ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠳ᠋ᠦᠩᠨᠡᠯᠲᠡ ᠬᠢᠵᠦ ᠬᠦᠬᠢᠭᠦᠯᠦᠨ ᠰᠠᠶᠢᠰᠢᠶᠠᠬᠤ ᠶᠡᠭᠡ ᠬᠤᠷᠠᠯ ᠦᠪᠡᠳᠡᠭᠰᠢ ᠶᠡᠭᠡ ᠪᠠᠷ ᠶᠠᠪᠤᠭᠳᠠᠪᠠ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠠᠢ
ᠰᠢᠨᠬᠤᠸᠠ ᠬᠤᠷᠢᠶᠠᠨ ᠤ ᠪᠡᠭᠡᠵᠢᠩ ᠤᠨ 2022 4 ᠳ᠋ᠦ᠋ᠭᠡᠷ ᠰᠠᠷ᠎ᠠ ᠶᠢᠨ 8 ᠤ ᠴᠠᠬᠢᠯᠭᠠᠨ ᠮᠡᠳᠡᠭᠡ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠳ᠋ᠦᠩᠨᠡᠯᠲᠡ ᠬᠢᠵᠦ ᠬᠦᠬᠢᠭᠦᠯᠦᠨ ᠰᠠᠶᠢᠰᠢᠶᠠᠬᠤ ᠶᠡᠭᠡ ᠬᠤᠷᠠᠯ 8 ᠤ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠶᠡᠭᠡ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠰᠢ ᠶᠢᠨ ᠫᠢᠩ᠂ ᠠᠭᠤᠤ ᠶᠡᠭᠡ ᠦᠢᠯᠡᠰ ᠠᠭᠤᠤ ᠶᠡᠭᠡ ᠵᠣᠷᠢᠭ ᠰᠠᠨᠠᠭ᠎ᠠ ᠶᠢ ᠪᠣᠶᠢᠵᠢᠭᠤᠯᠵᠤ᠂ ᠠᠭᠤᠤ ᠶᠡᠭᠡ ᠵᠣᠷᠢᠭ ᠰᠠᠨᠠᠭ᠎ᠠ ᠠᠭᠤᠤ ᠶᠡᠭᠡ ᠦᠢᠯᠡᠰ ᠢ ᠠᠬᠢᠭᠤᠯᠤᠨ᠎ᠠ᠃ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠥᠷᠭᠡᠨ ᠤᠯᠠᠨ ᠣᠷᠣᠯᠴᠠᠭᠰᠠᠳ ᠠᠭᠤᠤ ᠶᠡᠭᠡ ᠴᠠᠭ ᠦᠶ᠎ᠡ ᠠᠴᠠ ᠣᠯᠭᠤᠭᠰᠠᠨ ᠠᠵᠠ ᠲᠣᠬᠢᠶᠠᠯ ᠢ ᠨᠠᠨᠳᠢᠩᠨᠠᠵᠤ᠂ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠡᠷᠬᠢᠯᠡᠬᠦ ᠪᠠᠷ ᠭᠤᠶᠤᠴᠢᠯᠠᠬᠤ᠂ ᠪᠡᠯᠡᠳᠭᠡᠯ ᠠᠵᠢᠯ᠂ ᠡᠷᠬᠢᠯᠡᠭᠰᠡᠨ ᠶᠠᠪᠤᠴᠠ ᠳᠤ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠵᠣᠷᠢᠭ ᠰᠠᠨᠠᠭ᠎ᠠ ᠶᠢ ᠬᠠᠮᠲᠤ ᠪᠠᠷ ᠡᠭᠦᠳᠴᠡᠢ᠃ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠵᠣᠷᠢᠭ ᠰᠠᠨᠠᠭ᠎ᠠ ᠪᠣᠯ ᠲᠠᠷᠤᠢ ᠬᠡᠬᠦᠳᠡᠭ ᠴᠡᠭᠡᠵᠢᠨ ᠳᠡᠭᠡᠨ ᠶᠡᠭᠡ ᠲᠠᠯ᠎ᠠ ᠶᠢ ᠪᠠᠭᠲᠠᠭᠠᠬᠤ᠂ ᠢᠲᠡᠭᠡᠯ ᠲᠡᠭᠦᠯᠳᠡᠷ ᠨᠡᠬᠡᠬᠡᠯᠳᠡ ᠲᠠᠢ ᠪᠠᠶᠢᠬᠤ᠂ ᠬᠦᠴᠢᠷ ᠢ ᠰᠦᠷᠦᠨ ᠤᠷᠤᠭᠰᠢᠯᠠᠬᠤ᠂ ᠭᠠᠷᠮᠠᠭᠠᠢ ᠠᠮᠵᠢᠯᠲᠠ ᠶᠢ ᠬᠥᠭᠡᠭᠡᠴᠡᠯᠳᠦᠬᠦ᠂ ᠢᠷᠡᠭᠡᠳᠦᠢ ᠪᠠᠨ ᠬᠠᠮᠲᠤ ᠪᠠᠷ ᠴᠣᠭᠴᠠᠯᠠᠬᠤ ᠶᠠᠪᠤᠳᠠᠯ ᠪᠣᠯᠤᠨ᠎ᠠ᠃ ᠪᠢᠳᠡ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠨᠡᠩ ᠡᠷᠡᠰ ᠪᠠᠲᠤ ᠢᠲᠡᠭᠡᠯ᠂ ᠨᠡᠩ ᠡᠷᠡᠰ ᠪᠠᠲᠤ ᠰᠥᠰᠥ ᠵᠣᠷᠢᠭ ᠢᠶᠠᠷ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠲᠡᠶᠢᠰᠢ ᠡᠷᠡᠯᠬᠡᠭᠯᠡᠨ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠲᠡᠶᠢᠰᠢ ᠡᠷᠡᠯᠬᠡᠭᠯᠡᠨ ᠤᠷᠤᠭᠰᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠯᠢ ᠺᠧ ᠴᠢᠶᠠᠩ ᠶᠡᠭᠡ ᠬᠤᠷᠠᠯ ᠢ ᠡᠷᠬᠢᠯᠡᠵᠦ᠂ ᠯᠢ ᠵᠠᠨ ᠱᠣ᠋᠂ ᠸᠠᠩ ᠶᠠᠩ᠂ ᠸᠠᠩ ᠬᠣ᠋ ᠨᠢᠩ᠂ ᠵᠤᠤ ᠯᠧ ᠵᠶᠢ᠂ ᠸᠠᠩ ᠴᠢ ᠱᠠᠨ ᠣᠷᠣᠯᠴᠠᠵᠤ᠂ ᠬᠠᠨ ᠵᠧᠩ ᠬᠥᠬᠢᠭᠦᠯᠦᠨ ᠰᠠᠶᠢᠰᠢᠶᠠᠬᠤ ᠲᠣᠭᠲᠠᠭᠠᠯ ᠢ ᠤᠩᠰᠢᠨ ᠨᠡᠶᠢᠲᠡᠯᠡᠪᠡ᠃
2022 4 ᠳ᠋ᠦ᠋ᠭᠡᠷ ᠰᠠᠷ᠎ᠠ ᠶᠢᠨ 8 ᠤ ᠡᠳᠦᠷ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠳ᠋ᠦᠩᠨᠡᠯᠲᠡ ᠬᠢᠵᠦ ᠬᠦᠬᠢᠭᠦᠯᠦᠨ ᠰᠠᠶᠢᠰᠢᠶᠠᠬᠤ ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠶᠡᠭᠡ ᠬᠤᠷᠠᠯ ᠲᠡᠬᠡᠷ᠎ᠠ ᠴᠢᠬᠤᠯᠠ ᠶᠠᠷᠢᠶ᠎ᠠ ᠲᠠᠯᠪᠢᠪᠠ᠃
ᠬᠤᠷᠠᠯ ᠠᠴᠠ ᠡᠮᠦᠨ᠎ᠠ᠂ ᠰᠢ ᠶᠢᠨ ᠫᠢᠩ ᠨᠠᠷ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠲᠤᠪᠤᠶᠢᠮ᠎ᠠ ᠬᠤᠪᠢ ᠨᠡᠮᠡᠷᠢ ᠦᠵᠡᠬᠦᠯᠦᠭᠰᠡᠨ ᠬᠠᠮᠳᠤ ᠶᠢᠨ ᠲᠦᠯᠦᠭᠡᠯᠡᠭᠴᠢ᠂ ᠲᠤᠪᠤᠶᠢᠮ᠎ᠠ ᠬᠤᠪᠢ ᠨᠡᠮᠡᠷᠢ ᠦᠵᠡᠬᠦᠯᠦᠭᠰᠡᠨ ᠬᠤᠪᠢ ᠬᠦᠮᠦᠨ ᠪᠠ ᠲᠤᠮᠳᠠᠳᠤ ᠤᠯᠤᠰ ᠤᠨ ᠪᠡᠶ᠎ᠠ ᠶᠢᠨ ᠲᠠᠮᠢᠷ ᠤᠨ ᠲᠦᠯᠦᠭᠡᠯᠡᠭᠴᠢᠳ ᠤᠨ ᠪᠦᠯᠬᠦᠮ ᠤᠨ ᠪᠦᠷᠢᠯᠳᠦᠬᠦᠨ ᠲᠠᠢ ᠠᠭᠤᠯᠵᠠᠬᠰᠠᠨ ᠪᠦᠬᠡᠳ ᠤᠯᠠᠨ ᠲᠠᠢ ᠬᠠᠮᠳᠤ ᠬᠡᠷᠡᠯ ᠵᠢᠷᠤᠭ ᠲᠠᠳᠠᠭᠤᠯᠵᠦ ᠲᠤᠷᠠᠰᠬᠠᠯ ᠦᠯᠡᠳᠡᠬᠡᠪᠡ᠃
ᠠᠷᠠᠳ ᠤᠨ ᠶᠡᠭᠡ ᠬᠤᠷᠠᠯ ᠤᠨ ᠲᠠᠩᠬᠢᠮ ᠤᠨ ᠶᠣᠰᠣᠯᠠᠯ ᠤᠨ ᠲᠠᠩᠬᠢᠮ ᠳᠤ᠂ ᠠᠭᠤᠷ ᠠᠮᠢᠰᠬᠤᠯ ᠲᠥᠪ ᠬᠢᠴᠢᠶᠡᠩᠭᠦᠢ ᠪᠥᠭᠡᠳ ᠬᠦᠷ ᠬᠥᠭᠵᠢᠶᠡᠨᠲᠠᠢ᠃ ᠲᠡᠷᠢᠭᠦᠯᠡᠭᠴᠢ ᠶᠢᠨ ᠲᠠᠶᠢᠰᠠᠨ ᠤ ᠳᠡᠭᠡᠷ᠎ᠡ ᠲᠠᠯ᠎ᠠ ᠳᠤ 《ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠳ᠋ᠦᠩᠨᠡᠯᠲᠡ ᠬᠢᠵᠦ ᠬᠦᠬᠢᠭᠦᠯᠦᠨ ᠰᠠᠶᠢᠰᠢᠶᠠᠬᠤ ᠶᠡᠭᠡ ᠬᠤᠷᠠᠯ》 ᠭᠡᠬᠦ ᠬᠤᠷᠠᠯ ᠤᠨ ᠲᠡᠮᠳᠡᠭ ᠢ ᠡᠯᠭᠦᠵᠦ᠂ ᠠᠷᠤ ᠬᠥᠰᠢᠭᠡ ᠶᠢᠨ ᠭᠤᠣᠯ ᠳᠤᠮᠳᠠ ᠨᠢ ᠭᠡᠷᠡᠯ ᠭᠢᠯᠪᠠᠭ᠎ᠠ ᠰᠠᠴᠤᠷᠠᠭᠰᠠᠨ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠶᠢ ᠡᠯᠭᠦᠵᠦ᠂ 10 ᠤᠯᠠᠭᠠᠨ ᠲᠤᠭ ᠢ ᠬᠤᠶᠠᠷ ᠭᠠᠷᠯᠠᠨ ᠵᠢᠭᠰᠠᠭᠠᠪᠠ᠃ ᠬᠤᠶᠠᠳᠤᠭᠠᠷ ᠳᠠᠪᠬᠤᠷᠯᠢᠭ ᠤᠨ ᠪᠠᠷᠠᠯᠠᠬᠤ ᠲᠠᠪᠴᠠᠩ ᠳᠡᠭᠡᠷ᠎ᠡ᠄ 《ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠪᠦᠯᠬᠦᠮᠳᠡᠨ ᠲᠡᠮᠡᠴᠡᠰᠤᠭᠡᠢ︕》 ᠭᠡᠬᠦ ᠯᠤᠽᠦ᠋ᠩ ᠡᠯᠬᠦᠵᠡᠢ᠃
10 ᠴᠠᠭ 30 ᠮᠢᠨᠦ᠋ᠲ ᠲᠤ ᠶᠡᠭᠡ ᠬᠤᠷᠠᠯ ᠡᠬᠢᠯᠡᠪᠡ᠃ ᠪᠦᠭᠦᠳᠡᠭᠡᠷ ᠢᠶᠠᠨ ᠪᠣᠰᠴᠤ ᠵᠣᠭᠰᠣᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠪᠠ᠃
ᠬᠠᠨ ᠵᠧᠩ 《ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠬᠠᠮᠲᠤ ᠪᠠ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠬᠤᠪᠢ ᠬᠥᠮᠦᠨ ᠢ ᠬᠥᠬᠢᠭᠦᠯᠦᠨ ᠰᠠᠶᠢᠰᠢᠶᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ》 ᠢ ᠤᠩᠰᠢᠨ ᠨᠡᠶᠢᠲᠡᠯᠡᠪᠡ᠃ ᠲᠣᠭᠲᠠᠭᠠᠯ ᠳᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠦᠪᠡᠳᠡᠭᠰᠢ ᠶᠡᠭᠡ ᠪᠠᠷ ᠬᠥᠬᠢᠭᠦᠯᠦᠨ ᠰᠠᠶᠢᠰᠢᠶᠠᠵᠤ᠂ ᠪᠥᠬᠦ ᠨᠠᠮ ᠪᠥᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠵᠣᠷᠢᠭᠵᠢᠭᠤᠯᠤᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠭᠦᠯᠬᠦ ᠶᠢᠨ ᠲᠥᠯᠥᠭᠡ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠤᠯᠤᠰ ᠤᠨ ᠲᠦᠷᠭᠡᠨ ᠲᠡᠰᠢᠯᠲᠡ ᠶᠢᠨ ᠣᠷᠳᠣᠨ ᠤ ᠲᠠᠯᠠᠪᠤᠷ ᠣᠷᠳᠣᠨ ᠤ ᠠᠵᠢᠯᠯᠠᠭᠠᠨ ᠤ ᠪᠦᠯᠬᠦᠮ ᠵᠡᠷᠭᠡ 148 ᠬᠠᠮᠲᠤ ᠳᠤ 《ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠬᠠᠮᠲᠤ》 ᠶᠢᠨ ᠴᠣᠯᠠ ᠣᠯᠭᠤᠨ᠎ᠠ︔ ᠰᠣ᠋ ᠢ ᠮᠢᠩ ᠵᠡᠷᠭᠡ 147 ᠨᠥᠬᠦᠷ ᠲᠤ 《ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠬᠤᠪᠢ ᠬᠦᠮᠦᠨ》 ᠤ ᠴᠣᠯᠠ ᠤᠯᠭᠤᠵᠤ᠂ ᠳ᠋ᠧᠩ ᠰᠢᠶᠤᠤ ᠯᠠᠨ ᠨᠥᠬᠦᠷ ᠲᠤ 《ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠬᠤᠪᠢ ᠬᠦᠮᠦᠨ》 ᠤ ᠴᠣᠯᠠ ᠨᠡᠬᠡᠮᠵᠢᠯᠡᠨ ᠭᠡᠵᠦ ᠵᠢᠭᠠᠵᠤ ᠭᠠᠷᠭᠠᠵᠠᠢ᠃
ᠪᠠᠶᠠᠷ ᠪᠠᠶᠠᠰᠬᠤᠯᠠᠩᠲᠤ ᠬᠥᠭᠵᠢᠮ ᠤᠨ ᠠᠶᠠᠰ ᠳᠤᠮᠳᠠ᠂ ᠰᠢ ᠶᠢᠨ ᠫᠢᠩ ᠨᠡᠷ ᠬᠥᠬᠢᠭᠦᠯᠦᠭᠳᠡᠨ ᠰᠠᠶᠢᠰᠢᠶᠠᠭᠳᠠᠭᠰᠠᠨ ᠬᠤᠪᠢ ᠬᠥᠮᠦᠨ ᠪᠠ ᠬᠠᠮᠲᠤ ᠶᠢᠨ ᠲᠥᠯᠥᠭᠡᠯᠡᠭᠴᠢ ᠳᠤ ᠱᠠᠩᠨᠠᠯ ᠭᠠᠷᠳᠠᠭᠤᠯᠪᠠ᠃
ᠲᠠᠯᠠᠪᠠᠢ ᠳᠠᠶᠠᠭᠠᠷ ᠤᠨ ᠬᠠᠯᠠᠭᠤᠨ ᠠᠯᠠᠭ᠎ᠠ ᠲᠠᠰᠢᠯᠳᠠ ᠶᠢᠨ ᠳᠤᠮᠳᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃
ᠰᠢ ᠶᠢᠨ ᠫᠢᠩ᠂ 7 ᠵᠢᠯ ᠤᠨ ᠰᠢᠷᠭᠠᠭᠤ ᠴᠢᠷᠮᠠᠶᠢᠯᠭ᠎ᠠ ᠪᠠᠷ ᠳᠠᠮᠵᠢᠨ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠬᠢᠯᠡᠵᠦ᠂ ᠪᠦᠬᠦ ᠤᠯᠤᠰ᠂ ᠪᠦᠬᠦ ᠳᠡᠯᠡᠬᠡᠢ ᠶᠢᠨ ᠠᠩᠬᠠᠷᠤᠯ ᠢ ᠲᠠᠲᠠᠪᠠ᠃ ᠳᠤᠮᠳᠠᠳᠤ ᠤᠯᠤᠰ ᠤᠨ ᠠᠷᠠᠳ ᠲᠦᠮᠡᠨ ᠡᠯ᠎ᠡ ᠤᠯᠤᠰ ᠤᠨ ᠠᠷᠠᠳ ᠲᠦᠮᠡᠨ ᠲᠠᠢ ᠬᠠᠮᠲᠤ ᠪᠠᠷ ᠡᠯ᠎ᠡ ᠵᠦᠢᠯ ᠤᠨ ᠬᠦᠴᠢᠷ ᠪᠡᠷᠬᠡᠰᠢᠶᠡᠯ ᠥᠷᠢᠰᠥᠯᠳᠦᠭᠡᠨ ᠢ ᠢᠯᠠᠨ ᠳᠠᠪᠠᠵᠤ᠂ ᠲᠡᠦᠬᠡ ᠶᠢᠨ ᠬᠠᠭᠤᠳᠠᠰᠤᠨ ᠳᠤ ᠲᠡᠮᠳᠡᠭᠯᠡᠭᠳᠡᠬᠦ ᠣᠯᠢᠮᠫᠢᠺ ᠤᠨ ᠦᠪᠡᠳᠡᠭᠰᠢ ᠴᠤᠭᠯᠠᠭᠠᠨ ᠢ ᠳᠠᠬᠢᠨᠲᠠ ᠡᠭᠦᠳᠴᠦ᠂ ᠣᠯᠢᠮᠫᠢᠺ ᠤᠨ ᠢᠷᠠᠭᠤ ᠠᠯᠳᠠᠷ ᠢ ᠳᠠᠬᠢᠨᠲᠠ ᠬᠠᠮᠲᠤ ᠪᠠᠷ ᠡᠳ᠋ᠯᠡᠪᠡ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠲᠣᠭᠲᠠᠭᠰᠠᠨ ᠬᠤᠭᠤᠴᠠᠭᠠᠨ ᠳᠤ ᠠᠮᠤᠷ ᠲᠦᠪᠰᠢᠨ ᠤᠷᠤᠭᠰᠢᠲᠠᠢ ᠡᠷᠬᠢᠯᠡᠬᠦ ᠶᠢ ᠪᠠᠲᠤᠯᠠᠵᠤ᠂ 《ᠬᠤᠤᠰ ᠣᠯᠢᠮᠫᠢᠺ ᠤᠨ ᠲᠠᠮᠢᠷ ᠤᠨ ᠴᠤᠭᠯᠠᠭᠠᠨ》 ᠠᠳᠠᠯᠢᠬᠠᠨ ᠭᠤᠶᠢᠳᠠ ᠰᠠᠶᠢᠬᠠᠨ ᠪᠣᠯᠬᠤ ᠶᠢ ᠪᠠᠲᠤᠯᠠᠬᠤ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠳᠡᠯᠡᠬᠡᠢ ᠨᠡᠶᠢᠭᠡᠮ ᠳᠤ ᠬᠢᠭᠰᠡᠨ ᠲᠥᠪ ᠴᠢᠩᠭ᠎ᠠ ᠠᠮᠠᠯᠠᠯᠲᠠ ᠮᠥᠨ᠃ 7 ᠵᠢᠯ ᠤᠨ ᠲᠤᠷᠰᠢ᠂ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠮᠣᠵᠢ ᠣᠷᠣᠨ ᠬᠤᠲᠠ ᠪᠦᠯᠬᠦᠮᠳᠡᠨ ᠬᠠᠮᠵᠢᠯᠴᠠᠵᠤ᠂ ᠬᠦᠴᠢᠷ ᠢ ᠲᠤᠭᠤᠯᠵᠤ ᠪᠡᠷᠭᠡ ᠶᠢ ᠳᠠᠪᠠᠵᠤ᠂ ᠪᠡᠭᠡᠵᠢᠩ ᠴᠢᠭᠤᠯᠤᠯᠲᠤ ᠬᠠᠭᠠᠯᠭ᠎ᠠ ᠲᠠᠢ ᠭᠠᠷ ᠬᠤᠯᠪᠣᠨ ᠭᠤᠤᠯᠯᠠᠨ ᠡᠷᠬᠢᠯᠡᠬᠦ ᠬᠤᠲᠠ ᠶᠢᠨ ᠬᠤᠪᠢ ᠪᠠᠷ ᠭᠠᠪᠰᠢᠭᠠᠶᠢᠯᠠᠨ ᠪᠠᠶᠢᠯᠳᠤᠵᠤ᠂ ᠪᠦᠬᠦ ᠬᠦᠴᠦᠨ ᠢᠶᠠᠷ ᠢᠶᠠᠨ ᠣᠷᠣᠯᠴᠠᠵᠤ᠂ ᠣᠯᠠᠨ ᠤᠯᠤᠰ ᠤᠨ ᠣᠯᠢᠮᠫᠢᠺ ᠤᠨ ᠪᠠᠶ᠎ᠠ ᠶᠢᠨ ᠲᠠᠮᠢᠷ ᠤᠨ ᠬᠦᠳᠡᠯᠬᠡᠬᠡᠨ ᠤ ᠵᠥᠪᠯᠡᠯ᠂ ᠤᠯᠠᠨ ᠤᠯᠤᠰ ᠤᠨ ᠵᠡᠮᠳᠡᠭᠴᠦᠳ ᠤᠨ ᠣᠯᠢᠮᠫᠢᠺ ᠤᠨ ᠪᠠᠶ᠎ᠠ ᠶᠢᠨ ᠲᠠᠮᠢᠷ ᠤᠨ ᠬᠦᠳᠡᠯᠬᠡᠬᠡᠨ ᠤ ᠵᠥᠪᠯᠡᠯ ᠵᠡᠷᠭᠡ ᠤᠯᠠᠨ ᠤᠯᠤᠰ ᠤᠨ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠲᠠᠢ ᠨᠢᠭᠲᠠ ᠬᠠᠮᠲᠤᠷᠠᠯᠴᠠᠵᠤ᠂ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠵᠡᠷᠭᠡ ᠡᠯ᠎ᠡ ᠵᠦᠢᠯ ᠤᠨ ᠬᠦᠴᠢᠷᠳᠡᠯ ᠥᠷᠢᠰᠥᠯᠳᠦᠭᠡᠨ ᠢ ᠢᠯᠠᠨ ᠳᠠᠪᠠᠵᠤ᠂ ᠳᠡᠯᠡᠬᠡᠶ ᠳ᠋ᠠᠬᠢᠨ ᠳᠤ ᠨᠢᠭᠡ ᠬᠤᠭᠤᠴᠠᠭᠠᠨ ᠤ ᠠᠷᠪᠢᠴᠢ ᠭᠠᠮᠲᠠᠢ᠂ ᠠᠮᠤᠷ ᠲᠦᠪᠰᠢᠨ᠂ ᠭᠤᠶᠢᠳᠠ ᠰᠠᠶᠢᠬᠠᠨ ᠣᠯᠢᠮᠫᠢᠺ ᠤᠨ ᠦᠪᠡᠳᠡᠭᠰᠢ ᠴᠤᠭᠯᠠᠭᠠᠨ ᠢ ᠡᠷᠭᠦᠨ ᠪᠠᠷᠢᠵᠤ᠂ ᠳᠡᠯᠡᠬᠡᠶ ᠨᠡᠶᠢᠲᠡ ᠳᠤ ᠬᠢᠭᠰᠡᠨ ᠲᠥᠪ ᠴᠢᠩᠭ᠎ᠠ ᠠᠮᠠᠯᠠᠯᠲᠠ ᠪᠠᠨ ᠪᠦᠬᠦ ᠲᠠᠯ᠎ᠠ ᠪᠠᠷ ᠪᠡᠶᠡᠯᠡᠭᠦᠯᠵᠦ᠂ ᠪᠡᠭᠡᠵᠢᠩ ᠪᠦᠬᠦ ᠪᠥᠮᠪᠥᠷᠴᠡᠭ ᠤᠨ ᠠᠩᠬᠠᠳᠠᠭᠴᠢ 《ᠬᠤᠣᠰ ᠣᠯᠢᠮᠫᠢᠺ ᠤᠨ ᠲᠠᠮᠢᠷ ᠤᠨ ᠴᠤᠭᠯᠠᠭᠠᠨ ᠤ ᠬᠤᠳᠠ》 ᠪᠣᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠬᠦᠴᠦᠷᠬᠡᠭ ᠶᠡᠭᠡ ᠬᠦᠴᠦᠨ ᠴᠢᠳᠠᠯ ᠢ ᠨᠢᠭᠲᠠᠷᠠᠭᠤᠯᠵᠠᠢ᠃ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠤᠷᠤᠯᠳᠤᠭᠠᠨ ᠭᠤᠶᠢᠳᠠ ᠰᠠᠶᠢᠬᠠᠨ ᠶᠠᠪᠤᠭᠳᠠᠵᠤ᠂ ᠤᠯᠤᠰ ᠢᠶᠠᠨ ᠬᠠᠶᠢᠷᠠᠯᠠᠬᠤ ᠰᠡᠳᠭᠢᠯᠭᠡ ᠭᠦᠶᠴᠡᠳ ᠢᠯᠡᠷᠡᠵᠦ᠂ 《ᠭᠤᠷᠪᠠᠨ ᠳ᠋ᠦᠩᠰᠢᠭᠤᠷ ᠬᠥᠮᠦᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠬᠤ》 ᠨᠢ ᠪᠣᠳᠠᠲᠤ ᠠᠬᠤᠶ ᠪᠣᠯᠵᠣ᠂ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠥᠪ ᠬᠥᠷᠥᠩᠭᠡ ᠡᠯᠪᠡᠭ ᠦᠷ᠎ᠡ ᠪᠦᠲᠦᠭᠡᠯ ᠣᠯᠵᠤ᠂ ᠣᠯᠢᠮᠫᠢᠺ ᠤᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠭᠢᠯᠡᠬᠦ ᠪᠠ ᠣᠷᠣᠨ ᠪᠦᠰᠡ ᠶᠢᠨ ᠬᠥᠭᠵᠢᠯᠲᠡ ᠶᠢᠨ ᠬᠤᠤᠰ ᠡᠯᠪᠡᠭ ᠠᠮᠵᠢᠯᠲᠠ ᠶᠢ ᠪᠡᠶᠡᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠨᠠᠷᠢᠯᠢᠭ ᠣᠨᠣᠪᠴᠢᠲᠠᠶ ᠪᠥᠭᠡᠳ ᠪᠦᠲᠦᠮᠵᠢᠲᠡᠶ ᠶᠠᠪᠤᠭᠳᠠᠵᠤ᠂ ᠪᠦᠯᠬᠦᠮᠳᠡᠨ ᠬᠠᠮᠲᠤᠷᠠᠯᠴᠠᠵᠤ ᠢᠷᠡᠭᠡᠳᠦᠶ ᠲᠡᠶᠢᠰᠢ ᠤᠷᠤᠭᠰᠢᠯᠠᠵᠤ᠂ ᠪᠥᠬᠦ ᠪᠥᠮᠪᠥᠷᠴᠡᠭ ᠤᠨ ᠪᠦᠯᠬᠦᠮᠳᠡᠯ ᠬᠠᠮᠲᠤᠷᠠᠯᠴᠠᠭ᠎ᠠ᠂ ᠴᠠᠭ ᠤᠨ ᠪᠡᠷᠬᠡ ᠶᠢ ᠬᠠᠮᠲᠤ ᠪᠠᠷ ᠳᠤᠭᠤᠯᠬᠤ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠦᠭᠰᠡᠨ ᠪᠥᠭᠡᠳ ᠪᠠᠰᠠ ᠣᠷᠤᠭ᠎ᠠ ᠪᠤᠰᠬᠠᠭ᠎ᠠ ᠳᠡᠯᠡᠬᠡᠶ ᠳ᠋ᠠᠬᠢᠨ ᠳᠤ ᠢᠲᠡᠭᠡᠯ ᠪᠠ ᠬᠦᠰᠡᠯ ᠡᠷᠡᠮᠡᠯᠵᠡᠯ ᠣᠯᠭᠤᠵᠤ᠂ ᠳᠡᠯᠡᠬᠡᠶ ᠳ᠋ᠠᠬᠢᠨ ᠳᠤ 《ᠢᠷᠡᠭᠡᠳᠦᠶ ᠶᠢ ᠴᠢᠭᠯᠡᠨ ᠬᠠᠮᠲᠤ ᠪᠠᠷ ᠤᠷᠤᠭᠰᠢᠯᠠᠨᠠᠮ》 ᠭᠡᠬᠦ ᠴᠠᠭ ᠦᠶ᠎ᠡ ᠶᠢᠨ ᠬᠦᠴᠦᠷᠬᠡᠭ ᠲᠠᠭᠤᠨ ᠢ ᠳᠠᠮᠵᠢᠭᠤᠯᠤᠭᠰᠠᠨ ᠪᠠᠶᠢᠨ᠎ᠠ ᠭᠡᠵᠦ ᠴᠢᠬᠤᠯᠠᠴᠢᠯᠠᠪᠠ᠃
ᠰᠢ ᠶᠢᠨ ᠫᠢᠩ᠂ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ 7 ᠵᠢᠯ ᠰᠢᠷᠭᠠᠭᠤ ᠬᠠᠲᠠᠭᠤᠵᠢᠯᠲᠠᠶ᠂ ᠲᠡᠮᠡᠴᠡᠯ ᠬᠡᠷᠡᠯ ᠰᠠᠴᠤᠷᠠᠩᠭᠤᠶ ᠠᠮᠵᠢᠯᠲᠠ ᠳᠤ ᠬᠦᠷᠭᠡᠪᠠ᠃ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠪᠡᠯᠡᠳᠭᠡᠨ ᠡᠷᠭᠢᠯᠡᠬᠦ ᠠᠵᠢᠯ ᠢ ᠣᠨᠴᠠᠭᠠᠶ ᠬᠦᠴᠢᠷᠲᠡᠶ ᠪᠠᠶᠢᠳᠠᠯ ᠳᠤᠤᠷ᠎ᠠ ᠠᠬᠢᠭᠤᠯᠤᠭᠰᠠᠨ ᠶᠤᠮ᠂ ᠪᠥᠬᠦ ᠣᠷᠣᠯᠴᠠᠭᠴᠢ 《 ᠦᠴᠦᠬᠡᠨ ᠴᠦ ᠵᠣᠭᠰᠣᠩᠭᠤᠶᠢᠷᠠᠵᠤ ᠪᠣᠯᠬᠤ ᠥᠬᠡᠶ᠂ ᠦᠴᠦᠬᠡᠨ ᠴᠤ ᠠᠯᠳᠠᠰᠢ ᠭᠠᠷᠭᠠᠵᠤ ᠪᠣᠯᠬᠤ ᠥᠬᠡᠶ᠂ ᠨᠢᠭᠡ ᠡᠳᠦᠷ ᠴᠦ ᠭᠡᠰᠡᠨ ᠬᠤᠶᠢᠰᠢᠯᠠᠭᠤᠯᠵᠤ ᠪᠣᠯᠬᠤ ᠥᠬᠡᠶ》 ᠭᠡᠳᠡᠭ ᠢ ᠪᠠᠷᠢᠮᠲᠠᠯᠠᠵᠤ᠂ ᠰᠢᠷᠭᠠᠭᠤ ᠬᠠᠲᠠᠭᠤᠵᠢᠯᠲᠠᠶ ᠴᠢᠷᠮᠠᠶᠢᠯᠭ᠎ᠠ ᠭᠠᠷᠭᠠᠪᠠ᠃ ᠮᠠᠨ ᠤ ᠤᠯᠤᠰ ᠤᠨ ᠥᠷᠭᠡᠨ ᠤᠯᠠᠨ ᠲᠠᠮᠢᠷᠴᠢᠨ᠂ ᠲᠠᠰᠬᠠᠯᠵᠢᠭᠤᠯᠤᠭᠴᠢ ᠨᠠᠮ ᠪᠣᠯᠤᠨ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠵᠣᠷᠢᠭᠲᠠᠢ ᠲᠡᠮᠡᠴᠡᠵᠦ᠂ ᠥᠪᠡᠷ ᠢ ᠪᠠᠨ ᠢᠯᠠᠨ ᠳᠠᠪᠠᠵᠤ᠂ ᠮᠠᠨ ᠤ ᠤᠯᠤᠰ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠣᠷᠣᠯᠴᠠᠭᠰᠠᠨ ᠲᠡᠦᠬᠡ ᠶᠢᠨ ᠬᠠᠮᠤᠭ ᠤᠨ ᠰᠠᠶᠢᠨ ᠬᠢᠷᠢ ᠪᠦᠲᠦᠮᠵᠢ ᠶᠢ ᠡᠭᠦᠳᠴᠦ᠂ ᠨᠠᠮ ᠪᠣᠯᠤᠨ ᠠᠷᠠᠳ ᠲᠦᠮᠡᠨ ᠳᠤ ᠢᠷᠠᠭᠤ ᠠᠯᠳᠠᠷ ᠢ ᠣᠯᠭᠤᠭᠰᠠᠨ ᠪᠠᠶᠢᠨ᠎ᠠ᠃ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠥᠷᠭᠡᠨ ᠣᠯᠠᠨ ᠣᠷᠣᠯᠴᠠᠭᠴᠢ ᠰᠢᠷᠭᠠᠭᠤ ᠬᠥᠳᠡᠯᠮᠦᠷᠢ᠂ ᠡᠷᠡᠰ ᠬᠠᠳᠠᠨ ᠵᠣᠷᠢᠭ᠂ ᠯᠤᠲᠤ ᠶᠡᠭᠡ ᠰᠥᠰᠥ ᠵᠣᠷᠢᠭ᠂ ᠴᠢᠩᠭ᠎ᠠ ᠬᠠᠷᠢᠭᠤᠴᠠᠯᠭᠠᠲᠤ ᠰᠡᠳᠭᠢᠯᠭᠡ᠂ ᠡᠭᠦᠷᠭᠡᠲᠦ ᠪᠤᠳᠤᠯ᠂ ᠢᠷᠠᠭᠤ ᠠᠯᠳᠠᠷᠲᠤ ᠰᠡᠳᠭᠢᠯᠭᠡ ᠪᠠᠷ ᠡᠯ᠎ᠡ ᠵᠦᠶᠯ ᠤᠨ ᠠᠵᠢᠯ ᠤᠨ ᠡᠭᠦᠷᠭᠡ ᠪᠠᠨ ᠭᠢᠯᠠᠯᠵᠠᠮ᠎ᠠ ᠠᠮᠵᠢᠯᠲᠠ ᠲᠠᠢ ᠪᠡᠶᠡᠯᠡᠭᠦᠯᠵᠦ᠂ ᠡᠬᠡ ᠤᠯᠤᠰ ᠲᠠᠭᠠᠨ ᠣᠰᠣᠯᠳᠠᠬᠤ ᠥᠬᠡᠶ᠂ ᠠᠷᠠᠳ ᠲᠦᠮᠡᠨ ᠳᠡᠭᠡᠨ ᠣᠰᠣᠯᠳᠠᠬᠤ ᠥᠬᠡᠶ᠂ ᠴᠠᠭ ᠦᠶ᠎ᠡ ᠳᠤ ᠣᠰᠣᠯᠳᠠᠬᠤ ᠥᠬᠡᠶ ᠬᠡᠷᠡᠯ ᠰᠠᠴᠤᠷᠠᠩᠭᠤᠶ ᠠᠮᠵᠢᠯᠲᠠ ᠪᠦᠲᠦᠮᠵᠢ ᠶᠢ ᠡᠭᠦᠳᠪᠡ ᠭᠡᠵᠦ ᠵᠢᠭᠠᠵᠤ ᠭᠠᠷᠭᠠᠵᠠᠢ᠃
ᠰᠢ ᠶᠢᠨ ᠫᠢᠩ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠡᠮᠦᠨ᠎ᠠ ᠠᠴᠠ᠂ ᠬᠥᠬᠢᠭᠦᠯᠦᠨ ᠰᠠᠶᠢᠰᠢᠶᠠᠭᠳᠠᠭᠰᠠᠨ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠬᠠᠮᠲᠤ ᠪᠠ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠬᠤᠪᠢ ᠬᠥᠮᠦᠨ ᠳᠤ ᠬᠠᠯᠠᠭᠤᠨ ᠪᠠᠶᠠᠷ ᠬᠦᠷᠭᠡᠵᠤ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠪᠡᠯᠡᠳᠭᠡᠨ ᠡᠷᠭᠢᠯᠡᠬᠦ ᠳᠤ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠪᠥᠬᠦ ᠪᠥᠲᠥᠭᠡᠨ ᠪᠠᠶᠢᠭᠤᠯᠤᠭᠴᠢ᠂ ᠠᠵᠢᠯᠲᠠᠨ᠂ ᠰᠠᠶᠢᠨ ᠳᠤᠷ᠎ᠠ ᠶᠢᠨ ᠦᠢᠯᠡᠴᠢᠯᠡᠭᠴᠢ᠂ ᠥᠷᠭᠡᠨ ᠣᠯᠠᠨ ᠲᠠᠮᠢᠷᠴᠢᠨ᠂ ᠲᠠᠰᠬᠠᠯᠵᠢᠭᠤᠯᠤᠭᠴᠢ᠂ ᠠᠷᠠᠳ ᠤᠨ ᠴᠢᠯᠥᠭᠡᠯᠡᠬᠦ ᠴᠡᠷᠢᠭ ᠤᠨ ᠵᠢᠯᠤᠭᠤᠳᠤᠭᠴᠢ ᠪᠠᠶᠢᠯᠳᠤᠭᠴᠢ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠪᠣᠯᠤᠨ ᠭᠠᠯ ᠰᠡᠷᠭᠡᠶᠢᠯᠡᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠩᠭᠢ ᠶᠢᠨ ᠵᠢᠯᠣᠭᠤᠳᠣᠭᠴᠢ ᠪᠠᠶᠢᠯᠳᠤᠭᠴᠢ ᠳᠤ ᠡᠷᠬᠢᠮ ᠳᠡᠭᠡᠳᠦ ᠬᠦᠨᠳᠦᠳᠭᠡᠯ ᠳᠡᠪᠰᠢᠭᠦᠯᠵᠤ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠬᠠᠯᠠᠭᠤᠨ ᠢᠶᠠᠷ ᠳᠡᠮᠵᠢᠭᠰᠡᠨ ᠥᠷᠭᠡᠨ ᠤᠯᠠᠨ ᠰᠢᠶᠠᠩᠭᠠᠩ ᠤᠨ ᠠᠬ᠎ᠠ ᠳᠡᠭᠦᠦ᠂ ᠣᠣᠮᠧᠨ ᠤ ᠠᠬ᠎ᠠ ᠳᠡᠭᠦᠦ᠂ ᠲᠠᠶᠢᠸᠠᠨ ᠤ ᠠᠬ᠎ᠠ ᠳᠡᠭᠦᠦ ᠪᠠ ᠭᠠᠳᠠᠭᠠᠳᠤ ᠳᠤ ᠰᠠᠭᠤᠭ᠎ᠠ ᠳᠤᠮᠳᠠᠳᠤ ᠶᠢᠨ ᠬᠠᠷᠢᠶᠠᠲᠤ ᠨᠠᠷ ᠲᠤ ᠴᠢᠩ ᠰᠡᠳᠭᠢᠯ ᠤᠨ ᠲᠠᠯᠠᠷᠬᠠᠯ ᠢᠶᠠᠨ ᠢᠯᠡᠳᠭᠡᠪᠡ᠃
ᠰᠢ ᠶᠢᠨ ᠫᠢᠩ᠂ ᠪᠡᠯᠡᠳᠭᠡᠨ ᠡᠷᠬᠢᠯᠡᠬᠦ ᠶᠠᠪᠤᠴᠠ ᠳᠤ᠂ ᠳᠡᠯᠡᠬᠡᠢ ᠶᠢᠨ ᠣᠯᠢᠮᠫᠢᠺ ᠤᠨ ᠪᠠᠶ᠎ᠠ ᠶᠢᠨ ᠲᠠᠮᠢᠷ ᠤᠨ ᠬᠦᠳᠡᠯᠭᠡᠭᠡᠨ ᠤ ᠵᠥᠪᠯᠡᠯ᠂ ᠳᠡᠯᠡᠬᠡᠢ ᠶᠢᠨ ᠵᠡᠮᠳᠡᠭᠴᠦᠳ ᠤᠨ ᠣᠯᠢᠮᠫᠢᠺ ᠤᠨ ᠪᠠᠶ᠎ᠠ ᠶᠢᠨ ᠲᠠᠮᠢᠷ ᠤᠨ ᠬᠦᠳᠡᠯᠭᠡᠭᠡᠨ ᠤ ᠵᠥᠪᠯᠡᠯ ᠵᠢᠴᠢ ᠣᠯᠢᠮᠫᠢᠺ ᠤᠨ ᠶᠡᠭᠡ ᠭᠡᠷ ᠪᠦᠯᠢ᠂ ᠵᠡᠮᠳᠡᠭᠴᠦᠳ ᠤᠨ ᠣᠯᠢᠮᠫᠢᠺ ᠤᠨ ᠶᠡᠭᠡ ᠭᠡᠷ ᠪᠦᠯᠢ ᠶᠢᠨ ᠪᠦᠷᠢᠯᠳᠦᠬᠦᠨ ᠮᠠᠨ ᠤ ᠠᠵᠢᠯ ᠳᠤ ᠢᠳᠡᠪᠬᠢᠲᠡᠢ ᠬᠠᠪᠰᠤᠷᠤᠯᠭ᠎ᠠ ᠦᠵᠡᠭᠦᠯᠵᠦ᠂ ᠡᠯ᠎ᠡ ᠤᠯᠤᠰ ᠤᠨ ᠵᠠᠰᠠᠭ ᠤᠨ ᠣᠷᠳᠣᠨ ᠪᠣᠯᠤᠨ ᠠᠷᠠᠳ ᠲᠦᠮᠡᠨ᠂ ᠤᠯᠠᠨ ᠤᠯᠤᠰ ᠤᠨ ᠨᠥᠬᠦᠷᠰᠡᠭ ᠬᠥᠮᠦᠰ ᠬᠦᠴᠦᠲᠡᠢ ᠳᠡᠮᠵᠢᠯᠭᠡ ᠦᠵᠡᠭᠦᠯᠵᠡᠢ᠃ ᠳᠡᠯᠡᠬᠡᠢ ᠶᠢᠨ ᠡᠯ᠎ᠡ ᠭᠠᠵᠠᠷ ᠠᠴᠠ ᠬᠦᠷᠦᠯᠴᠡᠨ ᠢᠷᠡᠭᠰᠡᠨ ᠲᠤᠷᠪᠢᠯᠢᠭ ᠲᠠᠮᠢᠷᠴᠢᠳ ᠤᠷᠤᠯᠳᠤᠭᠠᠨ ᠤ ᠲᠠᠯᠠᠪᠤᠷ ᠲᠤ ᠬᠠᠷᠢᠯᠴᠠᠨ ᠬᠦᠨᠳᠦᠳᠭᠡᠵᠦ᠂ ᠬᠠᠷᠢᠯᠴᠠᠨ ᠵᠣᠷᠢᠭᠵᠢᠭᠤᠯᠵᠤ᠂ ᠲᠤᠶᠢᠯ ᠲᠤᠯᠳᠠᠯ᠎ᠠ ᠲᠡᠮᠡᠴᠡᠵᠦ᠂ ᠣᠷᠭᠢᠯᠤᠮ᠎ᠠ ᠬᠠᠯᠠᠭᠤᠨ ᠤᠷᠤᠯᠳᠤᠭᠠᠨ ᠳᠤ 《ᠨᠡᠩ ᠲᠦᠷᠭᠡᠨ᠂ ᠨᠡᠩ ᠥᠨᠳᠥᠷ᠂ ᠨᠡᠩ ᠬᠦᠴᠦᠷᠬᠡᠭ — ᠨᠡᠩ ᠪᠦᠯᠬᠦᠮᠳᠡᠯ ᠲᠠᠢ》 ᠣᠯᠢᠮᠫᠢᠺ ᠤᠨ ᠰᠤᠷᠭᠠᠯ ᠦᠭᠡ ᠪᠣᠯᠤᠨ 《ᠰᠥᠰᠥ ᠵᠣᠷᠢᠭ᠂ ᠡᠷᠴᠢ ᠵᠣᠷᠢᠭ᠂ ᠵᠣᠷᠢᠭᠵᠢᠭᠤᠯᠤᠯ᠂ ᠡᠷᠬᠡ ᠲᠡᠭᠰᠢ》 ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠦᠷᠳᠡᠭ ᠤᠨ ᠦᠵᠡᠯᠲᠡ ᠶᠢ ᠲᠡᠭᠦᠯᠳᠡᠷ ᠰᠠᠶᠢᠬᠠᠨ ᠬᠠᠷᠠᠭᠤᠯᠵᠠᠢ ᠭᠡᠵᠤ ᠵᠢᠭᠠᠵᠤ ᠭᠠᠷᠭᠠᠪᠠ᠃ ᠰᠢ ᠶᠢᠨ ᠫᠢᠩ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠤᠨ 14 ᠳ᠋ᠦᠩᠰᠢᠭᠤᠷ ᠭᠠᠷᠤᠢ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ᠂ ᠳᠡᠯᠡᠬᠡᠢ ᠶᠢᠨ ᠣᠯᠢᠮᠫᠢᠺ ᠤᠨ ᠪᠠᠶ᠎ᠠ ᠶᠢᠨ ᠲᠠᠮᠢᠷ ᠤᠨ ᠬᠦᠳᠡᠯᠭᠡᠭᠡᠨ ᠤ ᠵᠥᠪᠯᠡᠯ᠂ ᠳᠡᠯᠡᠬᠡᠢ ᠶᠢᠨ ᠵᠡᠮᠳᠡᠭᠴᠦᠳ ᠤᠨ ᠣᠯᠢᠮᠫᠢᠺ ᠤᠨ ᠪᠠᠶ᠎ᠠ ᠶᠢᠨ ᠲᠠᠮᠢᠷ ᠤᠨ ᠬᠦᠳᠡᠯᠭᠡᠭᠡᠨ ᠤ ᠵᠥᠪᠯᠡᠯ ᠵᠢᠴᠢ ᠣᠯᠢᠮᠫᠢᠺ ᠤᠨ ᠶᠡᠭᠡ ᠭᠡᠷ ᠪᠦᠯᠢ᠂ ᠵᠡᠮᠳᠡᠭᠴᠦᠳ ᠤᠨ ᠣᠯᠢᠮᠫᠢᠺ ᠤᠨ ᠶᠡᠭᠡ ᠭᠡᠷ ᠪᠦᠯᠢ ᠶᠢᠨ ᠪᠦᠷᠢᠯᠳᠦᠬᠦᠨ᠂ ᠳᠡᠯᠡᠬᠡᠢ ᠶᠢᠨ ᠡᠯ᠎ᠡ ᠤᠯᠤᠰ ᠡᠯ᠎ᠡ ᠭᠠᠵᠠᠷ ᠣᠷᠣᠨ ᠤ ᠨᠠᠶᠢᠵᠠ ᠨᠠᠷ ᠲᠤ ᠴᠢᠩ ᠰᠡᠳᠭᠢᠯ ᠤᠨ ᠲᠠᠯᠠᠷᠬᠠᠯ ᠳᠡᠪᠰᠢᠭᠦᠯᠵᠦ ᠪᠠᠶᠢᠬᠤ ᠪᠠᠨ ᠢᠯᠡᠳᠭᠡᠵᠦ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠡᠭᠡᠷ᠎ᠡ ᠡᠷᠡᠯᠬᠡᠭᠯᠡᠨ ᠲᠡᠮᠡᠴᠡᠭᠰᠡᠨ ᠡᠯ᠎ᠡ ᠤᠯᠤᠰ ᠤᠨ ᠲᠠᠮᠢᠷᠴᠢᠳ ᠲᠤ ᠡᠷᠬᠢᠮ ᠳᠡᠭᠡᠳᠦ ᠬᠦᠨᠳᠦᠳᠭᠡᠯ ᠳᠡᠪᠰᠢᠭᠦᠯᠵᠦ ᠪᠠᠶᠢᠬᠤ ᠪᠠᠨ ᠢᠯᠡᠳᠭᠡᠵᠡᠢ᠃
ᠰᠢ ᠶᠢᠨ ᠫᠢᠩ᠂ ᠠᠮᠵᠢᠯᠲᠠ ᠪᠦᠲᠦᠮᠵᠢ ᠲᠡᠮᠡᠴᠡᠯ ᠠᠴᠠ ᠢᠷᠡᠵᠤ᠂ ᠢᠯᠠᠯᠲᠠ ᠶᠢ ᠤᠯᠬᠤ ᠳᠤ ᠬᠢᠯᠪᠠᠷ ᠪᠤᠰᠤ ᠶᠤᠮ᠃ 7 ᠵᠢᠯ ᠤᠨ ᠲᠤᠷᠰᠢᠬᠢ ᠪᠡᠯᠡᠳᠭᠡᠨ ᠡᠷᠭᠢᠯᠡᠭᠰᠡᠨ ᠶᠡᠷᠦ ᠪᠤᠰᠤ ᠶᠢᠨ ᠥᠩᠭᠡᠷᠡᠯᠲᠡ ᠶᠢ ᠡᠷᠭᠢᠴᠡᠭᠦᠯᠪᠡᠯ᠂ ᠪᠢᠳᠡ ᠲᠡᠮᠡᠴᠡᠯ ᠤᠨ ᠳᠤᠮᠳᠠ ᠠᠮᠵᠢᠯᠲᠠ ᠶᠢᠨ ᠪᠠᠶᠠᠷ ᠪᠠᠭ᠋ᠠᠳᠤᠯ ᠣᠯᠤᠭᠰᠠᠨ ᠢᠶᠠᠷ ᠪᠠᠷᠠᠬᠤ ᠥᠬᠡᠶ᠂ ᠲᠡᠮᠡᠴᠡᠯ ᠤᠨ ᠳᠤᠮᠳᠠ ᠡᠯᠪᠡᠭ ᠪᠠᠶᠠᠯᠢᠭ ᠣᠶᠤᠨ ᠰᠠᠨᠠᠭᠠᠨ ᠤ ᠡᠳ᠋ ᠪᠠᠶᠠᠯᠢᠭ ᠢ ᠴᠤ ᠣᠯᠵᠤ᠂ ᠡᠷᠬᠢᠮ ᠨᠠᠨᠳᠢᠨ ᠲᠤᠷᠰᠢᠯᠭ᠎ᠠ ᠶᠢ ᠴᠤ ᠣᠯᠤᠭᠰᠠᠨ ᠶᠤᠮ᠂ ᠡᠭᠦᠨ ᠢ ᠪᠢᠳᠡ ᠮᠠᠰᠢ ᠨᠠᠨᠳᠢᠩᠨᠠᠵᠤ᠂ ᠪᠠᠳᠠᠷᠠᠭᠤᠯᠤᠨ ᠳᠡᠯᠭᠡᠷᠡᠭᠦᠯᠦᠭᠦᠰᠢᠲᠡᠶ ᠶᠤᠮ᠃ ᠡᠷᠬᠡᠪᠰᠢ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠲᠡᠢ᠂ ᠳᠤᠮᠳᠠᠳᠤ ᠤᠯᠤᠰ ᠤᠨ ᠡᠪ ᠬᠠᠮᠲᠤ ᠨᠠᠮ ᠪᠣᠯ ᠮᠠᠨ ᠤ ᠠᠭᠤᠤ ᠦᠢᠯᠡᠰ ᠢ ᠪᠦᠲᠦᠭᠡᠬᠦ ᠶᠢᠨ ᠬᠠᠮᠤᠭ ᠤᠨ ᠨᠠᠶᠢᠳᠠᠪᠤᠷᠢᠲᠠᠢ ᠲᠦᠰᠢᠭ ᠲᠤᠯᠭᠠᠭᠤᠷᠢ ᠮᠥᠨ᠂ ᠨᠠᠮ ᠤᠨ ᠤᠳᠤᠷᠢᠳᠤᠯᠭ᠎ᠠ ᠶᠢ ᠢᠮᠠᠭᠲᠠ ᠭᠤᠶᠢᠪᠢᠰᠢ ᠦᠭᠡᠢ ᠪᠠᠷᠢᠮᠲᠠᠯᠠᠳᠠᠭ ᠯᠠ ᠶᠤᠮ ᠪᠣᠯ ᠤᠷᠤᠭᠰᠢᠯᠠᠯᠲᠠ ᠶᠢᠨ ᠵᠠᠮ ᠳᠡᠭᠡᠷᠡᠬᠢ ᠶᠠᠮᠠᠷᠪᠠ ᠬᠦᠴᠢᠷ ᠪᠡᠷᠬᠡᠰᠢᠶᠡᠯ ᠬᠠᠷᠰᠢ ᠰᠠᠭᠠᠳ ᠢ ᠯᠠᠪᠲᠠᠢ ᠢᠯᠠᠨ ᠳᠠᠪᠠᠵᠤ᠂ ᠮᠠᠨ ᠤ ᠬᠢᠶ᠎ᠠ ᠭᠡᠵᠤ ᠪᠤᠳᠤᠵᠤ ᠪᠠᠶᠢᠭ᠎ᠠ ᠶᠠᠮᠠᠷᠪᠠ ᠶᠠᠪᠤᠳᠠᠯ ᠢ ᠯᠠᠪᠲᠠᠢ ᠪᠦᠲᠦᠭᠡᠵᠦ ᠴᠢᠳᠠᠬᠤ ᠶᠤᠮ᠃ ᠡᠷᠬᠡᠪᠰᠢ ᠬᠦᠴᠦᠨ ᠢᠶᠠᠨ ᠲᠥᠪᠯᠡᠷᠡᠭᠦᠯᠦᠨ ᠶᠡᠭᠡ ᠶᠠᠪᠤᠳᠠᠯ ᠬᠢᠬᠦ ᠶᠢ ᠪᠠᠷᠢᠮᠲᠠᠯᠠᠬᠤ ᠬᠡᠷᠡᠭᠲᠡᠢ᠂ ᠮᠠᠨ ᠤ ᠤᠯᠤᠰ ᠤᠨ ᠨᠡᠶᠢᠭᠡᠮ ᠵᠢᠷᠤᠮᠲᠤ ᠪᠠᠶᠢᠭᠤᠯᠤᠯ ᠤᠨ ᠶᠡᠷᠦ ᠪᠤᠰᠤ ᠶᠢᠨ ᠵᠣᠬᠢᠶᠠᠨ ᠪᠠᠶᠢᠭᠤᠯᠵᠤ ᠳᠠᠶᠢᠴᠢᠯᠠᠬᠤ ᠴᠢᠳᠠᠪᠤᠷᠢ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠴᠢᠳᠠᠪᠤᠷᠢ᠂ ᠭᠦᠢᠴᠡᠳᠭᠡᠬᠦ ᠴᠢᠳᠠᠪᠤᠷᠢ᠂ ᠮᠠᠨ ᠤ ᠤᠯᠤᠰ ᠤᠨ ᠪᠠᠲᠤ ᠪᠠᠬᠢ ᠠᠵᠤ ᠠᠬᠤᠢ ᠶᠢᠨ ᠪᠣᠳᠠᠲᠤ ᠬᠦᠴᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠪᠣᠳᠠᠲᠤ ᠬᠦᠴᠦᠨ᠂ ᠤᠯᠤᠰ ᠤᠨ ᠶᠡᠷᠦᠩᠬᠡᠢ ᠬᠦᠴᠦᠨ ᠨᠢ ᠣᠯᠢᠮᠫᠢᠺ ᠤᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠬᠢᠯᠡᠬᠦ ᠳᠤ ᠬᠦᠴᠦᠷᠬᠡᠭ ᠶᠡᠭᠡ ᠢᠲᠡᠭᠡᠯ ᠵᠣᠷᠢᠭ ᠪᠠ ᠬᠠᠮᠤᠭ ᠤᠨ ᠪᠠᠲᠤ ᠴᠢᠩᠭ᠎ᠠ ᠪᠠᠲᠤᠯᠠᠭ᠎ᠠ ᠬᠠᠩᠭᠠᠭᠰᠠᠨ ᠪᠠᠶᠢᠨ᠎ᠠ᠃ ᠡᠷᠬᠡᠪᠰᠢ ᠡᠯ᠎ᠡ ᠵᠦᠶᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠨ ᠶᠢ ᠪᠠᠷᠢᠮᠲᠠᠯᠠᠬᠤ ᠬᠡᠷᠡᠭᠳᠠᠢ᠂ ᠬᠤᠷᠢᠭ᠎ᠠ ᠱᠤᠭᠤᠮ ᠤᠨ ᠰᠡᠳᠭᠢᠬᠦᠶ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ ᠠᠶᠤᠯ ᠲᠦᠭᠰᠢᠭᠦᠷᠢ ᠥᠷᠢᠰᠥᠯᠳᠦᠭᠡᠨ ᠢ ᠰᠡᠷᠭᠡᠶᠢᠯᠡᠨ ᠠᠷᠢᠯᠭᠠᠬᠤ ᠶᠢ ᠲᠣᠪᠣᠶᠢᠮ᠎ᠠ ᠪᠠᠶᠢᠷᠢᠨ ᠳᠤ ᠲᠠᠯᠪᠢᠵᠤ᠂ ᠠᠰᠢᠭᠳᠠᠢ ᠰᠢᠲᠠᠷ᠎ᠠ ᠶᠢ ᠰᠠᠶᠢᠲᠤᠷ ᠲᠠᠯᠪᠢᠵᠤ᠂ ᠰᠠᠨᠠᠭᠠᠴᠢᠯᠠᠭᠠᠲᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠶ᠃ ᠤᠷᠤᠯᠳᠤᠭᠠᠨ ᠡᠷᠬᠢᠯᠡᠬᠦ ᠪᠠ ᠠᠷᠠᠳ ᠲᠦᠮᠡᠨ ᠳᠤ ᠦᠢᠯᠡᠴᠢᠯᠡᠬᠦ᠂ ᠬᠥᠭᠵᠢᠯᠲᠡ ᠶᠢ ᠠᠬᠢᠭᠤᠯᠬᠤ ᠶᠢ ᠡᠷᠬᠡᠪᠰᠢ ᠤᠶᠠᠯᠳᠤᠭᠤᠯᠵᠤ᠂ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠦᠷ᠎ᠡ ᠪᠦᠲᠦᠭᠡᠯ ᠢ ᠠᠷᠠᠳ ᠲᠦᠮᠡᠨ ᠳᠤ ᠡᠳ᠋ᠯᠡᠭᠦᠯᠬᠦ ᠶᠢ ᠪᠠᠷᠢᠮᠲᠠᠯᠠᠵᠤ᠂ ᠠᠷᠠᠳ ᠲᠦᠮᠡᠨ ᠤ ᠪᠡᠶ᠎ᠡ ᠰᠡᠳᠭᠢᠯ ᠢ ᠨᠡᠩ ᠡᠷᠡᠭᠦᠯ ᠴᠢᠭᠢᠷᠠᠭ᠂ ᠠᠵᠢᠯ ᠣᠯᠭᠤᠯᠲᠠ ᠶᠢ ᠨᠡᠩ ᠭᠦᠢᠴᠡᠳ᠂ ᠠᠮᠢᠳᠤᠷᠠᠯ ᠢ ᠨᠡᠩ ᠰᠠᠶᠢᠨ ᠰᠠᠶᠢᠬᠠᠨ ᠪᠣᠯᠭᠠᠵᠤ᠂ ᠬᠠᠮᠲᠤ ᠪᠠᠷ ᠣᠷᠣᠯᠴᠠᠬᠤ᠂ ᠬᠠᠮᠲᠤ ᠪᠠᠷ ᠴᠢᠷᠮᠠᠶᠢᠬᠤ᠂ ᠬᠠᠮᠲᠤ ᠪᠠᠷ ᠡᠳ᠋ᠯᠡᠬᠦ ᠶᠢ ᠪᠡᠶᠡᠯᠡᠭᠦᠯᠬᠦ ᠬᠡᠷᠡᠭᠲᠡᠢ ᠭᠡᠵᠤ ᠴᠢᠬᠤᠯᠠᠴᠢᠯᠠᠵᠠᠢ᠃
ᠰᠢ ᠶᠢᠨ ᠫᠢᠩ ᠬᠡᠬᠦᠳᠡᠭ ᠴᠡᠭᠡᠵᠢᠨ ᠳᠡᠭᠡᠨ ᠶᠡᠭᠡ ᠲᠠᠯ᠎ᠠ ᠶᠢ ᠪᠠᠭᠲᠠᠭᠠᠬᠤ᠂ ᠢᠲᠡᠭᠡᠯ ᠲᠡᠭᠦᠯᠳᠡᠷ ᠨᠡᠬᠡᠬᠡᠯᠳᠡ ᠲᠠᠢ ᠪᠠᠶᠢᠬᠤ᠂ ᠬᠦᠴᠢᠷ ᠢ ᠰᠦᠷᠦᠨ ᠤᠷᠤᠭᠰᠢᠯᠠᠬᠤ᠂ ᠭᠠᠷᠮᠠᠭᠠᠢ ᠠᠮᠵᠢᠯᠲᠠ ᠶᠢ ᠬᠥᠭᠡᠭᠡᠴᠡᠯᠳᠦᠬᠦ᠂ ᠢᠷᠡᠭᠡᠳᠦᠢ ᠪᠠᠨ ᠬᠠᠮᠲᠤ ᠪᠠᠷ ᠴᠣᠭᠴᠠᠯᠠᠬᠤ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠵᠣᠷᠢᠭ ᠰᠠᠨᠠᠭ᠎ᠠ ᠶᠢ ᠲᠣᠳᠣᠷᠬᠠᠶᠢᠯᠠᠨ ᠥᠭᠦᠯᠡᠪᠡ᠃ ᠬᠡᠬᠦᠳᠡᠭ ᠴᠡᠭᠡᠵᠢᠨ ᠳᠡᠭᠡᠨ ᠶᠡᠭᠡ ᠲᠠᠯ᠎ᠠ ᠶᠢ ᠪᠠᠭᠲᠠᠭᠠᠬᠤ ᠪᠤᠯ ᠳᠠᠷᠤᠢ ᠡᠬᠡ ᠤᠯᠤᠰ ᠲᠠᠢ ᠪᠠᠨ ᠰᠡᠳᠭᠢᠯ ᠵᠢᠷᠦᠬᠡ ᠪᠠᠨ ᠬᠤᠯᠪᠣᠵᠤ᠂ ᠠᠯᠤᠰ ᠬᠡᠳᠦ ᠶᠢᠨ ᠵᠣᠷᠢᠯᠲᠠ ᠲᠠᠢ ᠪᠠᠶᠢᠵᠤ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠪᠡᠯᠡᠳᠭᠡᠨ ᠡᠷᠬᠢᠯᠡᠬᠦ ᠶᠢ 《ᠤᠯᠤᠰ ᠤᠨ ᠶᠡᠭᠡ ᠶᠠᠪᠤᠳᠠᠯ》 ᠪᠣᠯᠭᠠᠵᠤ᠂ ᠡᠬᠡ ᠤᠯᠤᠰ ᠲᠠᠭᠠᠨ ᠢᠷᠠᠭᠤ ᠠᠯᠳᠠᠷ ᠣᠯᠭᠤᠬᠤ ᠪᠠᠷ ᠡᠭᠦᠷᠭᠡ ᠪᠣᠯᠭᠠᠵᠤ᠂ ᠡᠬᠡ ᠤᠯᠤᠰ ᠲᠠᠭᠠᠨ ᠭᠠᠪᠢᠶ᠎ᠠ ᠪᠠᠶᠢᠭᠤᠯᠬᠤ ᠪᠠᠷ ᠢᠷᠠᠭᠤ ᠠᠯᠳᠠᠷ ᠪᠣᠯᠭᠠᠵᠤ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠵᠦ᠂ ᠡᠬᠡ ᠤᠯᠤᠰ ᠪᠣᠯᠤᠨ ᠠᠷᠠᠳ ᠲᠦᠮᠡᠨ ᠤ ᠪᠠᠨ ᠲᠥᠯᠥᠭᠡ ᠪᠦᠯᠬᠦᠮᠳᠡᠨ ᠨᠢᠭᠡᠳᠴᠦ᠂ ᠡᠷᠡᠯᠬᠡᠭᠯᠡᠨ ᠲᠡᠮᠡᠴᠡᠬᠦ ᠬᠡᠷᠡᠭᠲᠡᠢ᠃ ᠢᠲᠡᠭᠡᠯ ᠲᠡᠭᠦᠯᠳᠡᠷ ᠨᠡᠬᠡᠬᠡᠯᠳᠡ ᠲᠠᠢ ᠪᠠᠶᠢᠬᠤ ᠪᠣᠯ ᠳᠠᠷᠤᠢ ᠠᠭᠤᠳᠠᠮᠴᠢ ᠪᠠᠭᠲᠠᠭᠠᠮᠵᠢᠲᠠᠢ᠂ ᠨᠡᠭᠡᠭᠡᠯᠲᠡᠲᠡᠢ ᠪᠠᠭᠲᠠᠭᠠᠮᠵᠢᠲᠠᠢ ᠪᠠᠶᠢᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠤᠨ ᠢᠲᠡᠭᠡᠯ᠂ ᠤᠨᠤᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢ ᠪᠠᠷᠢᠮᠲᠠᠯᠠᠨ᠂ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ᠂ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠪᠠᠷ ᠭᠦᠨ ᠵᠤᠵᠠᠭᠠᠨ ᠰᠣᠶᠣᠯ ᠤᠨ ᠠᠭᠤᠯᠤᠭᠳᠠᠬᠤᠨ ᠢ ᠳᠠᠮᠵᠢᠭᠤᠯᠵᠤ᠂ ᠳᠦᠭᠦᠮ ᠤᠶᠢᠯᠠᠭᠠᠮᠵᠢᠳᠠᠢ ᠶᠡᠭᠡ ᠶᠤᠰᠤᠨ ᠢᠶᠠᠷ ᠥᠨᠢ ᠤᠳᠠᠭᠠᠨ ᠪᠣᠯᠪᠠᠰᠤᠨ ᠤ ᠣᠶᠢᠯᠠᠭᠠᠭᠳᠠᠬᠤᠨ ᠢ ᠢᠯᠡᠷᠡᠭᠦᠯᠵᠦ᠂ ᠬᠠᠯᠠᠭᠤᠮᠰᠤᠭ ᠵᠣᠴᠢᠨᠰᠠᠭ ᠢᠶᠠᠷ ᠳᠤᠮᠳᠠᠳᠤ ᠤᠯᠤᠰ ᠤᠨ ᠠᠷᠠᠳ ᠲᠦᠮᠡᠨ ᠤ ᠴᠢᠩ ᠦᠨᠡᠨᠴᠢ ᠨᠦᠬᠦᠷᠰᠡᠭ ᠢ ᠢᠯᠡᠷᠡᠭᠦᠯᠵᠦ᠂ ᠪᠣᠯᠪᠠᠰᠤᠨ ᠤ ᠰᠣᠯᠢᠯᠴᠠᠭ᠎ᠠ ᠪᠠᠷ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠤ ᠣᠶᠢᠯᠠᠭᠠᠯᠴᠠᠭ᠎ᠠ ᠪᠠ ᠨᠥᠬᠦᠷᠯᠡᠯ ᠢ ᠠᠬᠢᠭᠤᠯᠬᠤ ᠶᠠᠪᠤᠳᠠᠯ ᠪᠣᠯᠤᠨ᠎ᠠ᠃ ᠬᠦᠴᠢᠷ ᠢ ᠰᠦᠷᠦᠨ ᠤᠷᠤᠭᠰᠢᠯᠠᠬᠤ ᠪᠣᠯ ᠳᠠᠷᠤᠢ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠵᠤ᠂ ᠰᠢᠨᠲᠠᠷᠠᠰᠢ ᠦᠭᠡᠢ ᠲᠡᠮᠡᠴᠡᠵᠦ᠂ ᠬᠦᠨᠳᠦ ᠡᠭᠦᠷᠭᠡ ᠶᠢ ᠡᠭᠦᠷᠭᠡᠯᠡᠬᠦ᠂ ᠥᠷᠢᠰᠥᠯᠳᠦᠭᠡᠨ ᠳᠤ ᠰᠢᠭᠤᠳ ᠬᠠᠨᠳᠤᠬᠤ ᠣᠮᠤᠭ ᠲᠡᠭᠦᠯᠳᠡᠷ ᠲᠡᠮᠡᠴᠡᠯ ᠤᠨ ᠵᠣᠷᠢᠭ ᠢᠶᠠᠨ ᠪᠠᠲᠤᠯᠠᠵᠤ᠂ ᠴᠦᠬᠦᠷᠡᠰᠢ ᠦᠭᠡᠢ ᠪᠠᠷ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠠᠶᠤᠯ ᠲᠦᠭᠰᠢᠭᠦᠷᠢ ᠶᠢ ᠲᠤᠭᠤᠯᠵᠤ᠂ ᠢᠯᠠᠯᠲᠠ ᠶᠢᠨ ᠲᠥᠯᠥᠭᠡ ᠡᠷᠡᠯᠬᠡᠭᠯᠡᠨ ᠤᠷᠤᠭᠰᠢᠯᠠᠬᠤ ᠶᠠᠪᠤᠳᠠᠯ ᠪᠣᠯᠤᠨ᠎ᠠ᠃ ᠭᠠᠷᠮᠠᠭᠠᠢ ᠠᠮᠵᠢᠯᠲᠠ ᠶᠢ ᠬᠥᠭᠡᠭᠡᠴᠡᠯᠳᠦᠬᠦ ᠪᠤᠯ ᠳᠠᠷᠤᠢ ᠨᠢᠭᠡ ᠰᠡᠳᠭᠢᠯ ᠢᠶᠠᠷ ᠠᠩᠬᠠᠷᠤᠯ ᠢᠶᠠᠨ ᠲᠥᠪᠯᠡᠷᠡᠭᠦᠯᠵᠦ᠂ ᠥᠴᠦᠬᠡᠨ ᠴᠦ ᠣᠰᠣᠯᠳᠠᠬᠤ ᠦᠭᠡᠢ᠂ ᠬᠠᠮᠤᠭ ᠤᠨ ᠥᠨᠳᠥᠷ ᠪᠠᠷᠢᠮᠵᠢᠶ᠎ᠠ᠂ ᠬᠠᠮᠤᠭ ᠤᠨ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠨ᠂ ᠨᠠᠷᠢᠨ ᠨᠢᠮᠪᠠᠢ ᠲᠥᠯᠥᠪᠵᠢᠭᠦᠯᠵᠤ᠂ ᠨᠠᠷᠢᠨ ᠨᠢᠮᠪᠠᠢ ᠰᠡᠶᠢᠯᠪᠦᠷᠢᠯᠡᠨ ᠤᠷᠠᠯᠠᠵᠤ᠂ ᠨᠠᠷᠢᠨ ᠨᠢᠮᠪᠠᠢ ᠤᠶᠢᠯᠠᠭᠠᠯᠴᠠᠨ ᠪᠤᠯᠪᠠᠰᠤᠷᠠᠵᠤ᠂ ᠲᠠᠰᠤᠷᠠᠯᠳᠠ ᠦᠭᠡᠢ ᠰᠢᠪᠲᠤᠯᠤᠯᠲᠠ ᠭᠠᠷᠭᠠᠵᠤ ᠭᠠᠶᠢᠬᠠᠮᠰᠢᠭ ᠢ ᠡᠭᠦᠳᠬᠦ ᠶᠠᠪᠤᠳᠠᠯ ᠪᠣᠯᠤᠨ᠎ᠠ᠃ ᠢᠷᠡᠭᠡᠳᠦᠢ ᠶᠢ ᠬᠠᠮᠲᠤ ᠪᠠᠷ ᠴᠣᠭᠴᠠᠯᠠᠬᠤ ᠪᠣᠯ ᠳᠠᠷᠤᠢ ᠬᠠᠮᠵᠢᠯᠴᠠᠨ ᠬᠥᠳᠡᠯᠦᠯᠴᠡᠵᠦ᠂ ᠨᠢᠭᠳᠠᠷᠠᠨ ᠭᠠᠷ ᠬᠤᠯᠪᠣᠯᠴᠠᠵᠤ᠂ 《ᠢᠷᠡᠭᠡᠳᠦᠢ ᠶᠢ ᠴᠢᠭᠯᠡᠨ ᠬᠠᠮᠲᠤ ᠪᠠᠷ ᠤᠷᠤᠭᠰᠢᠯᠠᠬᠤ》 ᠪᠠ 《ᠨᠡᠩ ᠪᠦᠯᠬᠦᠮᠳᠡᠯ ᠲᠠᠢ ᠪᠠᠶᠢᠬᠤ》 ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠬᠥᠭᠵᠢᠯᠲᠡ ᠶᠢᠨ ᠢᠷᠡᠭᠡᠳᠦᠢ ᠵᠦᠭ ᠬᠠᠨᠳᠤᠨ᠂ ᠬᠥᠮᠦᠨ ᠲᠥᠷᠥᠯᠬᠢᠲᠡᠨ ᠤ ᠬᠥᠭᠵᠢᠯᠲᠡ ᠶᠢᠨ ᠢᠷᠡᠭᠡᠳᠦᠢ ᠵᠦᠭ ᠬᠠᠨᠳᠤᠵᠤ᠂ ᠳᠡᠯᠡᠬᠡᠢ ᠳ᠋ᠠᠬᠢᠨ ᠳᠤ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠭᠠᠷ ᠬᠤᠯᠪᠤᠨ ᠪᠠᠶᠢᠭᠤᠯᠬᠤ ᠬᠠᠯᠠᠭᠤᠨ ᠤᠷᠢᠶᠠᠯᠠᠭ᠎ᠠ ᠭᠠᠷᠭᠠᠬᠤ ᠶᠠᠪᠤᠳᠠᠯ ᠪᠣᠯᠤᠨ᠎ᠠ᠃
ᠰᠢ ᠶᠢᠨ ᠫᠢᠩ᠂ 7 ᠵᠢᠯ ᠴᠦᠬᠦᠷᠡᠰᠢ ᠦᠭᠡᠢ ᠴᠢᠷᠮᠠᠶᠢᠭᠰᠠᠨ ᠰᠠᠭᠤᠷᠢᠨ ᠳᠤ ᠡᠷᠡᠮᠡᠬᠡᠶᠢᠯᠡᠨ ᠲᠡᠮᠡᠴᠡᠵᠦ ᠠᠶᠠᠨ ᠳᠠᠭᠠᠨ ᠲᠠᠬᠢᠨ ᠮᠣᠷᠳᠠᠪᠠ᠃ ᠪᠢᠳᠡ ᠢᠳᠡᠪᠬᠢᠲᠡᠢ ᠲᠥᠯᠥᠪᠵᠢᠭᠦᠯᠵᠦ᠂ ᠦᠷᠭᠦᠯᠵᠢᠯᠡᠨ ᠲᠡᠮᠡᠴᠡᠵᠦ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠥᠪ ᠢ ᠰᠠᠶᠢᠲᠤᠷ ᠬᠠᠮᠢᠶᠠᠷᠴᠤ᠂ ᠰᠠᠶᠢᠲᠤᠷ ᠠᠰᠢᠭᠯᠠᠬᠤ ᠬᠡᠷᠡᠭᠲᠡᠢ᠃ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠲᠠᠯᠠᠪᠤᠷ ᠣᠷᠳᠣᠨ ᠤ ᠲᠥᠬᠦᠭᠡᠷᠦᠮᠵᠢ ᠵᠡᠷᠭᠡ ᠪᠣᠳᠠᠰ ᠤᠨ ᠥᠪ ᠪᠠᠶᠢᠳᠠᠭ ᠮᠥᠷᠲᠡᠭᠡᠨ ᠪᠠᠰᠠ ᠰᠣᠶᠣᠯ ᠪᠠ ᠴᠢᠳᠠᠪᠤᠷᠢᠲᠠᠨ ᠤ ᠥᠪ ᠪᠠᠶᠢᠳᠠᠭ᠂ ᠡᠳᠡᠭᠡᠷ ᠪᠣᠯ ᠴᠥᠮ ᠡᠷᠬᠢᠮ ᠨᠠᠨᠳᠢᠨ ᠡᠳ᠋ ᠪᠠᠶᠠᠯᠢᠭ ᠮᠥᠨ᠂ ᠡᠭᠦᠨ ᠢ ᠭᠦᠢᠴᠡᠳ ᠰᠠᠶᠢᠲᠤᠷ ᠬᠡᠷᠡᠭᠯᠡᠬᠦ ᠬᠡᠷᠡᠭᠲᠡᠢ᠃ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠲᠦᠭᠡᠮᠡᠯᠵᠢᠭᠦᠯᠦᠨ ᠬᠥᠭᠵᠢᠭᠦᠯᠬᠦ ᠶᠢ ᠦᠷᠭᠦᠯᠵᠢᠯᠡᠨ ᠠᠬᠢᠭᠤᠯᠵᠤ᠂ ᠪᠠᠶᠢᠯᠳᠤᠬᠤ ᠪᠤᠳᠤᠯᠭ᠎ᠠ ᠶᠢᠨ ᠲᠥᠯᠥᠪᠵᠢᠭᠦᠯᠭᠡ ᠪᠠᠶᠢᠷᠢᠰᠢᠭᠤᠯᠤᠯᠲᠠ ᠶᠢ ᠴᠢᠩᠭᠠᠳᠬᠠᠨ᠂ ᠤᠯᠠᠨ ᠲᠦᠮᠡᠨ ᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠬᠠᠯᠠᠭᠤᠨ ᠰᠡᠳᠭᠢᠯᠭᠡ ᠶᠢ ᠦᠷᠭᠦᠯᠵᠢᠯᠡᠨ ᠪᠠᠲᠤᠯᠠᠬᠤ ᠬᠡᠷᠡᠭᠲᠡᠢ᠃ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠰᠣᠶᠣᠯ ᠤᠨ ᠡᠬᠢ ᠪᠠᠶᠠᠯᠢᠭ ᠢ ᠭᠦᠢᠴᠡᠳ ᠠᠭᠤᠳᠠᠯᠤᠨ ᠠᠰᠢᠭᠯᠠᠵᠤ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠨᠡᠩ ᠢᠲᠡᠭᠡᠯ ᠲᠠᠢ ᠯᠠᠪᠳᠠᠭᠤᠨ ᠲᠣᠭᠲᠠᠭᠤᠨ ᠢᠶᠠᠷ ᠳᠤᠮᠳᠠᠳᠤ ᠤᠯᠤᠰ ᠤᠨ ᠳᠠᠭᠤᠨ ᠢ ᠳᠠᠮᠵᠢᠭᠤᠯᠵᠤ᠂ ᠳᠤᠮᠳᠠᠳᠤ ᠤᠯᠤᠰ ᠤᠨ ᠦᠯᠢᠭᠡᠷ ᠢ ᠰᠠᠶᠢᠲᠤᠷ ᠶᠠᠷᠢᠬᠤ ᠬᠡᠷᠡᠭᠲᠡᠢ᠃ ᠬᠥᠮᠦᠯᠢᠭ ᠦᠵᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠥᠮᠦᠨ ᠤ ᠡᠷᠬᠡ ᠶᠢ ᠬᠦᠨᠳᠦᠳᠭᠡᠨ ᠪᠠᠲᠤᠯᠠᠵᠤ᠂ ᠵᠡᠮᠳᠡᠭᠴᠦᠳ ᠤᠨ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠨᠡᠶᠢᠭᠡᠮ ᠳᠠᠶᠠᠭᠠᠷ ᠲᠤ ᠬᠠᠷᠠᠮ ᠦᠭᠡᠢ ᠵᠣᠷᠢᠭᠤᠯᠬᠤ᠂ ᠨᠥᠬᠦᠷᠰᠡᠭ ᠳᠣᠲᠣᠨᠣ ᠪᠠᠶᠢᠬᠤ᠂ ᠬᠠᠷᠢᠯᠴᠠᠨ ᠬᠠᠪᠰᠤᠷᠤᠯᠴᠠᠬᠤ᠂ ᠲᠠᠪᠰᠢᠬᠤ ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ ᠥᠷᠭᠡᠨ ᠢᠶᠠᠷ ᠪᠠᠳᠠᠷᠠᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠢᠳᠡᠪᠬᠢ ᠦᠢᠯᠡᠳᠦᠯ ᠢ ᠨᠡᠩ ᠰᠠᠶᠢᠨ ᠪᠠᠳᠠᠷᠠᠭᠤᠯᠵᠤ᠂ ᠨᠡᠶᠢᠭᠡᠮ ᠤᠨ ᠪᠣᠯᠪᠠᠰᠤᠨ ᠤ ᠲᠠᠪᠰᠢᠯᠳᠠ ᠶᠢ ᠠᠬᠢᠭᠤᠯᠬᠤ ᠬᠡᠷᠡᠭᠲᠡᠢ᠃ ᠣᠯᠢᠮᠫᠢᠺ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠣᠯᠢᠮᠫᠢᠺ ᠤᠨ ᠬᠥᠮᠦᠨ ᠲᠥᠷᠥᠯᠬᠢᠲᠡᠨ ᠤ ᠡᠩᠬᠡ ᠲᠠᠶᠢᠪᠤᠩ ᠬᠥᠭᠵᠢᠯᠲᠡ ᠶᠢ ᠠᠬᠢᠭᠤᠯᠬᠤ ᠴᠢᠬᠤᠯᠠ ᠦᠢᠯᠡᠳᠦᠯ ᠢ ᠪᠠᠳᠠᠷᠠᠭᠤᠯᠵᠤ᠂ ᠬᠥᠮᠦᠨ ᠲᠥᠷᠥᠯᠬᠢᠲᠡᠨ ᠤ ᠪᠣᠯᠪᠠᠰᠤᠨ ᠤ ᠳᠠᠪᠰᠢᠯᠲᠠ ᠳᠤ ᠨᠡᠩ ᠤᠯᠠᠨ ᠳᠤᠮᠳᠠᠳᠤ ᠤᠯᠤᠰ ᠤᠨ ᠤᠶᠤᠨ ᠤᠬᠠᠭᠠᠨ ᠪᠣᠯᠤᠨ ᠳᠤᠮᠳᠠᠳᠤ ᠤᠯᠤᠰ ᠤᠨ ᠬᠦᠴᠦᠨ ᠴᠢᠳᠠᠯ ᠢ ᠨᠡᠮᠡᠷᠢᠯᠡᠬᠦ ᠬᠡᠷᠡᠭᠲᠡᠢ᠃ ᠬᠥᠮᠦᠨ ᠤ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠳᠤᠮᠳᠠᠬᠢ ᠪᠡᠶ᠎ᠡ ᠶᠢᠨ ᠲᠠᠮᠢᠷ ᠤᠨ ᠴᠢᠬᠤᠯᠠ ᠦᠢᠯᠡᠳᠦᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠶᠢᠨ ᠬᠠᠮᠲᠤ ᠭᠦᠢᠴᠡᠳ ᠪᠠᠳᠠᠷᠠᠭᠤᠯᠵᠤ᠂ ᠪᠡᠶ᠎ᠡ ᠶᠢᠨ ᠲᠠᠮᠢᠷ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠦᠷᠭᠦᠯᠵᠢᠯᠡᠨ ᠠᠬᠢᠭᠤᠯᠵᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠢᠰᠲ᠋ᠧᠮ ᠢ ᠲᠡᠭᠦᠯᠳᠡᠷᠵᠢᠭᠦᠯᠵᠦ᠂ ᠥᠷᠭᠡᠨ ᠤᠯᠠᠨ ᠠᠷᠠᠳ ᠲᠦᠮᠡᠨ ᠢᠯᠠᠩᠭᠤᠶ᠎ᠠ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠪᠠ ᠪᠡᠶ᠎ᠡ ᠴᠢᠭᠢᠷᠠᠭᠵᠢᠭᠤᠯᠬᠤ ᠤᠬᠠᠮᠰᠠᠷ ᠢ ᠴᠢᠩᠭᠠᠳᠬᠠᠵᠤ᠂ ᠮᠠᠨ ᠤ ᠤᠯᠤᠰ ᠤᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠪᠠ ᠳᠡᠯᠡᠬᠡᠢ ᠳᠡᠭᠡᠷᠡᠬᠢ ᠦᠷᠢᠰᠦᠯᠳᠦᠬᠦ ᠬᠦᠴᠦᠨ ᠢ ᠴᠢᠩᠭᠠᠳᠬᠠᠵᠤ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠪᠠᠶᠢᠭᠤᠯᠬᠤ ᠠᠯᠬᠤᠴᠠ ᠪᠠᠨ ᠲᠦᠷᠭᠡᠳᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠯᠢ ᠺᠧ ᠴᠢᠶᠠᠩ ᠶᠡᠭᠡ ᠬᠤᠷᠠᠯ ᠢ ᠡᠷᠬᠢᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠯᠤᠲᠤ ᠶᠡᠭᠡ ᠠᠮᠵᠢᠯᠲᠠ ᠶᠢ ᠭᠦᠢᠴᠡᠳ ᠨᠤᠲᠠᠯᠠᠵᠤ᠂ 7 ᠵᠢᠯ ᠤᠨ ᠪᠡᠯᠡᠳᠭᠡᠯ ᠤᠷᠤᠯᠳᠤᠭᠠᠨ ᠤ ᠶᠡᠷᠦ ᠪᠤᠰᠤ ᠶᠢᠨ ᠲᠡᠦᠬᠡᠨ ᠶᠠᠪᠤᠴᠠ ᠶᠢ ᠪᠦᠬᠦ ᠲᠠᠯ᠎ᠠ ᠪᠠᠷ ᠡᠷᠭᠢᠴᠡᠭᠦᠯᠵᠦ᠂ ᠪᠡᠯᠡᠳᠭᠡᠯ ᠠᠵᠢᠯ ᠤᠨ ᠨᠠᠨᠳᠢᠨ ᠲᠤᠷᠰᠢᠯᠭ᠎ᠠ ᠶᠢ ᠭᠦᠨᠵᠡᠭᠡᠢ ᠳ᠋ᠦᠩᠨᠡᠵᠦ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠵᠣᠷᠢᠭ ᠰᠠᠨᠠᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠥᠪ ᠢ ᠰᠠᠶᠢᠲᠤᠷ ᠠᠰᠢᠭᠯᠠᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠲᠣᠳᠣᠷᠬᠠᠢ ᠱᠠᠭᠠᠷᠳᠠᠯᠭ᠎ᠠ ᠳᠤᠷᠠᠳᠴᠤ᠂ ᠮᠠᠰᠢ ᠴᠢᠩᠭ᠎ᠠ ᠤᠯᠤᠰ ᠲᠦᠷᠦᠴᠢ ᠴᠢᠨᠠᠷ᠂ ᠦᠵᠡᠯ ᠰᠠᠨᠠᠭᠠᠴᠢ ᠴᠢᠨᠠᠷ᠂ ᠵᠢᠯᠣᠭᠤᠳᠬᠤ ᠴᠢᠨᠠᠷ ᠲᠠᠢ ᠶᠤᠮ᠃ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠭᠦᠨᠵᠡᠭᠡᠢ ᠨᠠᠶᠢᠳᠠᠪᠤᠷᠢᠵᠢᠭᠤᠯᠬᠤ ᠬᠡᠷᠡᠭᠲᠡᠢ᠃ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ 《ᠬᠤᠶᠠᠷ ᠢ ᠲᠣᠭᠲᠠᠭᠠᠬᠰᠠᠨ》 ᠤ ᠰᠢᠶᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ 《ᠳᠥᠷᠪᠡᠨ ᠤᠬᠠᠮᠰᠠᠷ》 ᠢᠶᠠᠨ ᠴᠢᠩᠭᠠᠳᠬᠠᠵᠤ᠂ 《ᠳᠥᠷᠪᠡᠨ ᠢᠲᠡᠭᠡᠯ》 ᠢᠶᠠᠨ ᠪᠠᠲᠤᠳᠬᠠᠵᠤ᠂ 《ᠬᠤᠶᠠᠷ ᠢ ᠬᠠᠮᠠᠭᠠᠯᠠᠬᠤ》 ᠶᠢ ᠪᠡᠶᠡᠯᠡᠭᠦᠯᠵᠦ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠡᠷᠡᠮᠡᠬᠡᠶᠢᠯᠡᠨ ᠤᠷᠤᠭᠰᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠵᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠴᠥᠬᠦᠷᠡᠰᠢ ᠥᠬᠡᠶ ᠲᠡᠮᠡᠴᠡᠬᠦ ᠬᠡᠷᠡᠭᠲᠡᠶ ᠭᠡᠵᠦ ᠵᠢᠭᠠᠵᠤ ᠭᠠᠷᠭᠠᠪᠠ᠃
ᠬᠤᠷᠠᠯ ᠳᠡᠭᠡᠷ᠎ᠡ᠂ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠲᠥᠯᠥᠭᠡᠯᠡᠭᠴᠢᠳ ᠤᠨ ᠪᠦᠯᠬᠦᠮ ᠤᠨ ᠲᠥᠯᠥᠭᠡᠯᠡᠭᠴᠢ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠬᠠᠮᠢᠶᠠᠷᠤᠯᠲᠠ ᠶᠢᠨ ᠲᠥᠪ ᠤᠨ ᠡᠷᠬᠢᠯᠡᠭᠴᠢ ᠨᠢ ᠵᠥᠩ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠲᠥᠯᠥᠭᠡᠯᠡᠭᠴᠢᠳ ᠤᠨ ᠪᠦᠯᠬᠦᠮ ᠤᠨ ᠲᠥᠯᠥᠭᠡᠯᠡᠭᠴᠢ᠂ ᠤᠯᠤᠰ ᠤᠨ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠭᠡᠭᠡᠷᠡᠯᠡᠨ ᠴᠠᠨᠠᠯᠠᠬᠤ ᠪᠠ ᠡᠪᠦᠯ ᠤᠨ ᠤᠯᠠᠷᠢᠯ ᠤᠨ ᠬᠤᠶᠠᠷ ᠵᠦᠶᠯ ᠤᠨ ᠠᠩᠭᠢ ᠶᠢᠨ ᠲᠠᠮᠢᠷᠴᠢᠨ ᠶᠠᠩ ᠬᠤᠩ ᠴᠢᠶᠦ᠋ᠩ᠂ ᠰᠠᠶᠢᠨ ᠲᠤᠷᠠᠴᠤᠳ ᠤᠨ ᠲᠥᠯᠥᠭᠡᠯᠡᠭᠴᠢ᠂ ᠾᠧᠪᠧᠶ ᠶᠢᠨ ᠪᠠᠭᠰᠢ ᠶᠢᠨ ᠶᠡᠭᠡ ᠰᠤᠷᠭᠠᠭᠤᠯᠢ ᠶᠢᠨ ᠰᠣᠨᠢᠨ ᠮᠡᠳᠡᠭᠡᠨ ᠤ ᠳᠠᠮᠵᠢᠭᠤᠯᠭ᠎ᠠ ᠶᠢᠨ ᠳᠡᠭᠡᠳᠦ ᠰᠤᠷᠭᠠᠭᠤᠯᠢ ᠶᠢᠨ ᠰᠣᠷᠣᠭᠴᠢ ᠶᠤᠸᠠᠨ ᠸᠧᠶ ᠲᠢᠩ᠂ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ ᠺᠣᠮᠢᠰ ᠤᠨ ᠲᠥᠯᠥᠭᠡᠯᠡᠭᠴᠢ᠂ ᠶᠠᠨᠴᠢᠩ ᠤᠨ ᠠᠵᠢᠯᠯᠠᠭᠠᠨ ᠤ ᠲᠥᠪ ᠤᠨ ᠪᠠᠶᠢᠩᠭᠤ ᠶᠢᠨ ᠳᠡᠳ᠋ ᠡᠷᠬᠢᠯᠡᠭᠴᠢ ᠵᠠᠩ ᡁᠢ ᠦᠭᠡ ᠬᠡᠯᠡᠪᠡ᠃
ᠬᠤᠷᠠᠯ ᠠᠴᠠ ᠡᠮᠦᠨ᠎ᠡ᠂ ᠰᠢ ᠶᠢᠨ ᠫᠢᠩ ᠵᠡᠷᠭᠡ ᠤᠳᠤᠷᠢᠳᠬᠤ ᠨᠥᠬᠦᠳ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠬᠠᠮᠲᠤ ᠶᠢᠨ ᠲᠥᠯᠥᠭᠡᠯᠡᠭᠴᠢ᠂ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠬᠤᠪᠢ ᠬᠥᠮᠦᠨ ᠪᠣᠯᠤᠨ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠬᠦᠮ ᠤᠨ ᠪᠦᠷᠢᠯᠳᠦᠬᠦᠨ ᠲᠠᠢ ᠳᠣᠲᠣᠨᠣ ᠪᠠᠷ ᠠᠭᠤᠯᠵᠠᠭᠰᠠᠨ ᠪᠥᠭᠡᠳ ᠤᠯᠠᠨ ᠲᠠᠢ ᠬᠠᠮᠲᠤ ᠬᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃
ᠪᠡᠭᠡᠵᠢᠩ ᠳᠤ ᠪᠠᠶᠢᠭ᠎ᠠ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠱᠦᠵᠢ ᠨᠡᠷ ᠤᠨ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ ᠳᠡᠭᠡᠳᠦ ᠰᠢᠭᠦᠬᠦ ᠬᠤᠷᠢᠶᠠᠨ ᠤ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ ᠪᠡᠭᠡᠵᠢᠩ ᠳᠤ ᠪᠠᠶᠢᠭ᠎ᠠ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠢᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠭᠡᠰᠢᠭᠦᠳ ᠶᠡᠭᠡ ᠬᠤᠷᠠᠯ ᠳᠤ ᠣᠷᠣᠯᠴᠠᠪᠠ᠃
ᠲᠥᠪ ᠤᠨ ᠨᠠᠮ ᠵᠠᠰᠠᠭ ᠴᠡᠷᠢᠭ ᠤᠯᠠᠨ ᠲᠦᠮᠡᠨ ᠤ ᠪᠦᠯᠬᠦᠮ ᠤᠨ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ᠂ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠢᠴᠢ ᠬᠤᠯᠪᠣᠭᠳᠠᠯ ᠪᠦᠬᠦᠢ ᠠᠵᠢᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠨᠥᠬᠦᠳ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ ᠺᠣᠮᠢᠰ ᠤᠨ ᠬᠠᠷᠢᠭᠤᠴᠠᠯᠭᠠᠲᠠᠨ ᠨᠥᠬᠦᠳ᠂ ᠪᠡᠭᠡᠵᠢᠩ ᠬᠤᠳᠠ᠂ ᠾᠧᠪᠸᠢ ᠮᠤᠵᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠬᠦᠮ ᠤᠨ ᠪᠦᠷᠢᠯᠳᠦᠬᠦᠨ᠂ ᠠᠵᠢᠯᠳᠠᠨ᠂ ᠰᠣᠨᠢᠨ ᠮᠡᠳᠡᠭᠡᠨ ᠤ ᠵᠠᠭᠤᠴᠢᠯᠠᠭᠤᠷ ᠪᠣᠯᠤᠨ ᠰᠠᠶᠢᠨ ᠲᠤᠷᠠᠴᠤᠳ ᠤᠨ ᠲᠥᠯᠥᠭᠡᠯᠡᠭᠴᠢ ᠵᠡᠷᠭᠡ 3000 ᠰᠢᠬᠠᠮ ᠬᠥᠮᠦᠨ ᠶᠡᠭᠡ ᠬᠤᠷᠠᠯ ᠳᠤ ᠣᠷᠣᠯᠴᠠᠪᠠ᠃