ᠵᠤᠬᠢᠶᠠᠭᠴᠢ:
ᠴᠠᠭ:2022-04-15
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠮᠠᠨ ᠤ ᠣᠷᠣᠨ ᠤ ᠣᠯᠠᠨ ᠭᠠᠵᠠᠷ ᠮᠡᠳᠡᠯᠭᠡ ᠶᠢᠨ ᠪᠦᠲᠦᠭᠡᠭᠳᠡᠬᠦᠨ ᠤ ᠡᠷᠬᠡ ᠶᠢᠨ ᠪᠥᠬᠦ ᠬᠡᠯᠬᠢᠶᠡᠨ ᠤ ᠬᠠᠮᠠᠭᠠᠯᠠᠯᠲᠠ ᠶᠢᠨ ᠰᠢᠨ᠎ᠡ ᠪᠠᠶᠢᠷᠢᠰᠢᠯ ᠪᠠᠶᠢᠭᠤᠯᠬᠤ ᠶᠢ ᠠᠬᠢᠭᠤᠯᠪᠠ
2022 4 ᠳ᠋ᠦ᠋ᠭᠡᠷ ᠳ᠋ᠦ᠋ᠭᠡᠷ ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠪᠥᠬᠦ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠡᠷᠬᠡ ᠶᠢ ᠬᠠᠮᠠᠭᠠᠯᠠᠬᠤ ᠠᠵᠢᠯ ᠤᠨ ᠬᠤᠯᠪᠣᠭᠳᠠᠯ ᠪᠦᠬᠦᠢ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ 2021 ᠣᠨ ᠤ ᠪᠥᠬᠦ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠡᠷᠬᠡ ᠶᠢ ᠬᠠᠮᠠᠭᠠᠯᠠᠭᠰᠠᠨ ᠠᠷᠪᠠᠨ ᠶᠡᠭᠡ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠪᠡ᠃ ᠤᠳᠤ ᠦᠶ᠎ᠡ ᠶᠢᠨ ᠡᠷᠬᠡ ᠶᠢᠨ ᠳᠦᠷᠢᠮ ᠪᠣᠯᠤᠭᠰᠠᠨ ᠤ ᠬᠤᠪᠢ ᠳᠤ᠂ ᠮᠡᠳᠡᠯᠭᠡ ᠶᠢᠨ ᠪᠦᠲᠦᠭᠡᠭᠳᠡᠬᠦᠨ ᠤ ᠡᠷᠬᠡ ᠨᠢ ᠨᠢᠭᠡ ᠲᠠᠯ᠎ᠠ ᠪᠠᠷ ᠰᠢᠨ᠎ᠡ ᠶᠢ ᠡᠭᠦᠳᠬᠦ ᠲᠠᠢ ᠵᠠᠯᠭᠠᠯᠳᠤᠵᠤ᠂ ᠨᠥᠭᠦᠭᠡ ᠲᠠᠯ᠎ᠠ ᠪᠠᠷ ᠵᠠᠬ᠎ᠠ ᠳᠡᠯᠭᠡᠭᠦᠷ ᠲᠠᠢ ᠵᠠᠯᠭᠠᠯᠳᠤᠵᠤ ᠪᠣᠢ᠃ ᠡᠨᠡ ᠵᠢᠯ ᠮᠠᠨ ᠤ ᠣᠷᠣᠨ ᠬᠠᠮᠠᠭᠠᠯᠠᠯᠲᠠ ᠶᠢᠨ ᠲᠣᠭᠲᠠᠯᠴᠠᠭᠠᠨ ᠤ ᠪᠠᠶᠢᠭᠤᠯᠤᠯᠲᠠ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭᠠᠨ ᠤ ᠪᠠᠶᠢᠭᠤᠯᠤᠯᠲᠠ᠂ ᠬᠡᠷᠡᠭᠯᠡᠯᠲᠡ ᠶᠢ ᠠᠬᠢᠭᠤᠯᠬᠤ ᠲᠣᠭᠲᠠᠯᠴᠠᠭᠠᠨ ᠤ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠣᠯᠠᠨ ᠲᠠᠯ᠎ᠠ ᠠᠴᠠ ᠭᠠᠷᠳᠠᠵᠤ᠂ ᠮᠡᠳᠡᠯᠭᠡ ᠶᠢᠨ ᠪᠦᠲᠦᠭᠡᠭᠳᠡᠬᠦᠨ ᠤ ᠡᠷᠬᠡ ᠶᠢᠨ ᠡᠭᠦᠳᠬᠦ᠂ ᠬᠡᠷᠡᠭᠯᠡᠬᠦ᠂ ᠬᠠᠮᠠᠭᠠᠯᠠᠬᠤ᠂ ᠬᠠᠮᠢᠶᠠᠷᠬᠤ ᠪᠠ ᠦᠢᠯᠡᠴᠢᠯᠡᠬᠦ ᠪᠥᠬᠦ ᠬᠡᠯᠬᠢᠶ᠎ᠡ ᠶᠢᠨ ᠬᠠᠮᠠᠭᠠᠯᠠᠯᠲᠠ ᠶᠢᠨ ᠰᠢᠨ᠎ᠡ ᠪᠠᠶᠢᠷᠢᠰᠢᠯ ᠪᠦᠷᠢᠯᠳᠦᠬᠦ ᠶᠢ ᠠᠬᠢᠭᠤᠯᠪᠠ᠃
ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠯᠢᠦᠢ ᠶᠢᠨ ᠬᠤᠸᠠ ᠶᠢᠨ ᠲᠠᠨᠢᠯᠴᠠᠭᠤᠯᠤᠭᠰᠠᠨ ᠢᠶᠠᠷ᠂ ᠡᠨᠡ ᠵᠢᠯ ᠮᠠᠨ ᠤ ᠣᠷᠣᠨ ᠥᠪᠥᠷ ᠮᠣᠩᠭᠤᠯ ᠤᠨ ᠮᠡᠳᠡᠯᠭᠡ ᠶᠢᠨ ᠪᠦᠲᠦᠭᠡᠭᠳᠡᠬᠦᠨ ᠤ ᠡᠷᠬᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ︵ᠬᠠᠮᠠᠭᠠᠯᠠᠯᠲᠠ︶ ᠤ ᠲᠠᠪᠴᠠᠩ ᠵᠢᠴᠢ ᠲᠡᠭᠦᠨ ᠤ ᠥᠷᠲᠡᠭᠡ ᠴᠡᠭ ᠢ ᠪᠦᠲᠦᠭᠡᠨ ᠪᠠᠶᠢᠭᠤᠯᠤᠨ ᠲᠡᠭᠦᠯᠳᠡᠷᠵᠢᠭᠦᠯᠬᠦ ᠶᠢ ᠲᠦᠷᠭᠡᠳᠬᠡᠵᠦ᠂ ᠪᠥᠬᠦ ᠣᠷᠣᠨ ᠢ ᠳᠡᠭᠡᠳᠦ ᠳᠣᠣᠷᠠᠳᠤ ᠱᠠᠲᠤ ᠶᠢ ᠨᠡᠪᠲᠡᠷᠡᠭᠦᠯᠦᠭᠰᠡᠨ᠂ ᠬᠠᠷᠢᠯᠴᠠᠨ ᠠᠭᠤᠰᠤᠯᠴᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠡᠷᠬᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠡᠵᠡᠩᠨᠡᠯᠲᠡ ᠶᠢᠨ 《ᠲᠣᠣᠷ》 ᠢ ᠪᠠᠶᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠡᠷᠬᠡ ᠶᠢᠨ ᠲᠤᠬᠠᠶᠢᠯᠠᠭᠰᠠᠨ ᠠᠵᠢᠯ ᠤᠨ ᠴᠣᠩᠬᠤᠪᠴᠢ ᠶᠢᠨ 《ᠰᠠᠭᠠᠳ ᠦᠭᠡᠢ ᠵᠠᠮ》 ᠢ ᠨᠠᠪᠲᠠᠷᠡᠭᠦᠯᠵᠦ᠂ 《ᠨᠢᠭᠡ ᠴᠣᠩᠬᠤᠪᠴᠢ ᠪᠠᠷ ᠨᠡᠶᠢᠳᠡᠮ ᠭᠦᠢᠴᠡᠳᠬᠡᠬᠦ》 ᠶᠢ ᠪᠥᠬᠦ ᠬᠦᠴᠦᠨ ᠢᠶᠠᠷ ᠠᠬᠢᠭᠤᠯᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠰᠡᠷᠭᠦᠭᠡᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠡᠷᠬᠡ ᠪᠠᠷ ᠪᠠᠷᠢᠴᠠᠭᠠᠯᠠᠵᠤ ᠪᠡᠯᠡ ᠲᠣᠬᠢᠷᠠᠭᠤᠯᠤᠨ ᠬᠦᠷᠢᠶᠡᠯᠡᠩ ᠳᠤ ᠣᠷᠣᠭᠤᠯᠬᠤ ᠠᠵᠤ ᠠᠬᠤᠶᠢᠯᠠᠯ ᠳᠤ ᠠᠰᠢᠭ ᠬᠦᠷᠲᠡᠭᠡᠬᠦ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ ᠥᠷᠨᠢᠭᠦᠯᠵᠦ᠂ ᠪᠠᠩᠬᠢ ᠪᠠ ᠠᠵᠤ ᠠᠬᠤᠶᠢᠯᠠᠯ ᠢ ᠵᠣᠯᠭᠠᠭᠤᠯᠬᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨᠠᠬᠢ ᠶᠢ ᠨᠢᠭᠡ ᠴᠣᠭᠴᠠᠵᠢᠭᠤᠯᠤᠨ ᠭᠥᠯᠢᠶᠡᠨ ᠠᠪᠴᠤ ᠰᠢᠢᠳᠪᠦᠷᠢᠯᠡᠬᠦ᠂ 《ᠨᠢᠭᠡ ᠥᠷᠲᠡᠭᠡᠨ ᠤ ᠮᠠᠶ᠋ᠢᠭ ᠤᠨ ᠪᠥᠬᠦ ᠬᠡᠯᠬᠢᠶ᠎ᠡ》 ᠪᠠᠷ ᠶᠡᠷᠦᠩᠬᠡᠶᠢᠯᠡᠭᠰᠡᠨ ᠦᠢᠯᠡᠴᠢᠯᠡᠭᠡ ᠬᠠᠩᠭᠠᠬᠤ ᠵᠡᠷᠭᠡ ᠠᠷᠭ᠎ᠠ ᠬᠡᠮᠵᠢᠶ᠎ᠡ ᠶᠢ ᠥᠷᠨᠢᠭᠦᠯᠬᠦ ᠪᠠᠷ ᠳᠠᠮᠵᠢᠭᠤᠯᠤᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ ᠬᠦᠴᠢᠷᠲᠡᠢ ᠪᠠ ᠪᠡᠯᠡ ᠲᠣᠬᠢᠷᠠᠭᠤᠯᠬᠤ ᠳᠤ ᠦᠨᠡᠲᠡᠢ ᠪᠠᠶᠢᠬᠤ ᠠᠰᠠᠭᠤᠳᠠᠯ ᠢ ᠪᠦᠲᠦᠮᠵᠢᠲᠡᠶ ᠨᠠᠮᠳᠠᠭᠤᠯᠤᠨ᠎ᠠ᠃ 2021 ᠣᠨ ᠳᠤ᠂ ᠪᠥᠬᠦ ᠣᠷᠣᠨ ᠳᠤ ᠲᠠᠸᠠᠷ ᠤᠨ ᠲᠡᠮᠳᠡᠭ ᠤᠨ ᠲᠤᠰᠬᠠᠢ ᠠᠰᠢᠭ ᠤᠨ ᠳᠠᠨᠵᠢᠯᠠᠭ᠎ᠠ ᠬᠢᠬᠦ ᠳᠠᠩᠰᠠᠯᠠᠯᠲᠠ ᠶᠢ ᠨᠡᠶᠢᠲᠡ 103 ᠭᠦᠢᠴᠡᠳᠬᠡᠵᠦ᠂ ᠳᠠᠨᠵᠢᠯᠠᠭ᠎ᠠ ᠶᠢᠨ ᠵᠣᠭᠤᠰ ᠤᠨ ᠲᠤᠭ᠎ᠠ ᠨᠢ 15.8 ᠳ᠋ᠦᠩᠰᠢᠭᠤᠷ ᠲᠥᠭᠦᠷᠢᠭ ᠲᠤ ᠬᠥᠷᠪᠡ᠃ ᠡᠯ᠎ᠡ ᠲᠤᠬᠠᠶᠢᠯᠠᠭᠰᠠᠨ ᠠᠵᠢᠯ ᠤᠨ ᠦᠢᠯᠡᠴᠢᠯᠡᠭᠡᠨ ᠤ ᠴᠣᠩᠬᠤᠪᠴᠢ ᠳᠤ ᠲᠠᠸᠠᠷ ᠤᠨ ᠲᠡᠮᠳᠡᠭ ᠤᠨ ᠲᠤᠰᠬᠠᠢ ᠠᠰᠢᠭ ᠭᠤᠶᠤᠴᠢᠯᠠᠬᠤ ᠲᠤᠬᠠᠶᠢᠯᠠᠭᠰᠠᠨ ᠠᠵᠢᠯ ᠢ ᠨᠡᠶᠢᠲᠡ 1.26 ᠲᠦᠮᠡᠨ ᠬᠤᠪᠢ ᠭᠥᠯᠢᠶᠡᠨ ᠠᠪᠴᠤ ᠰᠢᠢᠳᠪᠦᠷᠢᠯᠡᠵᠡᠢ᠃
ᠡᠨᠡ ᠵᠢᠯ ᠪᠦᠬᠦ ᠣᠷᠣᠨ ᠤ ᠡᠯ᠎ᠡ ᠱᠠᠲᠤᠨ ᠤ ᠮᠡᠳᠡᠯᠭᠡ ᠶᠢᠨ ᠪᠦᠲᠦᠭᠡᠭᠳᠡᠬᠦᠨ ᠤ ᠡᠷᠬᠡ ᠶᠢᠨ ᠰᠠᠯᠠᠭ᠎ᠠ ᠮᠥᠴᠢᠷ ᠪᠠᠰᠠ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠮᠡᠳᠡᠯᠭᠡ ᠶᠢᠨ ᠪᠦᠲᠦᠭᠡᠭᠳᠡᠬᠦᠨ ᠤ ᠡᠷᠬᠡ ᠶᠢᠨ ᠡᠬᠢ ᠪᠠᠶᠠᠯᠢᠭ ᠢ ᠢᠯᠡᠷᠡᠭᠦᠯᠵᠦ᠂ ᠡᠯ᠎ᠡ ᠲᠥᠷᠥᠯ ᠤᠨ ᠨᠡᠶᠢᠭᠡᠮᠯᠢᠭ᠂ ᠣᠷᠣᠯᠠᠨ ᠭᠦᠢᠴᠡᠳᠬᠡᠬᠦ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ ᠪᠣᠯᠣᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠦᠴᠦᠨ ᠢ ᠭᠦᠢᠴᠡᠳ ᠳᠠᠶᠢᠴᠢᠯᠠᠨ᠂ ᠣᠷᠣᠨ ᠨᠤᠲᠤᠭ ᠤᠨ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ ᠮᠡᠳᠡᠯᠭᠡ ᠶᠢᠨ ᠪᠦᠲᠦᠭᠡᠭᠳᠡᠬᠦᠨ ᠤ ᠡᠷᠬᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠭᠤᠣᠯᠯᠠᠨ ᠠᠳᠬᠤᠭᠰᠠᠨ᠂ ᠨᠡᠶᠢᠭᠡᠮ ᠤᠨ ᠡᠯ᠎ᠡ ᠲᠥᠷᠥᠯ ᠤᠨ ᠵᠣᠬᠢᠶᠠᠨ ᠪᠠᠶᠢᠭᠤᠯᠤᠯᠲᠠ ᠨᠤᠭᠤᠳ ᠬᠠᠷᠢᠯᠴᠠᠨ ᠬᠠᠮᠵᠢᠯᠴᠠᠵᠤ ᠬᠠᠮᠲᠤ ᠪᠠᠷ ᠠᠬᠢᠭᠤᠯᠤᠭᠰᠠᠨ ᠮᠡᠳᠡᠯᠭᠡ ᠶᠢᠨ ᠪᠦᠲᠦᠭᠡᠭᠳᠡᠬᠦᠨ ᠤ ᠡᠷᠬᠡ ᠶᠢᠨ ᠪᠥᠬᠦ ᠬᠡᠯᠬᠢᠶᠡᠵᠢᠯ ᠤᠨ ᠬᠠᠮᠠᠭᠠᠯᠠᠯᠲᠠ ᠶᠢᠨ ᠰᠢᠨ᠎ᠡ ᠪᠠᠶᠢᠷᠢᠰᠢᠯ ᠢ ᠠᠯᠬᠤᠮ ᠠᠯᠬᠤᠮ ᠢᠶᠠᠷ ᠪᠦᠷᠢᠯᠳᠦᠭᠦᠯᠦᠨ᠎ᠡ᠃