᠷ ᠪᠣᠳᠠᠲᠤ ᠴᠣᠭᠴᠠᠲᠤ ᠠᠵᠤ ᠠᠬᠤᠢ ᠶᠢ ᠳᠡᠮᠵᠢᠬᠦ ᠠᠷᠭ᠎ᠠ ᠬᠡᠮᠵᠢᠶ᠎ᠡ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠡᠯᠡ ᠲᠣᠬᠢᠷᠠᠭᠤᠯᠬᠤ ᠥᠪᠡᠷ ᠤᠨ ᠥᠷᠲᠡᠭ ᠢ ᠪᠠᠭᠤᠷᠠᠭᠤᠯᠬᠤ ᠶᠢ ᠬᠥᠲᠥᠯᠥᠨ ᠵᠢᠯᠣᠭᠤᠳᠬᠤ ᠪᠠᠷ ᠲᠣᠭᠲᠠᠪᠠ
ᠰᠢᠨᠬᠤᠸᠠ ᠬᠤᠷᠢᠶᠠᠨ ᠤ ᠪᠡᠭᠡᠵᠢᠩ ᠤᠨ 2022 4 ᠳ᠋ᠦ᠋ᠭᠡᠷ ᠰᠠᠷ᠎ᠠ ᠶᠢᠨ 13 ᠤ ᠡᠳᠦᠷ ᠤᠨ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 2022 4 ᠳ᠋ᠦ᠋ᠭᠡᠷ ᠰᠠᠷ᠎ᠠ ᠶᠢᠨ 13 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠡᠷᠡᠭᠯᠡᠭᠡ ᠶᠢ ᠠᠬᠢᠭᠤᠯᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠠᠶᠢᠷᠢᠯᠠᠭᠤᠯᠵᠤ᠂ ᠠᠵᠤ ᠠᠬᠤᠢ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠬᠤ ᠪᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ ᠬᠦᠴᠦᠨ ᠨᠡᠮᠡᠷᠢᠯᠡᠪᠡ︔ ᠭᠠᠳᠠᠭᠠᠳᠤ ᠭᠠᠷᠭᠠᠯᠭ᠎ᠠ ᠶᠢᠨ ᠭᠠᠶᠢᠯᠢ ᠶᠢ ᠪᠤᠴᠠᠭᠠᠬᠤ ᠵᠡᠷᠭᠡ ᠲᠦᠷᠦ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠭᠠᠳᠠᠭᠠᠳᠤ ᠠᠷᠠᠯᠵᠢᠶᠠᠨ ᠤ ᠲᠣᠭᠲᠠᠭᠤᠨ ᠬᠥᠭᠵᠢᠯᠲᠡ ᠶᠢ ᠠᠬᠢᠭᠤᠯᠬᠤ ᠪᠠᠷ ᠲᠣᠭᠲᠠᠪᠠ︔ ᠮᠥᠩᠭᠦᠨ ᠭᠦᠢᠯᠭᠡᠭᠡᠨ ᠢᠶᠠᠷ ᠪᠣᠳᠠᠲᠤ ᠴᠣᠭᠴᠠ ᠶᠢᠨ ᠠᠵᠤ ᠠᠬᠤᠢ ᠶᠢ ᠳᠡᠮᠵᠢᠬᠦ ᠠᠷᠭ᠎ᠠ ᠬᠡᠮᠵᠢᠶ᠎ᠡ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠡᠯᠡ ᠲᠣᠬᠢᠷᠠᠭᠤᠯᠬᠤ ᠥᠪᠡᠷ ᠤᠨ ᠥᠷᠲᠡᠭ ᠢ ᠪᠠᠭᠤᠷᠠᠭᠤᠯᠬᠤ ᠶᠢ ᠬᠥᠲᠥᠯᠥᠨ ᠵᠢᠯᠣᠭᠤᠳᠬᠤ ᠪᠠᠷ ᠲᠣᠭᠲᠠᠪᠠ᠃
ᠬᠤᠷᠠᠯ ᠠᠴᠠ ᠵᠢᠭᠠᠬᠤ ᠳᠤ ᠪᠠᠨ᠂ ᠬᠡᠷᠡᠭᠯᠡᠭᠡ ᠨᠢ ᠠᠵᠤ ᠠᠬᠤᠢ ᠳᠤ ᠤᠳᠠᠭᠠᠨ ᠳᠠᠭᠠᠭᠠᠮᠠᠭᠠᠢ ᠬᠥᠳᠡᠯᠭᠡᠬᠦ ᠬᠦᠴᠦᠨ ᠲᠠᠢ ᠪᠠᠶᠢᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠲᠠᠢ ᠬᠤᠯᠪᠣᠭᠳᠠᠨ᠎ᠠ᠃ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠂ ᠬᠠᠷᠢᠯᠴᠠᠨ ᠬᠠᠮᠵᠢᠯᠴᠠᠵᠤ ᠬᠠᠮᠲᠤ ᠪᠠᠷ ᠬᠦᠴᠦᠯᠡᠨ᠂ ᠠᠯᠤᠰ ᠬᠡᠲᠦ ᠶᠢᠨ ᠪᠠ ᠨᠢᠳᠦᠨ ᠡᠮᠦᠨᠡᠬᠢ ᠠᠰᠢᠭ ᠲᠤᠰᠠ ᠶᠢ ᠬᠠᠮᠲᠤ ᠳᠤ ᠨᠢ ᠬᠠᠷᠠᠭᠠᠯᠵᠠᠵᠤ᠂ ᠣᠳᠣᠬᠠᠨ ᠤ ᠬᠡᠷᠡᠭᠯᠡᠭᠡ ᠶᠢ ᠴᠢᠷᠮᠠᠶᠢᠨ ᠲᠣᠭᠲᠠᠪᠤᠷᠢᠵᠢᠭᠤᠯᠵᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠵᠢᠭᠦᠯᠦᠨ ᠬᠡᠷᠡᠭᠯᠡᠭᠡ ᠶᠢᠨ ᠳᠠᠯᠳᠠ ᠬᠦᠴᠦᠨ ᠢ ᠪᠠᠳᠠᠷᠠᠭᠤᠯᠬᠤ ᠬᠡᠷᠡᠭᠲᠡᠢ᠃ ᠨᠢᠭᠡ ᠳᠤ᠂ ᠬᠢᠵᠢᠭ ᠤᠨ ᠪᠠᠶᠢᠳᠠᠯ ᠤᠨ ᠨᠥᠯᠥᠭᠡ ᠶᠢ ᠂ ᠬᠡᠷᠡᠭᠯᠡᠭᠡ ᠶᠢᠨ ᠰᠡᠷᠭᠦᠯᠲᠡ ᠬᠥᠭᠵᠢᠯᠲᠡ ᠶᠢ ᠠᠬᠢᠭᠤᠯᠤᠨ᠎ᠠ᠃ ᠨᠢᠭᠡᠨᠲᠡ ᠨᠡᠶᠢᠲᠡᠯᠡᠨ ᠬᠡᠷᠡᠭᠵᠢᠭᠦᠯᠦᠭᠰᠡᠨ ᠢᠳᠡᠭᠡᠨ ᠤᠮᠳᠠᠭᠠᠨ᠂ ᠵᠢᠵᠢᠭᠯᠡᠨ ᠬᠤᠳᠠᠯᠳᠤᠬᠤ᠂ ᠠᠶᠠᠯᠠᠯ ᠵᠢᠭᠤᠯᠴᠢᠯᠠᠯ᠂ ᠠᠷᠠᠳ ᠤᠨ ᠠᠭᠠᠷ ᠤᠨ ᠲᠡᠭᠡᠭᠡᠪᠦᠷᠢ᠂ ᠵᠠᠰᠠᠮᠠᠯ ᠵᠠᠮ ᠤᠰᠤᠨ ᠵᠠᠮ ᠲᠡᠮᠦᠷ ᠵᠠᠮ ᠤᠨ ᠲᠡᠭᠡᠭᠡᠪᠦᠷᠢ ᠵᠡᠷᠭᠡ ᠣᠨᠴᠠ ᠬᠦᠴᠢᠷᠳᠡᠯ ᠲᠠᠢ ᠠᠵᠢᠯ ᠲᠦᠷᠦᠯ ᠤᠨ ᠬᠦᠴᠢᠷᠳᠡᠯ ᠢ ᠰᠢᠢᠳᠪᠦᠷᠢᠯᠡᠬᠦ ᠲᠦᠷᠦ ᠶᠢᠨ ᠪᠣᠳᠣᠯᠭ᠎ᠠ ᠶᠢ ᠪᠣᠳᠠᠲᠠᠢ ᠭᠠᠵᠠᠷ ᠲᠤ ᠨᠢ ᠱᠠᠯᠠᠪᠳᠠᠨ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠬᠤ ᠶᠢ ᠵᠣᠷᠢᠭᠵᠢᠭᠤᠯᠵᠤ᠂ ᠨᠡᠩ ᠤᠯᠠᠨ ᠬᠡᠷᠡᠭᠯᠡᠭᠡ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠲᠣᠭᠲᠠᠪᠤᠷᠢᠵᠢᠭᠤᠯᠤᠨ᠎ᠠ᠃ ᠦᠨᠳᠦᠰᠦᠨ ᠬᠡᠷᠡᠭᠯᠡᠭᠡ ᠶᠢᠨ ᠵᠦᠢᠯ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠡᠳ᠋ ᠪᠠᠷᠠᠭᠠᠨ ᠤ ᠭᠦᠢᠯᠭᠡᠭᠡᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠨ᠎ᠠ᠃ ᠶᠡᠷᠦᠩᠬᠡᠶᠢᠯᠡᠭᠰᠡᠨ ᠴᠢᠳᠠᠮᠵᠢ ᠪᠦᠬᠦᠢ ᠬᠤᠲᠠ ᠶᠢᠨ ᠲᠡᠭᠦᠷᠭᠡ ᠶᠢᠨ ᠨᠢᠭᠡ ᠪᠦᠯᠦᠭ ᠲᠣᠮᠣ ᠬᠥᠮᠥᠷᠭᠡ ᠶᠢᠨ ᠰᠠᠭᠤᠷᠢᠨ ᠭᠠᠵᠠᠷ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠪᠠᠴᠢᠮ ᠪᠠᠶᠢᠳᠠᠯ ᠳᠣᠣᠷ᠎ᠠ ᠣᠶᠢᠷ᠎ᠠ ᠬᠠᠪᠢ ᠠᠴᠠ ᠪᠠᠨ ᠠᠮᠢᠳᠤᠷᠠᠯ ᠤᠨ ᠡᠳ᠋ ᠪᠣᠳᠠᠰ ᠢ ᠰᠢᠯᠵᠢᠭᠦᠯᠦᠨ ᠲᠡᠭᠡᠭᠡᠪᠦᠷᠢᠯᠡᠨ᠎ᠡ᠃ ᠬᠤᠶᠠᠷ ᠲᠤ᠂ ᠰᠢᠨ᠎ᠡ ᠬᠡᠯᠪᠡᠷᠢ ᠶᠢᠨ ᠬᠡᠷᠡᠭᠯᠡᠭᠡ ᠶᠢ ᠠᠬᠢᠭᠤᠯᠤᠨ᠎ᠠ᠃ ᠰᠦᠯᠵᠢᠶᠡᠨ ᠳᠡᠭᠡᠷᠡᠬᠢ ᠪᠠ ᠰᠦᠯᠵᠢᠶᠡᠨ ᠤ ᠭᠠᠳᠠᠨᠠᠬᠢ ᠬᠡᠷᠡᠭᠯᠡᠭᠡ ᠶᠢᠨ ᠠᠭᠤᠰᠤᠯᠴᠠᠯ ᠢ ᠲᠦᠷᠭᠡᠳᠬᠡᠵᠦ᠂ ᠣᠶᠤᠨᠴᠢ ᠪᠦᠲᠦᠭᠡᠭᠳᠡᠬᠦᠨ ᠪᠠ ᠦᠢᠯᠡᠴᠢᠯᠡᠭᠡ ᠵᠡᠷᠭᠡ 《ᠣᠶᠤᠨᠴᠢ +》 ᠬᠡᠷᠡᠭᠯᠡᠭᠡ ᠶᠢ ᠪᠣᠶᠢᠵᠢᠭᠤᠯᠤᠨ ᠪᠤᠵᠠᠭᠠᠶᠢᠷᠠᠭᠤᠯᠤᠨ᠎ᠠ᠃ ᠭᠤᠷᠪᠠ ᠳᠤ᠂ ᠭᠤᠣᠯᠳᠠᠯᠭ᠎ᠠ ᠲᠠᠢ ᠬᠦᠷᠢᠶᠡᠨ ᠳᠠᠬᠢ ᠬᠡᠷᠡᠭᠯᠡᠭᠡ ᠶᠢ ᠥᠷᠭᠡᠳᠬᠡᠨ᠎ᠡ᠃ ᠡᠮᠴᠢᠯᠡᠭᠡ ᠡᠷᠡᠭᠦᠯ ᠮᠡᠨᠳᠤ᠂ ᠨᠠᠰᠤᠵᠢᠯ ᠤᠨ ᠠᠰᠠᠷᠠᠮᠵᠢ᠂ ᠨᠠᠶᠢᠳᠠᠨ ᠬᠥᠮᠥᠵᠢᠭᠦᠯᠬᠦ ᠵᠡᠷᠭᠡ ᠦᠢᠯᠡᠴᠢᠯᠡᠭᠡᠨ ᠤ ᠬᠡᠷᠡᠭᠯᠡᠭᠡ ᠶᠢ ᠠᠬᠢᠭᠤᠯᠵᠤ᠂ ᠨᠡᠶᠢᠭᠡᠮ ᠤᠨ ᠬᠦᠴᠦᠨ ᠤ ᠦᠢᠯᠡᠴᠢᠯᠡᠭᠡᠨ ᠤ ᠬᠠᠩᠭᠠᠯᠭ᠎ᠠ ᠶᠢᠨ ᠳᠤᠲᠠᠭᠤᠳᠠᠯ ᠢᠶᠠᠨ ᠨᠥᠬᠦᠪᠦᠷᠢᠯᠡᠬᠦ ᠶᠢ ᠲᠡᠮᠵᠢᠨ᠎ᠡ᠃ ᠮᠠᠰᠢᠨ ᠲᠡᠷᠭᠡ᠂ ᠭᠡᠷ ᠤᠨ ᠴᠠᠬᠢᠯᠭᠠᠨ ᠬᠡᠷᠡᠭᠰᠡᠯ ᠵᠡᠷᠭᠡ ᠥᠷᠭᠡᠨ ᠬᠡᠷᠡᠭᠴᠡᠭᠡᠨ ᠤ ᠬᠡᠷᠡᠭᠯᠡᠭᠡ ᠶᠢ ᠵᠣᠷᠢᠭᠵᠢᠭᠤᠯᠵᠤ᠂ ᠡᠯ᠎ᠡ ᠭᠠᠵᠠᠷ ᠤᠨ ᠬᠢᠨ ᠮᠠᠰᠢᠨ ᠲᠡᠷᠭᠡ ᠬᠤᠳᠠᠯᠳᠤᠨ ᠠᠪᠬᠤ ᠶᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠰᠢᠨ᠎ᠡ ᠪᠠᠷ ᠨᠡᠮᠡᠭᠳᠡᠭᠦᠯᠵᠦ ᠪᠣᠯᠬᠤ ᠦᠭᠡᠢ᠂ ᠬᠤᠳᠠᠯᠳᠤᠨ ᠠᠪᠬᠤ ᠶᠢ ᠬᠢᠵᠠᠭᠠᠷᠯᠠᠬᠤ ᠶᠢ ᠨᠢᠭᠡᠨᠲᠡ ᠬᠡᠷᠡᠭᠵᠢᠭᠦᠯᠦᠭᠰᠡᠨ ᠪᠠᠶᠢᠪᠠᠯ ᠮᠠᠰᠢᠨ ᠲᠡᠷᠭᠡᠨ ᠤ ᠨᠡᠮᠡᠭᠳᠡᠯ ᠤᠨ ᠭᠦᠢᠴᠡᠳᠬᠡᠯ ᠲᠤᠭ᠎ᠠ ᠶᠢ ᠠᠯᠬᠤᠮ ᠠᠯᠬᠤᠮ ᠢᠶᠠᠷ ᠨᠡᠮᠡᠭᠳᠡᠭᠦᠯᠦᠨ᠎ᠡ᠃ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠷᠡᠭᠯᠡᠭᠡ ᠪᠠ ᠴᠠᠬᠢᠯᠭᠠᠨ ᠴᠡᠨᠡᠭᠯᠡᠬᠦ ᠪᠠᠭᠠᠨ᠎ᠠ ᠶᠢᠨ ᠪᠦᠲᠦᠭᠡᠨ ᠪᠠᠶᠢᠭᠤᠯᠤᠯᠲᠠ ᠶᠢ ᠲᠡᠮᠵᠢᠨ᠎ᠠ᠃ ᠳᠥᠷᠪᠡ ᠳᠤ᠂ ᠰᠢᠶᠠᠨ ᠪᠠ ᠰᠢᠶᠠᠩ ᠤᠨ ᠬᠡᠷᠡᠭᠯᠡᠭᠡ ᠶᠢᠨ ᠲᠠᠯᠳᠠ ᠬᠦᠴᠦᠨ ᠢ ᠠᠭᠤᠳᠠᠯᠤᠨ᠎ᠠ᠃ ᠬᠤᠳᠠᠯᠳᠤᠭ᠎ᠠ ᠠᠷᠠᠯᠵᠢᠶ᠎ᠠ ᠶᠢᠨ ᠭᠦᠢᠯᠭᠡᠭᠡᠨ ᠤ ᠠᠵᠤ ᠠᠬᠤᠶᠢᠯᠠᠯ᠂ ᠡᠯᠧᠺᠲᠷᠣᠨ ᠬᠤᠳᠠᠯᠳᠤᠭᠠᠨ ᠤ ᠲᠠᠪᠴᠠᠩ ᠵᠡᠷᠭᠡ ᠶᠢᠨ ᠬᠥᠳᠡᠭᠡ ᠲᠣᠰᠬᠤᠨ ᠲᠡᠶᠢᠰᠢ ᠥᠷᠭᠡᠳᠬᠦ ᠶᠢ ᠬᠥᠲᠥᠯᠥᠨ ᠵᠢᠯᠤᠭᠤᠳᠴᠤ᠂ ᠨᠠᠷᠠᠲᠤ ᠲᠥᠷᠥᠯ ᠲᠡᠮᠳᠡᠭᠲᠦ ᠪᠠ ᠶᠠᠰᠤ ᠴᠢᠨᠠᠷ ᠤᠨ ᠬᠡᠷᠡᠭᠯᠡᠭᠡ ᠶᠢ ᠬᠥᠳᠡᠭᠡ ᠲᠣᠰᠬᠤᠨ ᠳᠤ ᠣᠷᠣᠭᠤᠯᠬᠤ ᠶᠢ ᠠᠬᠢᠭᠤᠯᠤᠨ᠎ᠠ᠃ ᠲᠠᠪᠤ ᠳᠤ᠂ ᠪᠠᠲᠤᠯᠠᠭ᠎ᠠ ᠶᠢ ᠴᠢᠩᠭᠠᠳᠬᠠᠨ᠎ᠠ᠃ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠡᠷᠡᠭᠯᠡᠭᠡ ᠶᠢ ᠬᠢᠵᠠᠭᠠᠷᠯᠠᠵᠤ ᠪᠠᠶᠢᠭ᠎ᠠ ᠬᠠᠷᠰᠢ ᠰᠠᠭᠠᠳ ᠢ ᠠᠷᠢᠯᠭᠠᠨ᠎ᠠ᠃ ᠬᠡᠷᠡᠭᠯᠡᠭᠡ ᠶᠢᠨ ᠲᠠᠪᠴᠠᠩ ᠤᠨ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠠᠬᠢᠭᠤᠯᠤᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠥᠷᠭᠡᠨ ᠬᠡᠷᠡᠭᠴᠡᠭᠡᠨ ᠤ ᠬᠡᠷᠡᠭᠯᠡᠭᠡᠨ ᠤ ᠮᠥᠩᠭᠦᠨ ᠭᠦᠢᠯᠭᠡᠭᠡᠨ ᠤ ᠨᠡᠷᠡᠳᠬᠦᠨ ᠢ ᠪᠠᠶᠠᠯᠢᠭᠵᠢᠭᠤᠯᠤᠨ᠎ᠠ᠃ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠬᠡᠷᠡᠭᠯᠡᠭᠡ ᠶᠢᠨ ᠬᠠᠮᠢᠶ᠎ᠠ ᠪᠦᠬᠦᠢ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠤᠰᠬᠠᠢ ᠵᠦᠢᠯ ᠤᠨ ᠥᠷᠢ ᠥᠭᠴᠡᠭᠡ ᠪᠠᠷ ᠳᠡᠮᠵᠢᠬᠦ ᠬᠦᠷᠢᠶ᠎ᠡ ᠬᠡᠪᠴᠢᠶᠡᠨ ᠳᠤ ᠣᠷᠣᠭᠤᠯᠵᠤ᠂ ᠪᠡᠯᠡ ᠣᠷᠣᠭᠤᠯᠤᠯᠲᠠ ᠪᠠᠷ ᠬᠡᠷᠡᠭᠯᠡᠭᠡ ᠶᠢ ᠳᠠᠶᠢᠴᠢᠯᠠᠨ᠎ᠠ᠃ ᠬᠤᠳᠠᠯ ᠬᠠᠭᠤᠷᠮᠠᠭ ᠴᠢᠨᠠᠷ ᠮᠠᠭᠤ᠂ ᠦᠨ᠎ᠡ ᠬᠠᠩᠰᠢ ᠶᠢᠨ ᠮᠡᠬᠡᠯᠡᠯ᠂ ᠬᠤᠳᠠᠯ ᠬᠠᠭᠤᠷᠮᠠᠭ ᠤᠬᠠᠭᠤᠯᠭ᠎ᠠ ᠵᠡᠷᠭᠡ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠵᠠᠯᠬᠠᠭᠠᠨ ᠰᠢᠢᠳᠬᠡᠨ᠎ᠡ ᠭᠡᠵᠡᠢ᠃
ᠬᠤᠷᠠᠯ ᠠᠴᠠ ᠵᠢᠭᠠᠬᠤ ᠳᠤ ᠪᠠᠨ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠬᠦᠴᠢᠷᠳᠡᠯ ᠢ ᠨᠠᠮᠳᠠᠭᠤᠯᠵᠤ᠂ ᠭᠠᠳᠠᠭᠠᠳᠤ ᠣᠷᠣᠭᠤᠯᠤᠯᠲᠠ ᠪᠠ ᠭᠠᠳᠠᠭᠠᠳᠤ ᠭᠠᠷᠭᠠᠯᠲᠠ ᠶᠢᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠬᠤ ᠶᠢᠨ ᠲᠤᠰᠠᠳᠠ᠂ ᠭᠠᠳᠠᠭᠠᠳᠤ ᠭᠠᠷᠭᠠᠯᠭ᠎ᠠ ᠶᠢᠨ ᠭᠠᠶᠢᠯᠢ ᠶᠢ ᠪᠤᠴᠠᠭᠠᠬᠤ ᠡᠨᠡ ᠬᠦ ᠲᠦᠭᠡᠮᠡᠯ ᠬᠠᠷᠠᠭᠠᠯᠵᠠᠬᠤ ᠪᠥᠭᠡᠳ ᠡᠷᠬᠡ ᠲᠡᠭᠰᠢ᠂ ᠤᠯᠠᠨ ᠤᠯᠤᠰ ᠤᠨ ᠳᠦᠷᠢᠮ ᠳᠤ ᠨᠡᠶᠢᠴᠡᠭᠰᠡᠨ ᠲᠦᠷᠦ ᠶᠢᠨ ᠪᠣᠳᠣᠯᠭ᠎ᠠ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠶᠢᠨ ᠬᠠᠮᠲᠤ ᠤᠯᠠᠨ ᠲᠠᠯ᠎ᠠ ᠠᠴᠠ ᠭᠠᠳᠠᠭᠠᠳᠤ ᠠᠷᠠᠯᠵᠢᠶᠠᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠡᠷᠡᠭᠲᠡᠢ᠃ ᠨᠢᠭᠡ ᠳᠤ᠂ ᠠᠷᠠᠯᠵᠢᠶᠠᠯᠠᠬᠤ ᠠᠵᠤ ᠠᠬᠤᠶᠢᠯᠠᠯ ᠳᠤ ᠤᠯᠤᠰ ᠠᠴᠠ ᠭᠠᠳᠠᠭᠠᠳᠤ ᠳᠤ ᠭᠠᠷᠭᠠᠬᠤ ᠦᠢᠯᠡᠳᠬᠦᠨ ᠠᠴᠠ ᠲᠠᠲᠠᠪᠤᠷᠢᠯᠠᠬᠤ ᠭᠠᠶᠢᠯᠢ ᠶᠢᠨ ᠨᠤᠷᠮ᠎ᠠ ᠶᠢ ᠨᠢᠭᠡᠳᠦᠯᠲᠡᠢ ᠪᠠᠶᠢᠯᠭᠠᠬᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠤ ᠲᠠᠷᠠᠭ᠎ᠠ ᠪᠤᠴᠠᠭᠠᠬᠤ ᠶᠣᠰᠣᠲᠠᠢ ᠪᠠᠶᠢᠲᠠᠯ᠎ᠠ ᠪᠤᠴᠠᠭᠠᠭᠰᠠᠨ ᠦᠭᠡᠢ ᠭᠠᠶᠢᠯᠢ ᠶᠢᠨ ᠲᠤᠭ᠎ᠠ ᠶᠢ ᠣᠷᠣᠭᠤᠯᠤᠭᠰᠠᠨ ᠵᠦᠢᠯ ᠤᠨ ᠭᠠᠶᠢᠯᠢ ᠶᠢᠨ ᠲᠣᠭᠠᠨ ᠳᠤ ᠰᠢᠯᠵᠢᠭᠦᠯᠦᠨ ᠣᠷᠣᠭᠤᠯᠵᠤ ᠦᠷᠳᠡᠭ ᠨᠡᠮᠡᠭᠳᠡᠯ ᠤᠨ ᠭᠠᠶᠢᠯᠢ ᠪᠠᠷ ᠲᠤᠯᠭᠠᠨ ᠰᠠᠭᠤᠳᠬᠠᠬᠤ ᠶᠢ ᠵᠥᠪᠰᠢᠶᠡᠷᠡᠨ᠎ᠡ᠃ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠣᠯᠣᠭᠰᠠᠨ ᠭᠠᠳᠠᠭᠠᠳᠤ ᠳᠤ ᠭᠠᠷᠭᠠᠬᠤ ᠢᠲᠡᠭᠡᠮᠵᠢ ᠶᠢᠨ ᠳᠠᠭᠠᠳᠬᠠᠯ ᠤᠨ ᠲᠥᠯᠥᠪᠦᠷᠢ ᠶᠢᠨ ᠵᠣᠭᠤᠰ ᠢ ᠭᠤᠪᠢᠭᠤᠯᠭ᠎ᠠ ᠬᠤᠷᠢᠶᠠᠭᠰᠠᠨ ᠢᠶᠠᠷ ᠦᠵᠡᠵᠦ᠂ ᠭᠠᠶᠢᠯᠢ ᠶᠢ ᠪᠤᠴᠠᠭᠠᠬᠤ ᠭᠠᠷ ᠭᠦᠢᠴᠡᠳᠬᠡᠯ ᠬᠢᠵᠦ ᠥᠭᠭᠦᠨ᠎ᠡ᠃ ᠬᠢᠯᠢ ᠠᠴᠠ ᠭᠠᠷᠤᠭᠰᠠᠨ ᠭᠠᠶᠢᠯᠢ ᠪᠤᠴᠠᠭᠠᠬᠤ ᠲᠦᠷᠦ ᠶᠢᠨ ᠪᠣᠳᠣᠯᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ 《ᠬᠤᠳᠠᠯᠳᠤᠨ ᠠᠪᠤᠭᠰᠠᠨ ᠳᠠᠷᠤᠢ ᠳᠤ ᠨᠢ ᠪᠤᠴᠠᠭᠠᠬᠤ》 ᠵᠡᠷᠭᠡ ᠲᠦᠬᠦᠮ ᠦᠵᠡᠭᠦᠯᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠬᠤᠶᠠᠷ ᠲᠤ᠂ ᠭᠠᠶᠢᠯᠢ ᠪᠤᠴᠠᠭᠠᠬᠤ ᠠᠬᠢᠴᠠ ᠶᠢ ᠲᠦᠷᠭᠡᠳᠬᠡᠨ᠎ᠡ᠃ ᠰᠠᠯᠠᠭ᠎ᠠ ᠮᠥᠴᠢᠷ ᠤᠳ ᠤᠨ ᠲᠤᠭ᠎ᠠ ᠪᠠᠷᠢᠮᠲᠠ ᠶᠢ ᠬᠠᠮᠲᠤ ᠳᠤ ᠪᠠᠨ ᠬᠦᠷᠲᠡᠬᠦ ᠶᠢ ᠴᠢᠩᠭᠠᠳᠬᠠᠵᠤ᠂ ᠭᠠᠶᠢᠯᠢ ᠪᠤᠴᠠᠭᠠᠬᠤ ᠳᠤ ᠬᠡᠷᠡᠭᠰᠡᠬᠦ ᠮᠠᠲ᠋ᠧᠷᠢᠶᠠᠯ ᠢ ᠴᠣᠮᠬᠠᠳᠬᠠᠵᠤ᠂ ᠭᠤᠶᠤᠴᠢᠯᠠᠨ ᠮᠡᠳᠡᠭᠦᠯᠬᠦ᠂ ᠬᠢᠨᠠᠨ ᠬᠠᠷᠭᠤᠭᠤᠯᠬᠤ᠂ ᠬᠠᠷᠢᠭᠤ ᠲᠤᠰᠬᠠᠬᠤ ᠪᠦᠬᠦ ᠴᠤᠪᠤᠷᠠᠯ ᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠵᠦ᠂ ᠡᠨᠡ ᠵᠢᠯ ᠳᠤᠮᠳᠠᠴᠢ ᠪᠠᠷ ᠬᠡᠪ ᠤᠨ ᠭᠠᠶᠢᠯᠢ ᠶᠢ ᠪᠤᠴᠠᠭᠠᠬᠤ ᠭᠠᠷᠳᠠᠨ ᠭᠦᠢᠴᠡᠳᠬᠡᠬᠦ ᠴᠠᠭ ᠢ 7 ᠠᠵᠢᠯᠯᠠᠬᠤ ᠡᠳᠦᠷ ᠠᠴᠠ 6 ᠠᠵᠢᠯᠯᠠᠬᠤ ᠡᠳᠦᠷ ᠪᠣᠯᠭᠠᠨ ᠤᠯᠠᠮ ᠨᠢᠭᠡ ᠠᠯᠬᠤᠮ ᠪᠣᠭᠤᠨᠢᠰᠬᠠᠨ᠎ᠠ᠃ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠤᠨ ᠭᠠᠶᠢᠯᠢ ᠪᠤᠴᠠᠭᠠᠬᠤ ᠶᠢ ᠲᠥᠪᠯᠡᠷᠡᠭᠦᠯᠦᠨ ᠣᠷᠣᠯᠠᠨ ᠭᠦᠢᠴᠡᠳᠬᠡᠬᠦ ᠶᠢ ᠲᠡᠮᠵᠢᠨ᠎ᠡ᠃ ᠭᠤᠷᠪᠠ ᠳᠤ᠂ ᠭᠠᠳᠠᠭᠠᠳᠤ ᠠᠷᠠᠯᠵᠢᠶᠠᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠭᠠᠳᠠᠭᠠᠳᠤ ᠳᠤ ᠭᠠᠷᠭᠠᠬᠤ ᠪᠠᠷᠠᠭ᠎ᠠ ᠶᠢ ᠪᠤᠴᠠᠭᠠᠨ ᠲᠡᠭᠡᠭᠡᠪᠦᠷᠢᠯᠡᠵᠦ ᠪᠣᠭᠤᠮᠲᠠ ᠪᠠᠷ ᠥᠩᠭᠡᠷᠡᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠭᠠᠳᠠᠭᠠᠳᠤ ᠳᠠᠬᠢ ᠬᠥᠮᠥᠷᠭᠡ ᠶᠢᠨ ᠬᠥᠭᠵᠢᠯᠲᠡ ᠶᠢ ᠳᠡᠮᠵᠢᠬᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠪᠠᠷᠠᠭ᠎ᠠ ᠶᠢ ᠪᠤᠴᠠᠭᠠᠵᠤ ᠰᠣᠯᠢᠬᠤ ᠳᠤ ᠲᠦᠬᠦᠮ ᠦᠵᠡᠭᠦᠯᠬᠦ ᠲᠦᠷᠦ ᠶᠢᠨ ᠪᠣᠳᠣᠯᠭ᠎ᠠ ᠶᠢ ᠰᠤᠳᠤᠯᠤᠨ ᠲᠣᠭᠲᠠᠭᠠᠨ᠎ᠠ᠃ ᠢᠲᠡᠭᠡᠮᠵᠢ ᠪᠠᠷ ᠥᠨᠳᠥᠷ ᠠᠵᠤ ᠠᠬᠤᠶᠢᠯᠠᠯ ᠳᠤ ᠪᠣᠭᠤᠮᠲᠠ ᠪᠠᠷ ᠥᠩᠭᠡᠷᠡᠭᠦᠯᠬᠦ᠂ ᠭᠠᠶᠢᠯᠢ ᠶᠢ ᠪᠤᠴᠠᠭᠠᠬᠤ ᠵᠡᠷᠭᠡ ᠲᠠᠯ᠎ᠠ ᠪᠠᠷ ᠨᠡᠩ ᠤᠯᠠᠨ ᠲᠦᠬᠦᠮ ᠦᠵᠡᠭᠦᠯᠵᠦ᠂ ᠬᠤᠳᠠᠯ ᠬᠠᠭᠤᠷᠮᠠᠭ ᠢᠶᠠᠷ ᠭᠠᠳᠠᠭᠠᠳᠤ ᠳᠤ ᠭᠠᠷᠭᠠᠬᠤ᠂ ᠭᠠᠶᠢᠯᠢ ᠪᠤᠴᠠᠭᠠᠬᠤ ᠶᠢ ᠮᠡᠬᠡᠯᠡᠨ ᠠᠪᠬᠤ ᠵᠡᠷᠭᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠬᠡᠨ᠎ᠡ ᠭᠡᠵᠡᠢ᠃
ᠬᠤᠷᠠᠯ ᠠᠴᠠ ᠲᠣᠭᠲᠠᠭᠠᠬᠤ ᠳᠤ ᠪᠠᠨ᠂ ᠣᠳᠣᠬᠠᠨ ᠤ ᠪᠠᠶᠢᠳᠠᠯ ᠤᠨ ᠬᠤᠪᠢᠷᠠᠯᠲᠠ ᠳᠤ ᠴᠢᠭᠯᠡᠭᠦᠯᠦᠨ᠂ ᠰᠠᠯᠭᠠᠨ ᠪᠡᠯᠡᠳᠬᠡᠬᠦ ᠬᠢᠷᠢ ᠲᠦᠪᠰᠢᠨ ᠢᠶᠠᠷ ᠨᠡᠯᠢᠶᠡᠳ ᠥᠨᠳᠥᠷ ᠲᠣᠮᠣ ᠬᠡᠯᠪᠡᠷᠢ ᠶᠢᠨ ᠪᠠᠩᠬᠢ ᠶᠢᠨ ᠰᠠᠯᠭᠠᠨ ᠪᠡᠯᠡᠳᠬᠡᠬᠦ ᠪᠦᠷᠬᠦᠴᠡ ᠶᠢᠨ ᠨᠣᠷᠮ᠎ᠠ ᠶᠢ ᠡᠮᠬᠢ ᠵᠢᠷᠤᠮ ᠲᠠᠢ ᠪᠠᠷ ᠪᠠᠭᠤᠷᠠᠭᠤᠯᠬᠤ ᠶᠢ ᠵᠣᠷᠢᠭᠵᠢᠭᠤᠯᠵᠤ᠂ ᠪᠡᠯᠡᠳᠬᠡᠯ ᠮᠥᠩᠭᠦ ᠶᠢ ᠪᠠᠭᠤᠷᠠᠭᠤᠯᠬᠤ ᠵᠡᠷᠭᠡ ᠵᠣᠭᠤᠰᠤᠨ ᠤ ᠲᠦᠷᠦ ᠶᠢᠨ ᠪᠣᠳᠣᠯᠭ᠎ᠠ ᠶᠢᠨ ᠪᠠᠭᠠᠵᠢ ᠶᠢ ᠴᠠᠭ ᠲᠤᠬᠠᠢ ᠳᠤ ᠨᠢ ᠲᠣᠬᠢᠷᠠᠭᠤᠯᠤᠨ ᠬᠡᠷᠡᠭᠯᠡᠵᠦ᠂ ᠪᠠᠩᠬᠢ ᠶᠢᠨ ᠢᠲᠡᠭᠡᠮᠵᠢᠲᠦ ᠵᠢᠭᠡᠯᠡᠯᠭᠡ ᠲᠠᠯᠪᠢᠬᠤ ᠴᠢᠳᠠᠪᠤᠷᠢ ᠪᠠᠨ ᠨᠡᠮᠡᠭᠳᠡᠭᠦᠯᠬᠦ ᠶᠢ ᠠᠬᠢᠭᠤᠯᠵᠤ᠂ ᠪᠣᠳᠠᠲᠤ ᠴᠣᠭᠴᠠᠲᠤ ᠠᠵᠤ ᠠᠬᠤᠢ ᠢᠯᠠᠩᠭᠤᠶ᠎ᠠ ᠬᠢᠵᠢᠭ ᠤᠨ ᠪᠠᠶᠢᠳᠠᠯ ᠳᠤ ᠬᠦᠨᠳᠦ ᠨᠣᠴᠢᠲᠠᠢ ᠨᠥᠯᠥᠭᠡᠯᠡᠭᠳᠡᠭᠰᠡᠨ ᠠᠵᠢᠯ ᠲᠦᠷᠦᠯ ᠪᠠ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠦᠵᠡᠭᠦᠯᠬᠦ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠪᠣᠳᠠᠲᠤ ᠴᠣᠭᠴᠠᠲᠤ ᠠᠵᠤ ᠠᠬᠤᠢ ᠳᠤ ᠵᠦᠢ ᠵᠣᠬᠢᠰᠲᠠᠢ ᠪᠠᠷ ᠠᠰᠢᠭ ᠣᠯᠭᠤᠵᠤ᠂ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠪᠡᠯᠡ ᠲᠣᠬᠢᠷᠠᠭᠤᠯᠬᠤ ᠥᠪᠡᠷ ᠤᠨ ᠦᠷᠲᠡᠭ ᠢ ᠪᠠᠭᠤᠷᠠᠭᠤᠯᠤᠨ᠎ᠠ ᠭᠡᠵᠡᠢ᠃
ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃