ᠵᠤᠬᠢᠶᠠᠭᠴᠢ: ᠴᠠᠭ:2022-04-15 ᠥᠵᠡᠭᠰᠡᠨ : ᠢᠷᠡᠯᠲᠡ:  《 ᠥᠪᠥᠷ ᠮᠣᠩᠭᠤᠯ ᠤᠨ ᠡᠳᠦᠷ ᠤᠨ ᠰᠣᠨᠢᠨ》  
ᠸᠠᠩ ᠯᠢ ᠰᠢᠶᠠ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠳᠤ ᠢᠯᠡᠷᠡᠭᠦᠯᠦᠭᠰᠡᠨ ᠨᠡᠶᠢᠲᠡᠯᠢᠭ ᠬᠡᠷᠡᠭ ᠤᠨ ᠵᠢᠱᠢᠶ᠎ᠠ  ᠶᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠤᠬᠠᠢ ᠶᠢᠨ ᠭᠠᠵᠠᠷ ᠲᠤᠨᠢ ᠱᠠᠯᠠᠪᠳᠠᠭᠤᠯᠤᠨ ᠰᠢᠢᠳᠪᠦᠷᠢᠯᠡᠬᠦ ᠳᠡᠭᠡᠨ ᠴᠢᠩᠭ᠎ᠠ ᠪᠦᠭᠡᠳ ᠪᠣᠳᠠᠲᠠᠶ ᠲᠦᠷᠭᠡᠨ ᠪᠦᠭᠡᠳ ᠨᠠᠷᠢᠯᠢᠭ ᠤᠷᠤᠵᠦ ᠠᠯᠤᠰ ᠢᠷᠡᠭᠡᠳᠦᠢ ᠶᠢ ᠪᠤᠳᠤᠯᠬᠢᠯᠠᠨ ᠦᠨᠡᠨ ᠬᠦ ᠬᠠᠲᠠᠭᠤ ᠲᠠᠢ ᠨᠢ ᠬᠠᠯᠳᠠᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠶᠢ ᠠᠳᠬᠤᠨ ᠳᠤᠲᠠᠭᠤᠳᠠᠯ ᠢᠶᠠᠨ ᠨᠥᠬᠦᠪᠥᠷᠢᠯᠡᠵᠦ ᠲᠣᠭᠲᠠᠴᠠ ᠶᠢ ᠪᠠᠶᠢᠭᠤᠯᠤᠨ ᠣᠷᠳᠣ ᠬᠤᠭᠤᠴᠠᠭ᠎ᠠ ᠪᠦᠲᠦᠮᠵᠢᠲᠡᠢ ᠪᠠᠶᠢᠬᠤ ᠶᠢ ᠡᠷᠬᠢᠮᠯᠡᠬᠦ ᠬᠡᠷᠡᠭᠲᠡᠢ ᠭᠡᠵᠦ ᠴᠢᠬᠤᠯᠠᠴᠢᠯᠠᠪᠠ

 

2022  4 ᠳ᠋ᠦ᠋ᠭᠡᠷ ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠪᠠᠶᠠᠨᠨᠠᠭᠤᠷ ᠬᠤᠳᠠ ᠶᠢᠨ ᠤᠷᠠᠳ ᠤᠨ ᠡᠮᠦᠨᠡᠲᠦ ᠬᠤᠰᠢᠭᠤᠨ ᠳᠤ ᠬᠦᠷᠴᠦ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠳᠤ ᠢᠯᠡᠷᠡᠭᠦᠯᠦᠭᠰᠡᠨ ᠨᠡᠶᠢᠲᠡᠯᠢᠭ ᠬᠡᠷᠡᠭ ᠤᠨ ᠵᠢᠱᠢᠶ᠎ᠠ ᠶᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠯᠠᠪᠳᠠᠭᠤᠯᠤᠨ ᠵᠢᠯᠣᠭᠤᠳᠪᠠ᠃ ᠲᠡᠷᠡ᠂ ᠴᠢᠩᠭ᠎ᠠ ᠪᠦᠭᠡᠳ ᠪᠣᠳᠠᠲᠠᠢ᠂ ᠲᠦᠷᠭᠡᠨ ᠪᠥᠭᠡᠳ ᠨᠠᠷᠢᠯᠢᠭ ᠤᠷᠤᠵᠤ᠂ ᠠᠯᠤᠰ ᠢᠷᠡᠭᠡᠳᠦᠢ ᠶᠢ ᠪᠣᠳᠣᠯᠬᠢᠯᠠᠵᠤ᠂ ᠦᠨᠡᠨ ᠬᠦ ᠬᠠᠲᠠᠭᠤ ᠲᠠᠢ  ᠨᠢ ᠬᠠᠯᠳᠠᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠲᠣᠭᠲᠠᠴᠠ ᠶᠢ ᠪᠠᠶᠢᠭᠤᠯᠵᠤ᠂ ᠤᠷᠳᠤ ᠬᠤᠭᠤᠴᠠᠭ᠎ᠠ ᠪᠦᠲᠦᠮᠵᠢᠲᠡᠢ ᠪᠠᠶᠢᠬᠤ ᠶᠢ ᠡᠷᠬᠢᠮᠯᠡᠬᠦ ᠬᠡᠷᠡᠭᠲᠡᠢ ᠭᠡᠵᠦ ᠴᠢᠬᠤᠯᠠᠴᠢᠯᠠᠪᠠ᠃

ᠸᠠᠩ ᠯᠢ ᠰᠢᠶᠠ ᠤᠷᠢᠳ ᠬᠤᠵᠢᠳ ᠨᠦᠩ ᠺᠧᠨ ᠵᠢᠩ ᠨᠢᠤ ᠠᠭᠤᠷᠬᠠᠢ ᠶᠢᠨ ᠦᠢᠯᠡᠰ ᠤᠨ ᠥᠭᠡᠬᠦᠨ ᠴᠢᠯᠠᠭᠤᠯᠢᠭ ᠤᠨ ᠠᠭᠤᠷᠬᠠᠢ ᠶᠢᠨ ᠣᠷᠣᠨ᠂ ᠶᠣᠣ  ᠠᠭᠤᠷᠬᠠᠢ ᠶᠢᠨ ᠦᠢᠯᠡᠰ ᠤᠨ ᠳ᠋ᠡ ᠰᠢ ᠭᠸᠤ ᠴᠠᠬᠢᠭᠤᠷ ᠴᠢᠯᠠᠭᠤᠨ ᠤ ᠠᠭᠤᠷᠬᠠᠢ ᠶᠢᠨ ᠣᠷᠣᠨ᠂ ᠬᠤᠸᠠ ᠲᠦᠸᠧ ᠠᠭᠤᠷᠬᠠᠢ ᠶᠢᠨ ᠦᠢᠯᠡᠰ ᠤᠨ ᠦᠯᠡᠳᠡᠭᠳᠡᠯ ᠬᠦᠳᠡᠷ ᠤᠨ ᠬᠥᠮᠥᠷᠭᠡ ᠳᠤ ᠬᠦᠷᠴᠦ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠵᠢᠭᠠᠵᠤ ᠭᠠᠷᠭᠠᠭᠰᠠᠨ ᠠᠰᠠᠭᠤᠳᠠᠯ ᠲᠠᠢ ᠬᠠᠷᠭᠤᠭᠤᠯᠵᠤ᠂ ᠶᠠᠪᠠᠭᠠᠨ ᠢᠶᠠᠷ ᠠᠭᠤᠯᠠᠨ ᠬᠥᠲᠥᠯ ᠳᠤ ᠭᠠᠷᠬᠤ ᠶᠢᠨ ᠬᠠᠮᠲᠤ ᠬᠠᠶᠠᠭᠳᠠᠮᠠᠯ ᠰᠢᠷᠣᠢ ᠴᠢᠯᠠᠭᠤᠨ ᠮᠠᠲ᠋ᠧᠷᠢᠶᠠᠯ ᠢ ᠳᠤᠷ᠎ᠠ ᠪᠠᠷ ᠢᠶᠠᠨ ᠣᠪᠣᠭᠠᠯᠠᠵᠤ ᠪᠠᠶᠢᠬᠤ᠂ ᠠᠭᠤᠯᠠ ᠶᠢ ᠪᠦᠳᠦᠬᠦᠯᠢᠭ ᠪᠠᠯᠠᠮᠠᠳ ᠢᠶᠠᠷ ᠡᠪᠳᠡᠭᠰᠡᠨ᠂ ᠦᠯᠡᠳᠡᠭᠳᠡᠯ ᠰᠢᠭᠠᠷᠤ ᠶᠢ ᠳᠤᠷ᠎ᠠ ᠪᠠᠷ ᠢᠶᠠᠨ ᠣᠪᠣᠭᠠᠯᠠᠵᠤ ᠲᠠᠯᠪᠢᠭᠰᠠᠨ ᠵᠡᠷᠭᠡ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠵᠢᠯᠣᠭᠤᠴᠢ ᠦᠭᠡᠢ ᠨᠢᠰᠭᠡᠯ ᠢᠶᠠᠷ ᠪᠠᠶᠢᠴᠠᠭᠠᠨ ᠦᠵᠡᠪᠡ᠃ ᠲᠤᠰᠬᠠᠶ ᠮᠡᠷᠭᠡᠵᠢᠯᠲᠡᠨ ᠤ ᠰᠠᠨᠠᠯ ᠢ ᠰᠣᠨᠣᠰᠤᠭᠰᠠᠨ ᠤ ᠳᠠᠷᠠᠭ᠎ᠠ᠂ ᠸᠠᠩ ᠯᠢ ᠰᠢᠶᠠ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠳᠤ ᠢᠯᠡᠷᠡᠭᠦᠯᠦᠭᠰᠡᠨ ᠬᠠᠤᠯᠢ ᠠᠴᠠ ᠵᠥᠷᠢᠴᠡᠨ ᠠᠭᠤᠷᠬᠠᠶ ᠶᠢ ᠵᠠᠳᠠᠭᠠᠶ ᠮᠠᠯᠲᠠᠵᠤ ᠪᠠᠶᠢᠬᠤ᠂ ᠠᠭᠤᠯᠠ ᠶᠢ ᠲᠤᠷ᠎ᠠ ᠲᠠᠪᠠ ᠪᠠᠷ ᠢᠶᠠᠨ ᠡᠪᠳᠡᠵᠦ ᠪᠠᠶᠢᠬᠤ ᠵᠡᠷᠭᠡ ᠠᠰᠠᠭᠤᠳᠠᠯ ᠤᠨ ᠠᠮᠢ ᠠᠬᠤᠶ ᠣᠷᠴᠢᠨ ᠲᠣᠭᠤᠷᠢᠨ ᠳᠤ ᠤᠴᠠᠷᠠᠭᠤᠯᠤᠭᠰᠠᠨ ᠡᠪᠳᠡᠯᠡᠭᠡ ᠨᠢ ᠬᠥᠮᠦᠰ ᠢ ᠰᠣᠴᠢᠭᠠᠮ᠎ᠠ ᠪᠠᠶᠢᠨ᠎ᠠ᠃ ᠱᠠᠯᠠᠪᠳᠠᠭᠤᠯᠤᠨ ᠪᠠᠶᠢᠴᠠᠭᠠᠯᠳᠠ ᠳᠤ ᠵᠢᠭᠠᠵᠤ ᠭᠠᠷᠭᠠᠭᠰᠠᠨ ᠠᠰᠠᠭᠤᠳᠠᠯ ᠤᠨ ᠨᠡᠶᠢᠲᠡᠯᠢᠭ ᠴᠢᠨᠠᠷ᠂ ᠬᠦᠨᠳᠦ ᠨᠣᠴᠢᠲᠠᠢ ᠴᠢᠨᠠᠷ ᠢ ᠡᠷᠬᠡᠪᠰᠢ ᠭᠦᠨᠵᠡᠭᠡᠢ ᠲᠠᠨᠢᠵᠤ᠂ ᠳᠠᠷᠤᠶᠢᠬᠠᠨ ᠴᠡᠭᠴᠡᠯᠡᠨ ᠰᠠᠶᠢᠵᠢᠷᠠᠭᠤᠯᠵᠤ᠂ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠲᠤᠶᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠬᠠᠷᠢᠶ᠎ᠠ ᠭᠠᠵᠠᠷ ᠤᠨ ᠬᠢᠨᠠᠯᠲᠠ ᠬᠠᠮᠢᠶᠠᠷᠤᠯᠲᠠ ᠪᠣᠯᠤᠨ ᠪᠦᠬᠦ ᠶᠠᠪᠤᠴᠠ ᠶᠢᠨ ᠬᠢᠨᠠᠯᠲᠠ ᠲᠠᠯᠪᠢᠯᠲᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠤ ᠠᠬᠤᠶᠢᠯᠠᠯ ᠤᠨ ᠨᠡᠭᠡᠭᠡᠨ ᠮᠠᠯᠲᠠᠬᠤ ᠶᠢᠨ ᠳᠠᠭᠠᠤ ᠵᠠᠰᠠᠵᠤ ᠰᠡᠷᠭᠦᠭᠡᠬᠦ ᠶᠢ ᠱᠠᠯᠠᠪᠳᠠᠭᠤᠯᠵᠤ᠂ ᠪᠣᠬᠢᠷᠲᠤᠯ ᠦᠭᠡᠢ ᠠᠭᠤᠷᠬᠠᠢ ᠶᠢᠨ ᠪᠠᠷᠢᠮᠵᠢᠶ᠎ᠠ ᠳᠤ ᠬᠦᠷᠭᠡᠬᠦ ᠬᠡᠷᠡᠭᠲᠡᠢ᠃ ᠵᠠᠰᠠᠯᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠵᠠᠰᠠᠯᠲᠠ ᠶᠢᠨ ᠲᠥᠰᠦᠯ ᠢ ᠨᠠᠷᠢᠯᠢᠬᠵᠢᠭᠤᠯᠵᠤ᠂ ᠦᠨᠡᠯᠡᠨ ᠵᠢᠱᠢᠵᠦ ᠰᠢᠯᠭᠠᠨ ᠠᠪᠬᠤ ᠶᠢ ᠴᠢᠩᠳᠠᠯᠠᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠳ᠋ᠦᠩ ᠨᠢ ᠤᠯᠠᠨ ᠲᠦᠮᠡᠨ ᠤ ᠰᠢᠯᠭᠠᠯᠲᠠ᠂ ᠦᠢᠯᠡᠳᠦᠯᠭᠡ ᠶᠢᠨ ᠰᠢᠯᠭᠠᠯᠲᠠ᠂ ᠲᠡᠦᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠳᠠᠷᠠᠭ᠎ᠠ ᠨᠢ᠂ ᠸᠠᠩ ᠯᠢ ᠰᠢᠶᠠ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠠᠭᠤᠷᠬᠠᠢ ᠶᠢ ᠵᠠᠰᠠᠵᠤ ᠰᠡᠷᠭᠦᠭᠡᠬᠦ    ᠰᠠᠨᠠᠯ ᠰᠠᠨᠠᠭᠤᠯᠭ᠎ᠠ ᠶᠢ ᠰᠣᠨᠣᠰᠤᠭᠰᠠᠨ ᠤ ᠳᠠᠷᠠᠭ᠎ᠠ᠂ ᠲᠡᠷᠡ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ ᠪᠣᠯ ᠶᠡᠷᠦᠩᠬᠡᠢ ᠱᠦᠵᠢ ᠰᠢ ᠶᠢᠨ ᠫᠢᠩ ᠤᠨ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠠᠬᠢᠭᠤᠯᠤᠭᠰᠠᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠮᠥᠨ᠂ ᠤᠯᠤᠰ ᠲᠦᠷᠦ ᠶᠢᠨ ᠲᠠᠯ᠎ᠠ ᠠᠴᠠ ᠦᠵᠡᠬᠦ᠂ ᠤᠯᠤᠰ ᠲᠦᠷᠦ ᠶᠢᠨ ᠲᠠᠯ᠎ᠠ ᠠᠴᠠ ᠬᠢᠬᠦ ᠶᠢ ᠪᠠᠷᠢᠮᠲᠠᠯᠠᠵᠤ᠂ ᠣᠪᠣᠷ ᠢᠶᠠᠨ ᠲᠥᠪ ᠪᠣᠯᠭᠠᠵᠤ᠂ ᠡᠷᠭᠢᠴᠡᠭᠦᠯᠦᠨ ᠲᠤᠩᠭᠠᠵᠤ᠂ ᠨᠡᠩ ᠡᠷᠡᠰ ᠪᠠᠲᠤ ᠤᠬᠠᠮᠰᠠᠷ ᠠᠴᠠ ᠪᠠᠨ ᠴᠡᠭᠴᠡᠯᠡᠨ ᠰᠠᠶᠢᠵᠢᠷᠠᠭᠤᠯᠤᠯᠳᠠ ᠶᠢ ᠠᠳᠬᠤᠵᠤ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠲᠡᠷᠡ ᠬᠡᠪ ᠢᠶᠠᠷ ᠨᠢ ᠪᠠᠬᠢᠵᠢᠭᠦᠯᠬᠦ ᠪᠠ ᠳᠡᠭᠡᠭᠰᠢᠯᠡᠭᠦᠯᠬᠦ ᠶᠢ ᠠᠳᠬᠤᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠤ ᠠᠵᠢᠯᠯᠠᠭ᠎ᠠ ᠪᠠᠷ ᠢᠶᠠᠨ 《ᠬᠤᠶᠠᠷ ᠢ ᠲᠣᠭᠲᠠᠭᠠᠭᠰᠠᠨ》 ᠢ ᠦᠨᠡᠨᠴᠢ ᠰᠢᠳᠤᠷᠭᠤ ᠪᠠᠷ ᠬᠦᠷᠢᠶᠡᠯᠡᠵᠦ᠂ 《ᠬᠤᠶᠠᠷ ᠢ ᠬᠠᠮᠠᠭᠠᠯᠠᠬᠤ》 ᠶᠢ ᠡᠷᠡᠰ ᠪᠡᠶᠡᠯᠡᠭᠦᠯᠬᠦ ᠬᠡᠷᠡᠭᠲᠡᠢ᠃ ᠤᠯᠤᠰ ᠲᠥᠷᠥ ᠶᠢᠨ ᠲᠠᠯ᠎ᠠ ᠪᠠᠷ ᠪᠠᠶᠢᠴᠠᠭᠠᠬᠤ᠂ ᠤᠯᠤᠰ ᠲᠥᠷᠥ ᠶᠢᠨ ᠲᠠᠯ᠎ᠠ ᠪᠠᠷ ᠰᠠᠶᠢᠵᠢᠷᠠᠭᠤᠯᠬᠤ ᠶᠢ ᠪᠠᠷᠢᠮᠲᠠᠯᠠᠵᠤ᠂ ᠢᠴᠢᠭᠦᠷᠢ ᠶᠢ ᠮᠡᠳᠡᠭᠰᠡᠨ ᠤ ᠲᠠᠷᠠᠭ᠎ᠠ ᠵᠣᠷᠢᠭᠲᠠᠶ ᠲᠡᠮᠡᠴᠡᠵᠦ᠂ ᠬᠠᠷᠰᠢ ᠰᠠᠭᠠᠳ ᠢ ᠠᠷᠢᠯᠭᠠᠨ ᠪᠣᠭᠤᠮᠲᠠ ᠰᠢᠪᠲᠤᠯᠵᠤ᠂ ᠥᠩᠭᠡᠨ ᠲᠠᠯ᠎ᠠ ᠪᠠ ᠦᠨᠳᠦᠰᠦ ᠠᠴᠠ ᠨᠢ ᠵᠡᠷᠭᠡ ᠪᠠᠷ ᠵᠠᠰᠠᠵᠤ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃ ᠪᠦᠬᠦ ᠲᠠᠯ᠎ᠠ ᠪᠠᠷ ᠰᠢᠭᠰᠢᠨ ᠪᠠᠶᠢᠴᠠᠭᠠᠵᠤ᠂ ᠪᠦᠬᠦ ᠲᠠᠯ᠎ᠠ ᠪᠠᠷ ᠦᠨᠳᠦᠰᠦ ᠠᠴᠠ ᠨᠢ ᠠᠳᠬᠤᠵᠤ᠂ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠴᠠᠭ᠂ ᠠᠵᠤ ᠠᠬᠤᠶᠢᠯᠠᠯ᠂ ᠲᠦᠷᠦᠯ ᠵᠦᠢᠯ ᠢ ᠪᠦᠬᠦᠨ ᠢ ᠪᠦᠷᠬᠦᠬᠦᠯᠵᠦ᠂ ᠠᠮᠢ ᠠᠬᠤᠢ ᠶᠢ ᠡᠪᠳᠡᠭᠰᠡᠨ᠂ ᠣᠷᠴᠢᠨ ᠲᠣᠭᠤᠷᠢᠨ ᠢ ᠪᠣᠬᠢᠷᠲᠤᠭᠤᠯᠤᠭᠰᠠᠨ ᠶᠠᠮᠠᠷᠪᠠ ᠦᠢᠯᠡ ᠠᠵᠢᠯᠯᠠᠭ᠎ᠠ ᠶᠢ ᠶᠠᠭᠠᠬᠢᠭᠰᠠᠨ ᠴᠤ ᠵᠦᠭᠡᠷ ᠲᠠᠯᠪᠢᠵᠤ ᠪᠤᠯᠬᠤ ᠦᠭᠡᠢ᠃ ᠴᠢᠩᠭ᠎ᠠ ᠴᠣᠬᠢᠯᠲᠠ ᠥᠭᠴᠦ᠂ ᠵᠠᠮᠪᠠᠷᠠᠭ᠎ᠠ ᠦᠬᠡᠢ ᠪᠠᠶᠢᠳᠠᠯ ᠢ ᠭᠤᠣᠯᠳᠠᠯᠭ᠎ᠠ ᠲᠠᠢ ᠵᠠᠰᠠᠵᠤ᠂ ᠪᠣᠬᠢᠷᠲᠤᠯ ᠢ ᠭᠤᠣᠯᠳᠠᠯᠭ᠎ᠠ ᠲᠠᠢ ᠵᠠᠰᠠᠵᠤ᠂ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠴᠡᠭᠴᠡᠯᠡᠨ ᠰᠠᠶᠢᠵᠢᠷᠠᠭᠤᠯᠬᠤ ᠲᠥᠰᠦᠯ ᠢ ᠨᠠᠷᠢᠯᠢᠬᠵᠢᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠲᠤᠶᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠲᠤᠰᠬᠠᠶ ᠴᠡᠭᠴᠡᠯᠡᠨ ᠰᠠᠶᠢᠵᠢᠷᠠᠭᠤᠯᠵᠤ᠂ ᠲᠤᠰᠬᠠᠶ ᠰᠡᠳᠦᠪ ᠢᠶᠠᠷ ᠠᠬᠢᠭᠤᠯᠵᠤ᠂ ᠲᠤᠰᠬᠠᠶ ᠵᠠᠰᠠᠯᠲᠠ ᠬᠢᠵᠦ᠂ 《ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ》《ᠨᠢᠭᠡ ᠤᠴᠢᠷ ᠨᠢᠭᠡ ᠬᠡᠷᠡᠭ》 ᠤᠨ ᠱᠠᠭᠠᠷᠳᠠᠯᠭ᠎ᠠ ᠶᠣᠰᠣᠭᠠᠷ᠂ ᠪᠥᠬᠦ ᠲᠠᠯ᠎ᠠ ᠪᠠᠷ ᠲᠤᠶᠢᠯᠪᠤᠷᠢᠲᠠᠶ ᠴᠡᠭᠴᠡᠯᠡᠨ ᠰᠠᠶᠢᠵᠢᠷᠠᠭᠤᠯᠵᠤ᠂ ᠠᠶᠤᠯ ᠲᠦᠭᠰᠢᠭᠦᠷᠢ ᠬᠡᠮ ᠰᠣᠭᠤᠭ ᠦᠯᠡᠳᠡᠭᠡᠬᠦ ᠥᠬᠡᠶ ᠪᠠᠶᠢᠬᠤ ᠬᠡᠷᠡᠭᠲᠡᠶ᠃ ᠰᠢᠰᠲ᠋ᠧᠮ ᠲᠠᠢ ᠰᠤᠳᠤᠯᠵᠤ᠂ ᠰᠢᠰᠲ᠋ᠧᠮ ᠲᠠᠢ ᠠᠬᠢᠭᠤᠯᠵᠤ᠂ ᠰᠢᠰᠲ᠋ᠧᠮ ᠲᠠᠢ ᠵᠠᠰᠠᠵᠤ᠂ ᠪᠦᠬᠦ ᠣᠷᠣᠨ ᠪᠦᠰᠡ᠂ ᠪᠦᠬᠦ ᠶᠠᠪᠤᠴᠠ ᠳᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ᠪᠦᠬᠦ ᠬᠦᠷᠢᠶᠡᠨ ᠳᠤ ᠪᠣᠬᠢᠷᠲᠤᠯ ᠦᠭᠡᠢ ᠬᠥᠭᠵᠢᠯᠲᠡ ᠶᠢᠨ ᠬᠡᠯᠪᠡᠷᠢ ᠶᠢ ᠬᠤᠪᠢᠷᠠᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠤᠯᠤᠰ ᠲᠦᠷᠦ ᠶᠢᠨ ᠲᠠᠯ᠎ᠠ ᠪᠠᠷ ᠠᠩᠬᠠᠷᠴᠤ᠂ ᠤᠯᠤᠰ ᠲᠦᠷᠦ ᠶᠢᠨ ᠲᠠᠯ᠎ᠠ ᠪᠠᠷ ᠨᠠᠶᠢᠳᠠᠪᠤᠷᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠬᠠᠷᠢᠭᠤᠴᠠᠯᠭ᠎ᠠ ᠪᠠᠨ ᠭᠦᠢᠴᠡᠳᠭᠡᠵᠦ᠂ ᠴᠡᠭᠴᠡᠯᠡᠨ ᠰᠠᠶᠢᠵᠢᠷᠠᠭᠤᠯᠬᠤ ᠬᠠᠷᠢᠶ᠎ᠠ ᠣᠷᠣᠨ ᠤ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠰᠠᠶᠢᠲᠤᠷ ᠭᠦᠢᠴᠡᠳᠭᠡᠵᠦ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ   ᠂ ᠴᠡᠭᠴᠡᠯᠡᠨ ᠰᠠᠶᠢᠵᠢᠷᠠᠭᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠢ ᠭᠡᠵᠦ ᠴᠢᠬᠤᠯᠠᠴᠢᠯᠠᠪᠠ᠃

ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠪᠠᠶᠠᠨᠨᠠᠭᠤᠷ ᠬᠤᠲᠠ ᠶᠢᠨ ᠬᠠᠷᠢᠭᠤᠴᠠᠯᠭᠠᠲᠠᠨ ᠨᠥᠬᠦᠳ᠂ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠡᠷᠳᠡᠮᠲᠡᠨ ᠶᠠᠷᠢᠯᠴᠠᠬᠤ ᠬᠤᠷᠠᠯ ᠳᠤ ᠣᠷᠣᠯᠴᠠᠵᠠᠢ᠃    

 

 

 


   :                    
   :           
备案序号:蒙ICP备05003250号 公安备案15010502000173