ᠵᠤᠬᠢᠶᠠᠭᠴᠢ:
ᠴᠠᠭ:2022-04-15
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠪᠦᠬᠦ ᠣᠷᠣᠨ ᠤ ᠠᠵᠢᠯ ᠣᠯᠭᠤᠬᠤ ᠠᠵᠢᠯ ᠤᠨ ᠶᠠᠷᠢᠯᠴᠠᠬᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠬᠦᠳᠡ ᠬᠤᠷᠠᠯ ᠢ ᠬᠤᠷᠠᠯᠳᠤᠭᠤᠯᠪᠠ ᠴᠢ᠊ ᠪᠠᠲᠤ ᠶᠠᠷᠢᠶ᠎ᠠ ᠲᠠᠯᠪᠢᠪᠠ
2022 4 ᠳ᠋ᠦ᠋ᠭᠡᠷ ᠰᠠᠷ᠎ᠠ ᠶᠢᠨ 12 ᠤᠨ ᠡᠳᠦᠷ᠂ ᠪᠥᠬᠦ ᠣᠷᠣᠨ ᠤ ᠠᠵᠢᠯ ᠣᠯᠭᠤᠬᠤ ᠠᠵᠢᠯ ᠤᠨ ᠶᠠᠷᠢᠯᠴᠠᠬᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠥᠬᠦᠳᠡ ᠬᠤᠷᠠᠯ᠂ ᠮᠠᠯᠴᠢᠨ ᠲᠠᠷᠢᠶᠠᠴᠢᠨ ᠬᠦᠴᠦ ᠶᠠᠪᠤᠭᠴᠢᠳ ᠤᠨ ᠴᠠᠯᠢᠩ ᠢ ᠤᠳᠠᠭᠠᠰᠢᠷᠠᠭᠤᠯᠤᠨ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠬᠥᠬᠡᠬᠤᠲᠠ ᠳᠤ ᠬᠤᠷᠠᠯᠳᠤᠭᠤᠯᠪᠠ᠃
ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
ᠬᠤᠷᠠᠯ ᠠᠴᠠ ᠵᠢᠭᠠᠵᠤ ᠭᠠᠷᠭᠠᠭᠰᠠᠨ ᠨᠢ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠵᠢᠯ ᠣᠯᠭᠤᠯᠲᠠ ᠪᠠ ᠮᠠᠯᠴᠢᠨ ᠲᠠᠷᠢᠶᠠᠴᠢᠨ ᠬᠦᠴᠦ ᠶᠠᠪᠤᠭᠴᠢᠳ ᠤᠨ ᠴᠠᠯᠢᠩ ᠢ ᠤᠳᠠᠭᠠᠰᠢᠷᠠᠭᠤᠯᠤᠨ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠡᠷᠦᠩᠬᠡᠢ ᠱᠦᠵᠢ ᠰᠢ ᠶᠢᠨ ᠫᠢᠩ ᠣᠯᠠᠨ ᠤᠳᠠᠭ᠎ᠠ ᠴᠢᠬᠤᠯᠠ ᠵᠢᠭᠠᠪᠤᠷᠢ ᠴᠣᠬᠤᠯᠠᠪᠤᠷᠢ ᠭᠠᠷᠭᠠᠪᠠ᠃ ᠣᠳᠣᠬᠠᠨ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠨᠥᠯᠥᠭᠡᠨ ᠳᠣᠣᠷ᠎ᠠ᠂ ᠪᠥᠬᠦ ᠣᠷᠣᠨ ᠤ ᠠᠵᠢᠯ ᠣᠯᠭᠤᠯᠲᠠ ᠶᠢᠨ ᠪᠠᠶᠢᠳᠠᠯ ᠬᠦᠨᠳᠦ ᠬᠡᠴᠡᠭᠦᠦ ᠪᠥᠭᠡᠳ ᠪᠤᠳᠤᠯᠢᠶᠠᠨᠲᠠᠢ ᠪᠠᠶᠢᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠪᠠ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠬᠤ ᠶᠢ ᠲᠡᠷᠢᠭᠦᠨ ᠴᠢᠬᠤᠯᠠ ᠶᠠᠪᠤᠳᠠᠯ ᠪᠣᠯᠭᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠵᠢᠭᠦᠯᠬᠦ ᠶᠢ ᠪᠠᠷᠢᠮᠲᠠᠯᠠᠵᠤ᠂ ᠤᠨᠢᠨ ᠳᠡᠭᠡᠷ᠎ᠡ ᠨᠢ ᠲᠦᠷᠦᠯ ᠬᠤᠪᠢᠶᠠᠨ ᠲᠦᠷᠦ ᠶᠢᠨ ᠪᠣᠳᠣᠯᠭ᠎ᠠ ᠬᠡᠷᠡᠭᠵᠢᠭᠦᠯᠵᠦ᠂ ᠨᠡᠩ ᠶᠡᠭᠡ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠠᠵᠢᠯ ᠣᠯᠭᠤᠯᠲᠠ ᠶᠢᠨ ᠦᠨᠳᠦᠰᠦᠨ ᠪᠠᠶᠢᠳᠠᠯ ᠢ ᠪᠦᠬᠦ ᠬᠦᠴᠦᠨ ᠢᠶᠠᠷ ᠢᠶᠠᠨ ᠲᠣᠭᠲᠠᠪᠤᠷᠢᠵᠢᠭᠤᠯᠬᠤ ᠬᠡᠷᠡᠭᠲᠡᠢ ᠭᠡᠵᠡᠢ᠃
ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠤᠨ ᠬᠢᠨ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠶᠢ ᠪᠠᠲᠤᠯᠠᠬᠤ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢ ᠰᠠᠶᠢᠲᠤᠷ ᠠᠳᠬᠤᠵᠤ᠂ ᠠᠯᠪᠠᠳᠠᠨ ᠰᠢᠯᠭᠠᠨ ᠡᠯᠰᠡᠬᠦ᠂ ᠠᠵᠢᠯ ᠦᠢᠯᠡᠰ ᠤᠨ ᠨᠢᠭᠡᠴᠢ ᠶᠢᠨ ᠤᠷᠢᠨ ᠬᠡᠷᠡᠭᠯᠡᠬᠦ ᠪᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠯᠰᠡᠨ ᠬᠡᠷᠡᠭᠯᠡᠬᠦ ᠬᠡᠪᠴᠢᠶ᠎ᠡ ᠶᠢ ᠦᠷᠭᠦᠯᠵᠢᠯᠡᠨ ᠲᠣᠭᠲᠠᠪᠤᠷᠢᠵᠢᠭᠤᠯᠵᠤ᠂ ᠳᠠᠳᠤᠯᠭ᠎ᠠ ᠶᠢᠨ ᠠᠵᠢᠯ ᠤᠨ ᠪᠠᠶᠢᠷᠢ ᠳᠤ ᠡᠯᠰᠡᠨ ᠴᠤᠭᠯᠠᠭᠤᠯᠬᠤ ᠡᠷᠴᠢᠮ ᠢ ᠴᠢᠩᠭᠠᠷᠠᠭᠤᠯᠵᠤ᠂ ᠨᠢᠭᠡ ᠪᠦᠯᠦᠭ ᠵᠢᠷᠤᠮᠵᠢᠭᠰᠠᠨ ᠬᠠᠮᠢᠶᠠᠷᠤᠯᠲᠠ ᠲᠠᠢ ᠡᠳᠦᠷ ᠤᠨ ᠬᠦᠴᠦᠨ ᠤ ᠵᠠᠬ᠎ᠠ ᠳᠡᠯᠭᠡᠭᠦᠷ ᠢ ᠲᠦᠷᠭᠡᠪᠴᠢᠯᠡᠨ ᠪᠠᠶᠢᠭᠤᠯᠬᠤ ᠬᠡᠷᠡᠭᠲᠡᠢ︔ ᠮᠠᠯᠴᠢᠨ ᠲᠠᠷᠢᠶᠠᠴᠢᠨ ᠬᠦᠴᠦ ᠶᠠᠪᠤᠭᠴᠢᠳ ᠤᠨ ᠰᠢᠯᠵᠢᠭᠦᠯᠦᠨ ᠠᠵᠢᠯ ᠣᠯᠭᠤᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠵᠣᠬᠢᠶᠠᠨ ᠪᠠᠶᠢᠭᠤᠯᠤᠯᠲᠠ ᠲᠠᠢ ᠪᠠᠷ ᠬᠥᠳᠡᠯᠮᠦᠷᠢ ᠬᠦᠴᠦᠨ ᠢ ᠭᠠᠳᠠᠭᠰᠢ ᠭᠠᠷᠭᠠᠬᠤ᠂ ᠠᠵᠤ ᠦᠢᠯᠡᠰ ᠤᠨ ᠲᠥᠷᠥᠯ ᠵᠦᠢᠯ ᠢᠶᠠᠷ ᠳᠠᠶᠢᠴᠢᠯᠠᠬᠤ᠂ ᠪᠡᠶ᠎ᠡ ᠪᠠᠨ ᠳᠠᠭᠠᠭᠠᠵᠤ ᠦᠢᠯᠡᠰ ᠴᠣᠭᠴᠠᠯᠠᠬᠤ ᠪᠠᠷ ᠳᠠᠶᠢᠴᠢᠯᠠᠬᠤ ᠵᠡᠷᠭᠡ ᠠᠷᠭ᠎ᠠ ᠵᠠᠮ ᠢ ᠥᠷᠭᠡᠳᠬᠡᠬᠦ ᠬᠡᠷᠡᠭᠲᠡᠢ︔ ᠪᠤᠰᠤᠳ ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠶᠢ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠨ ᠬᠥᠮᠥᠰ᠂ ᠠᠵᠢᠯ ᠣᠯᠤᠭ᠎ᠠ ᠦᠭᠡᠢ ᠭᠡᠷ ᠪᠦᠯᠢ ᠵᠡᠷᠭᠡ ᠳᠤ ᠲᠤᠰᠠᠯᠠᠮᠵᠢ ᠦᠵᠡᠭᠦᠯᠬᠦ ᠶᠢ ᠴᠢᠩᠭᠠᠳᠬᠠᠬᠤ ᠬᠡᠷᠡᠭᠲᠡᠢ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠵᠤ᠂ ᠦᠢᠯᠡᠰ ᠴᠣᠭᠴᠠᠯᠠᠵᠤ ᠠᠵᠢᠯ ᠣᠯᠭᠤᠬᠤ ᠳᠡᠮᠵᠢᠯᠭᠡ ᠶᠢ ᠨᠡᠮᠡᠭᠳᠡᠭᠦᠯᠵᠦ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠢ ᠲᠡᠭᠦᠯᠳᠡᠷᠵᠢᠭᠦᠯᠵᠦ᠂ ᠨᠡᠩ ᠰᠢᠯᠢᠳᠡᠭ ᠦᠢᠯᠡᠴᠢᠯᠡᠭᠡ ᠪᠠᠷ ᠠᠵᠢᠯ ᠣᠯᠭᠤᠬᠤ ᠠᠷᠭ᠎ᠠ ᠵᠠᠮ ᠢ ᠦᠷᠭᠦᠯᠵᠢᠯᠡᠨ ᠥᠷᠭᠡᠳᠬᠡᠬᠦ ᠬᠡᠷᠡᠭᠲᠡᠢ᠃ ᠴᠠᠯᠢᠩ ᠥᠷᠢᠲᠦᠬᠦ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠭᠤᠭᠴᠤᠭ᠎ᠠ ᠳᠤ ᠴᠢᠭᠯᠡᠭᠦᠯᠦᠨ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠩᠬᠠᠷᠴᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨᠠᠬᠢ ᠶᠢ ᠬᠠᠮᠵᠢᠯᠴᠠᠭᠤᠯᠤᠨ ᠬᠢᠨᠠᠨ ᠬᠠᠮᠢᠶᠠᠷᠴᠤ᠂ ᠰᠡᠷᠭᠡᠶᠢᠯᠡᠨ ᠡᠵᠡᠮᠳᠡᠬᠦ ᠶᠢ ᠡᠬᠢ ᠡᠭᠦᠰᠦᠯ ᠠᠴᠠ ᠨᠢ ᠰᠠᠶᠢᠲᠤᠷ ᠠᠳᠬᠤᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ᠂ ᠴᠤᠭ ᠢᠶᠠᠷ ᠠᠳᠬᠤᠵᠤ ᠬᠠᠮᠲᠤ ᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠣᠶ ᠪᠣᠯᠭᠠᠬᠤ ᠬᠡᠷᠡᠭᠲᠡᠢ ᠭᠡᠵᠡᠢ᠃