ᠵᠤᠬᠢᠶᠠᠭᠴᠢ: ᠴᠠᠭ:2022-04-15 ᠥᠵᠡᠭᠰᠡᠨ : ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ》  
ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠦᠨᠡᠨ ᠬᠦ ᠪᠣᠳᠠᠲᠠᠢ ᠰᠠᠶᠢᠵᠢᠷᠠᠭᠤᠯᠵᠤ ᠣᠯᠠᠨ ᠲᠦᠮᠡᠨ ᠤ ᠵᠠᠬᠢᠳᠠᠯ ᠰᠤᠷᠪᠤᠯᠵᠢᠯᠠᠯ ᠢᠶᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠬᠦ ᠠᠵᠢᠯ ᠢ ᠪᠥᠬᠦ ᠬᠦᠴᠦᠨ ᠢᠶᠠᠷ ᠰᠠᠶᠢᠲᠤᠷ ᠬᠢᠵᠦ ᠪᠣᠢ

 

ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠣᠷᠣᠵᠤ ᠰᠠᠭᠤᠭᠰᠠᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠡᠯ᠎ᠡ ᠠᠶᠢᠮᠠᠭ ᠬᠤᠲᠠ ᠶᠢᠨ ᠬᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠦᠨᠡᠨ ᠬᠦ ᠪᠣᠳᠠᠲᠠᠢ ᠰᠠᠶᠢᠵᠢᠷᠠᠭᠤᠯᠵᠤ᠂ ᠣᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠵᠣᠬᠢᠰᠲᠠᠢ ᠰᠢᠢᠳᠪᠦᠷᠢᠯᠡᠵᠦ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠪᠥᠬᠦ ᠬᠦᠴᠦᠨ ᠢᠶᠠᠷ ᠬᠠᠮᠠᠭᠠᠯᠠᠵᠤ᠂ ᠬᠡᠷᠡᠭ ᠢ ᠰᠢᠢᠳᠪᠦᠷᠢᠯᠡᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠣᠯᠣᠨ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠵᠦ ᠪᠠᠶᠢᠨ᠎ᠠ᠃

2022  3  ᠰᠠᠷ᠎ᠠ ᠶᠢᠨ 28 ᠤ ᠡᠳᠦᠷ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠰᠢᠢᠳᠪᠦᠷᠢᠯᠡᠭᠦᠯᠬᠦ ᠪᠠᠷ ᠲᠤᠰᠢᠶᠠᠭᠰᠠᠨ ᠭᠤᠷᠪᠠᠳᠤᠭᠠᠷ ᠪᠦᠯᠦᠭ ᠤᠨ ᠵᠠᠬᠢᠳᠠᠯ ᠰᠤᠷᠪᠤᠯᠵᠢᠯᠠᠯ ᠤᠨ ᠬᠡᠷᠡᠭ ᠲᠤ᠂ ᠣᠯᠠᠨ ᠲᠦᠮᠡᠨ ᠠᠴᠠ 《ᠵᠠᠯᠠᠨ ᠠᠶᠢᠯ ᠬᠤᠲᠠ ᠶᠢᠨ ᠲᠢᠶᠧ ᠳ᠋ᠦᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠢᠭᠡ ᠭᠤᠣᠯ ᠤᠨ ᠰᠤᠪᠠᠭ ᠤᠨ ᠮᠥᠰᠥ ᠬᠠᠶᠢᠯᠤᠭᠰᠠᠨ ᠠᠴᠠ ᠡᠯᠳᠡᠪ ᠪᠣᠬᠢᠷ ᠪᠣᠳᠠᠰ ᠬᠤᠷᠠᠵᠤ ᠭᠤᠳᠤᠮᠵᠢᠨ ᠤ ᠠᠮᠠᠰᠠᠷ ᠢ ᠪᠥᠭᠯᠡᠵᠦ᠂ ᠲᠣᠰᠬᠤᠨ ᠤ ᠠᠷᠠᠳ ᠠᠮᠢᠳᠤᠷᠠᠯ ᠤᠨ ᠬᠤᠭ ᠨᠣᠪᠰᠢ ᠪᠠᠨ ᠰᠢᠢᠳᠪᠦᠷᠢᠯᠡᠬᠦ ᠭᠠᠵᠠᠷ ᠦᠭᠡᠢ ᠪᠣᠯᠵᠤ᠂ ᠲᠡᠷᠡᠴᠢᠯᠡᠨ ᠬᠤᠭ ᠨᠣᠪᠰᠢ ᠠᠴᠠ ᠦᠮᠡᠬᠡᠢ ᠦᠨᠦᠷ ᠭᠠᠷᠴᠤ ᠪᠠᠶᠢᠨ᠎ᠠ》 ᠭᠡᠵᠦ ᠲᠤᠰᠬᠠᠭᠰᠠᠨ ᠪᠠᠶᠢᠨ᠎ᠠ᠃

ᠰᠢᠢᠳᠪᠦᠷᠢᠯᠡᠭᠦᠯᠬᠦ ᠪᠠᠷ ᠰᠢᠯᠵᠢᠭᠦᠯᠦᠨ ᠲᠤᠰᠢᠶᠠᠭᠰᠠᠨ ᠵᠠᠬᠢᠳᠠᠯ ᠰᠤᠷᠪᠤᠯᠵᠢᠯᠠᠯ ᠤᠨ ᠬᠡᠷᠡᠭ ᠢ ᠲᠣᠰᠣᠭᠰᠠᠨ ᠤ ᠳᠠᠷᠠᠭ᠎ᠠ᠂ ᠲᠢᠶᠧ ᠳ᠋ᠦᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ  ᠳᠠᠷᠤᠢ ᠳᠤᠨᠢ ᠪᠠᠶᠢᠴᠠᠭᠠᠯᠲᠠ ᠬᠢᠪᠡ᠃ ᠵᠠᠬᠢᠳᠠᠯ ᠰᠤᠷᠪᠤᠯᠵᠢᠯᠠᠯ ᠤᠨ ᠬᠡᠷᠡᠭ ᠲᠤ ᠬᠤᠯᠪᠣᠭᠳᠠᠭᠰᠠᠨ ᠣᠷᠣᠨ ᠪᠦᠰᠡ ᠨᠢ ᠲᠢᠶᠧ ᠳ᠋ᠦᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠰᠢᠨ ᠹᠠ ᠦᠶᠡᠷ ᠵᠠᠯᠠᠬᠤ ᠭᠤᠤ ᠶᠢᠨ ᠣᠷᠴᠢᠮ ᠤᠨ ᠤᠰᠤ ᠤᠷᠤᠰᠤᠨ ᠥᠩᠭᠡᠷᠡᠬᠦ ᠵᠠᠮ ᠳᠤ ᠪᠠᠶᠢᠵᠤ᠂ ᠲᠣᠰ ᠦᠶᠡᠷ ᠵᠠᠯᠠᠬᠤ ᠭᠤᠤ ᠨᠢ ᠪᠠᠶᠢᠭᠠᠯᠢ ᠶᠢᠨ ᠠᠭᠤᠯᠠᠨ ᠦᠶᠡᠷ ᠤᠨ ᠭᠤᠤ ᠪᠣᠯᠣᠨ᠎ᠠ᠃ ᠡᠷᠭᠢᠨ ᠲᠣᠭᠤᠷᠢᠨ ᠤ ᠭᠠᠵᠠᠷ ᠤᠨ ᠪᠠᠶᠢᠴᠠ ᠶᠢᠨ ᠥᠨᠳᠥᠷ ᠪᠣᠭᠤᠨᠢ ᠨᠢ ᠲᠡᠭᠰᠢ ᠦᠭᠡᠢ ᠠᠴᠠ ᠪᠣᠯᠵᠤ᠂ ᠬᠠᠪᠤᠷ ᠤᠨ ᠤᠯᠠᠷᠢᠯ ᠳᠤ ᠬᠠᠶᠢᠯᠤᠭᠰᠠᠨ ᠤᠰᠤ ᠶᠢ ᠪᠥᠬᠦᠨ ᠢ ᠭᠠᠳᠠᠭᠰᠢᠯᠠᠭᠤᠯᠵᠤ ᠳᠡᠶᠢᠯᠬᠦ ᠦᠭᠡᠢ  ᠠᠴᠠ ᠬᠡᠰᠡᠭ ᠬᠠᠶᠢᠯᠤᠭᠰᠠᠨ ᠤᠰᠤ  ᠨᠢ ᠪᠢᠯᠬᠠᠵᠤ ᠭᠠᠷᠳᠠᠭ᠃ ᠡᠨᠡ ᠬᠦ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠲᠢᠶᠧ ᠳ᠋ᠦᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠵᠢᠯ ᠪᠦᠷᠢ ᠴᠥᠮ ᠮᠥᠰᠥᠨ ᠭᠠᠳᠠᠷᠭᠤ ᠶᠢ ᠴᠣᠭᠤᠯᠵᠤ ᠨᠡᠪᠲᠡᠷᠡᠭᠦᠯᠦᠨ ᠤᠰᠤ ᠲᠠᠲᠠᠭᠤᠯᠵᠤ᠂ 2021 ᠣᠨ ᠳᠤ ᠲᠣᠰ ᠭᠠᠵᠠᠷ ᠤᠨ  ᠤᠷᠤᠰᠬᠠᠯ ᠤᠨ 400 ᠮᠧᠲᠷ ᠤᠨ ᠭᠠᠵᠠᠷ ᠲᠤ ᠠᠷᠠᠳ ᠲᠤ ᠳᠥᠭᠦᠮ ᠦᠵᠡᠭᠦᠯᠬᠦ‍ ᠨᠢᠭᠡ ᠲᠡᠮᠦᠷ ᠬᠥᠭᠦᠷᠭᠡ ᠶᠢ ᠰᠢᠨ᠎ᠡ ᠪᠦᠲᠦᠭᠡᠨ ᠪᠠᠶᠢᠭᠤᠯᠪᠠ᠃ ᠰᠢᠢᠳᠪᠦᠷᠢᠯᠡᠭᠦᠯᠬᠦ ᠪᠠᠷ ᠲᠤᠰᠢᠶᠠᠭᠰᠠᠨ ᠵᠠᠬᠢᠳᠠᠯ ᠰᠤᠷᠪᠤᠯᠵᠢᠯᠠᠯ ᠤᠨ ᠬᠡᠷᠡᠭ ᠢ ᠲᠣᠰᠣᠭᠰᠠᠨ ᠤ ᠳᠠᠷᠠᠭ᠎ᠠ᠂ ᠲᠢᠶᠧ ᠳ᠋ᠦᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠮᠥᠰᠥ ᠶᠢ ᠠᠷᠢᠯᠭᠠᠵᠤ ᠲᠦᠭᠵᠢᠷᠡᠯ ᠢ ᠠᠷᠢᠯᠭᠠᠬᠤ ᠠᠵᠢᠯ ᠤᠨ ᠠᠬᠢᠴᠠ ᠪᠠᠨ ᠤᠯᠠᠮ ᠨᠢᠭᠡ ᠠᠯᠬᠤᠮ ᠲᠦᠷᠭᠡᠳᠬᠡᠪᠡ᠃ 3  ᠰᠠᠷ᠎ᠠ ᠶᠢᠨ 28 ᠤ  ᠣᠷᠣᠢ ᠪᠣᠯᠲᠠᠯ᠎ᠠ᠂ ᠬᠤᠷᠠᠭᠰᠠᠨ ᠤᠰᠤ ᠶᠢ ᠪᠥᠬᠦᠨ ᠢ ᠵᠠᠯᠠᠨ ᠭᠠᠷᠭᠠᠨ᠂ ᠵᠠᠮ ᠤᠨ ᠬᠤᠶᠠᠷ ᠲᠠᠯ᠎ᠠ ᠪᠠᠷ ᠲᠦᠭᠵᠢᠷᠡᠭᠰᠡᠨ ᠮᠥᠰᠥ ᠵᠡᠷᠭᠡ ᠪᠣᠳᠠᠰ ᠢ ᠪᠥᠬᠦᠨ ᠢ ᠴᠡᠪᠡᠷᠯᠡᠵᠦ ᠳᠠᠭᠤᠰᠬᠠᠵᠠᠢ᠃ ᠡᠭᠦᠨ ᠤ ᠬᠠᠮᠲᠤ᠂ ᠲᠢᠶᠧ ᠳ᠋ᠦᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠪᠠᠰᠠ 30 ᠭᠠᠷᠤᠢ ᠬᠥᠮᠥᠨ ᠢ ᠵᠣᠬᠢᠶᠠᠨ ᠪᠠᠶᠢᠭᠤᠯᠵᠤ᠂ 2 ᠤᠳᠬᠤᠭᠤᠷ ᠲᠡᠷᠭᠡ᠂ 2 ᠬᠤᠭ ᠨᠣᠪᠰᠢ ᠴᠡᠪᠡᠷᠯᠡᠨ ᠲᠡᠭᠡᠭᠡᠪᠦᠷᠢᠯᠡᠬᠦ ᠲᠡᠷᠭᠡ᠂ 1 ᠮᠠᠯᠲᠠᠭᠤᠷ ᠮᠠᠰᠢᠨ ᠬᠥᠳᠡᠯᠭᠡᠵᠦ᠂ ᠬᠠᠷᠢᠶ᠎ᠠ ᠣᠷᠣᠨ ᠤ ᠪᠠᠨ ᠣᠷᠴᠢᠨ ᠲᠣᠭᠤᠷᠢᠨ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠡᠪᠦᠯ ᠤᠨ ᠤᠯᠠᠷᠢᠯ ᠳᠤ ᠬᠤᠷᠠᠮᠳᠤᠭᠰᠠᠨ ᠠᠮᠢᠳᠤᠷᠠᠯ ᠤᠨ ᠬᠤᠭ ᠨᠣᠪᠰᠢ ᠵᠢᠴᠢ ᠲᠣᠰᠬᠤᠨ ᠤ ᠠᠷᠠᠳ ᠤᠨ ᠳᠤᠷ᠎ᠠ ᠪᠠᠷ ᠢᠶᠠᠨ ᠬᠠᠶᠠᠭᠰᠠᠨ ᠬᠤᠭ ᠨᠣᠪᠰᠢ ᠶᠢ ᠭᠤᠣᠯᠳᠠᠯᠭ᠎ᠠ ᠲᠠᠢ ᠴᠡᠪᠡᠷᠯᠡᠪᠡ᠃ 3  ᠰᠠᠷ᠎ᠠ ᠶᠢᠨ 30 ᠤ ᠡᠳᠦᠷ ᠪᠣᠯᠲᠠᠯ᠎ᠠ᠂ ᠰᠢᠨ ᠹᠠ ᠦᠶᠡᠷ ᠵᠠᠯᠠᠬᠤ ᠭᠤᠤ ᠶᠢ ᠪᠠᠭᠲᠠᠭᠠᠭᠰᠠᠨ ᠪᠥᠬᠦ ᠬᠤᠭ ᠨᠣᠪᠰᠢ ᠵᠢᠴᠢ ᠲᠣᠰᠬᠤᠨ ᠤ ᠠᠷᠠᠳ ᠤᠨ ᠳᠤᠷ᠎ᠠ ᠪᠠᠷ ᠢᠶᠠᠨ ᠬᠠᠶᠠᠭᠰᠠᠨ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠠᠵᠢᠯ ᠢ ᠨᠢᠭᠡᠨᠲᠡ ᠳᠠᠭᠤᠰᠬᠠᠭᠰᠠᠨ ᠪᠥᠭᠡᠳ ᠵᠢᠶᠠᠨ ᠼᠠᠢ ᠳᠠᠬᠢ ᠤᠰᠤ ᠤᠷᠤᠰᠤᠨ ᠥᠩᠭᠡᠷᠡᠬᠦ ᠵᠠᠮ ᠤᠨ ᠣᠶᠢᠷᠠᠯᠴᠠᠭ᠎ᠠ ᠬᠤᠭ ᠨᠣᠪᠰᠢ ᠲᠥᠪᠯᠡᠷᠡᠭᠦᠯᠦᠨ ᠬᠠᠳᠠᠭᠠᠯᠠᠵᠤ ᠰᠢᠯᠵᠢᠭᠦᠯᠦᠨ ᠲᠡᠭᠡᠭᠡᠪᠦᠷᠢᠯᠡᠬᠦ 1 ᠴᠡᠭ ᠢ ᠨᠡᠮᠡᠵᠦ ᠲᠣᠬᠢᠷᠠᠭᠤᠯᠪᠠ᠃

ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠠᠴᠠ ᠵᠡᠭᠦᠨᠭᠠᠷ ᠬᠤᠰᠢᠭᠤᠨ ᠳᠤ ᠱᠠᠯᠠᠪᠳᠠᠭᠤᠯᠤᠨ ᠰᠢᠢᠳᠪᠦᠷᠢᠯᠡᠭᠦᠯᠦᠭᠰᠡᠨ 2 ᠬᠡᠷᠡᠭ ᠢ ᠣᠷᠳᠣᠰ ᠬᠤᠲᠠ ᠶᠢᠨ ᠬᠢᠨ ᠳᠠᠷᠤᠢ ᠲᠦᠷᠭᠡᠨ ᠲᠣᠬᠢᠷᠠᠭᠤᠯᠤᠨ ᠪᠠᠶᠢᠷᠢᠯᠠᠭᠤᠯᠵᠤ᠂ ᠴᠡᠭᠴᠡᠯᠡᠨ ᠰᠠᠶᠢᠵᠢᠷᠠᠭᠤᠯᠬᠤ ᠲᠥᠰᠥᠯ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠶᠢ ᠪᠥᠬᠦ ᠬᠦᠴᠦᠨ ᠢᠶᠠᠷ ᠠᠬᠢᠭᠤᠯᠪᠠ᠃ ᠲᠣᠭᠲᠠᠭᠠᠯ ᠠᠴᠠ ᠵᠥᠷᠢᠴᠡᠵᠦ ᠪᠦᠲᠦᠭᠡᠨ ᠪᠠᠶᠢᠭᠤᠯᠤᠭᠰᠠᠨ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠤᠨ ᠴᠥᠭᠦᠷᠥᠮ ᠳᠤ ᠬᠠᠳᠠᠭᠠᠯᠠᠵᠤ ᠪᠠᠶᠢᠭᠰᠠᠨ ᠰᠢᠩᠭᠡᠨ ᠪᠡᠶᠡᠲᠦ ᠶᠢ ᠨᠢᠭᠡᠨᠲᠡ ᠪᠥᠬᠦᠨ ᠢ ᠴᠡᠪᠡᠷᠯᠡᠨ ᠰᠢᠯᠵᠢᠭᠦᠯᠦᠭᠰᠡᠨ ᠪᠥᠭᠡᠳ ᠳᠤᠮᠳᠠᠳᠤ ᠤᠯᠤᠰ ᠤᠨ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠤ ᠬᠦᠷᠢᠶᠡᠯᠡᠩ ᠳᠤ ᠨᠠᠶᠢᠳᠠᠵᠤ᠂ ᠴᠥᠭᠦᠷᠥᠮ ᠤᠨ ᠳᠣᠲᠣᠷᠠᠬᠢ ᠰᠢᠩᠭᠡᠨ ᠪᠡᠶᠡᠲᠦ ᠶᠢᠨ ᠡᠷᠭᠢᠨ ᠲᠣᠭᠤᠷᠢᠨ ᠳᠤ ᠦᠵᠡᠭᠦᠯᠬᠦ ᠨᠥᠯᠥᠭᠡ ᠶᠢ ᠶᠡᠷᠦᠩᠬᠡᠶᠢᠯᠡᠨ ᠵᠠᠳᠠᠯᠵᠤ᠂ ᠪᠠᠶᠢᠴᠠᠭᠠᠨ ᠰᠢᠯᠭᠠᠭᠰᠠᠨ ᠦᠷ᠎ᠡ ᠳ᠋ᠦᠩ ᠳᠤ ᠨᠡᠪᠴᠢᠬᠦ ᠪᠠᠶᠢᠳᠠᠯ ᠭᠠᠷᠤᠭᠰᠠᠨ ᠦᠭᠡᠢ᠂ ᠬᠥᠷᠥᠰᠥ ᠰᠢᠷᠣᠢ ᠶᠢ ᠪᠣᠬᠢᠷᠲᠤᠭᠤᠯᠤᠭᠰᠠᠨ ᠦᠭᠡᠢ᠃ ᠭᠦᠸᠧ ᠶᠤᠸᠠᠨ ᠨᠡᠭᠦᠷᠡᠰᠦᠨ ᠠᠭᠤᠷᠬᠠᠢ ᠶᠢᠨ ᠬᠠᠶᠠᠭᠳᠠᠮᠠᠯ ᠤᠰᠤ ᠶᠢ ᠲᠤᠬᠠᠢ ᠶᠢᠨ ᠭᠠᠵᠠᠷ ᠲᠤᠨᠢ ᠬᠠᠶᠢᠨ ᠪᠠᠶᠢᠴᠠᠭᠠᠵᠤ᠂ ᠳᠠᠭᠠᠭᠤᠯᠢ ᠣᠳᠣᠨ ᠤ ᠰᠡᠭᠦᠳᠡᠷ ᠳᠦᠷᠰᠦ ᠶᠢᠨ ᠲᠤᠭ᠎ᠠ ᠪᠠᠷᠢᠮᠲᠠ ᠲᠠᠢ ᠤᠶᠠᠯᠳᠤᠭᠤᠯᠤᠨ ᠵᠠᠳᠠᠯᠤᠯᠲᠠ ᠬᠢᠬᠦ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠤᠰᠤᠨ ᠤ ᠰᠢᠨᠵᠢᠯᠡᠭᠡᠨ ᠤ ᠲᠣᠪᠴᠢᠶ᠎ᠠ ᠳᠤ ᠨᠠᠶᠢᠳᠠᠵᠤ ᠤᠯᠠᠮ ᠨᠢᠭᠡ ᠠᠯᠬᠤᠮ ᠵᠠᠳᠠᠯᠤᠯᠲᠠ ᠬᠢᠵᠦ ᠬᠢᠨᠠᠨ ᠲᠣᠭᠲᠠᠭᠠᠯᠭᠠᠵᠤ᠂ ᠢᠷᠡᠯᠲᠡ ᠨᠢ ᠥᠩᠭᠡᠷᠡᠭᠰᠡᠨ ᠵᠢᠯ ᠤᠨ ᠦᠶᠡᠷ ᠤᠨ ᠬᠤᠭᠤᠴᠠᠭᠠᠨ ᠳᠤ ᠴᠤᠭᠯᠠᠷᠠᠨ ᠪᠣᠢ ᠪᠣᠯᠣᠭᠰᠠᠨ ᠢ ᠪᠠᠲᠤᠯᠠᠨ᠂ ᠣᠳᠣ ᠨᠢᠭᠡᠨᠲᠡ ᠪᠥᠬᠦᠨ ᠢ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠳᠤ ᠴᠤᠭᠯᠠᠭᠤᠯᠪᠠ᠃

ᠥᠪᠡᠷᠲᠡᠭᠡᠨ ᠵᠠᠰᠠᠬᠤ ᠣᠷᠣᠨ ᠤ ᠡᠯ᠎ᠡ ᠠᠶᠢᠮᠠᠭ ᠬᠤᠲᠠ ᠶᠢᠨ ᠬᠢᠨ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ ᠰᠢᠢᠳᠪᠦᠷᠢᠯᠡᠭᠦᠯᠦᠭᠰᠡᠨ ᠬᠡᠷᠡᠭ᠂ ᠬᠠᠷᠢᠭᠤ ᠲᠤᠰᠬᠠᠭᠰᠠᠨ ᠠᠰᠠᠭᠤᠳᠠᠯ ᠨᠢᠭᠡᠪᠦᠷᠢ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠢᠨᠠᠮᠠᠭᠠᠢ ᠬᠠᠨᠳᠤᠵᠤ ᠦᠳᠲᠡᠷ ᠲᠦᠷᠭᠡᠨ ᠪᠠᠶᠢᠴᠠᠭᠠᠨ ᠬᠠᠷᠭᠤᠭᠤᠯᠵᠤ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠴᠠᠭ ᠬᠤᠭᠤᠴᠠᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠵᠤ ᠰᠢᠢᠳᠪᠦᠷᠢᠯᠡᠭᠰᠡᠨ ᠪᠠᠶᠢᠳᠠᠯ ᠢ ᠮᠡᠳᠡᠭᠦᠯᠦᠨ ᠬᠦᠷᠭᠡᠪᠡ᠃

4  ᠰᠠᠷ᠎ᠠ ᠶᠢᠨ 8 ᠤ ᠡᠳᠦᠷ᠂ ᠲᠥᠪ ᠤᠨ ᠬᠤᠶᠠᠳᠤᠭᠠᠷ ᠡᠭᠡᠯᠵᠢ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠬᠥᠬᠡᠬᠤᠲᠠ ᠳᠤ ᠠᠷᠪᠠᠨ ᠳᠥᠷᠪᠡᠳᠦᠭᠡᠷ ᠪᠦᠯᠦᠭ ᠤᠨ ᠣᠯᠠᠨ ᠲᠦᠮᠡᠨ ᠤ ᠵᠠᠬᠢᠳᠠᠯ ᠰᠤᠷᠪᠤᠯᠵᠢᠯᠠᠯ ᠤᠨ ᠢᠯᠡᠴᠢᠯᠡᠨ ᠮᠡᠳᠡᠭᠦᠯᠦᠭᠰᠡᠨ 14 ᠬᠡᠷᠡᠭ ᠢ ᠰᠢᠢᠳᠪᠦᠷᠢᠯᠡᠭᠦᠯᠬᠦ ᠪᠠᠷ ᠲᠤᠰᠢᠶᠠᠪᠠ᠃ ᠲᠤᠬᠠᠢ ᠶᠢᠨ ᠡᠳᠦᠷ ᠪᠣᠯᠲᠠᠯ᠎ᠠ᠂ ᠬᠥᠬᠡᠬᠤᠲᠠ ᠨᠢᠭᠡᠨᠲᠡ ᠠᠷᠪᠠᠨ ᠳᠥᠷᠪᠡᠳᠦᠭᠡᠷ ᠪᠦᠯᠦᠭ ᠤᠨ 161 ᠵᠠᠬᠢᠳᠠᠯ ᠰᠤᠷᠪᠤᠯᠵᠢᠯᠠᠯ ᠤᠨ ᠬᠡᠷᠡᠭ ᠢ ᠬᠦᠯᠢᠶᠡᠨ ᠠᠪᠴᠤ ᠰᠢᠢᠳᠪᠦᠷᠢᠯᠡᠨ᠂ ᠨᠢᠭᠡᠨᠲᠡ ᠬᠤᠯᠪᠣᠭᠳᠠᠯ ᠪᠦᠬᠦᠢ ᠬᠤᠰᠢᠭᠤ ᠰᠢᠶᠠᠨ ᠲᠣᠭᠤᠷᠢᠭ᠂ ᠰᠠᠯᠠᠭ᠎ᠠ ᠮᠥᠴᠢᠷ ᠲᠤ 97 ᠬᠤᠪᠢ ᠰᠢᠢᠳᠪᠦᠷᠢᠯᠡᠬᠦ ᠵᠠᠬᠢᠳᠠᠯ ᠢᠯᠡᠭᠡᠵᠦ᠂ ᠡᠯ᠎ᠡ ᠬᠤᠯᠪᠣᠭᠳᠠᠯ ᠪᠦᠬᠦᠢ ᠨᠢᠭᠡᠴᠢ ᠶᠢᠨ ᠬᠢᠨ ᠨᠢᠭᠡᠨᠲᠡ ᠪᠥᠬᠦ ᠲᠠᠯ᠎ᠠ ᠪᠠᠷ ᠬᠢᠨᠠᠨ ᠪᠠᠶᠢᠴᠠᠭᠠᠵᠤ ᠰᠢᠢᠳᠪᠦᠷᠢᠯᠡᠭᠰᠡᠨ ᠪᠠᠶᠢᠨ᠎ᠠ᠃ ᠲᠦᠷᠦᠭᠦᠦ ᠳᠥᠷᠪᠡᠨ ᠪᠦᠯᠦᠭ ᠤᠨ 25 ᠵᠠᠬᠢᠳᠠᠯ ᠰᠤᠷᠪᠤᠯᠵᠢᠯᠠᠯ ᠤᠨ ᠬᠡᠷᠡᠭ ᠤᠨ ᠰᠢᠢᠳᠪᠦᠷᠢᠯᠡᠭᠰᠡᠨ ᠪᠠᠶᠢᠳᠠᠯ ᠢ ᠨᠢᠭᠡᠨᠲᠡ ᠬᠤᠲᠠ ᠶᠢᠨ ᠬᠠᠷᠢᠶ᠎ᠠ ᠨᠠᠮ ᠤᠨ ᠵᠠᠭᠤᠴᠢᠯᠠᠭᠤᠷ ᠲᠤ ᠵᠠᠷᠯᠠᠨ ᠨᠡᠶᠢᠲᠡᠯᠡᠵᠦ᠂ ᠲᠠᠪᠤᠳᠤᠭᠠᠷ ᠪᠦᠯᠦᠭ ᠤᠨ 12 ᠵᠠᠬᠢᠳᠠᠯ ᠰᠤᠷᠪᠤᠯᠵᠢᠯᠠᠯ ᠤᠨ ᠬᠡᠷᠡᠭ ᠢ ᠵᠠᠷᠯᠠᠨ ᠨᠡᠶᠢᠲᠡᠯᠡᠬᠦ ᠪᠠᠷ ᠲᠥᠯᠥᠪᠯᠡᠵᠦ᠂ ᠵᠢᠷᠭᠤᠳᠤᠭᠠᠷ᠂ ᠳᠣᠯᠣᠳᠤᠭᠠᠷ ᠪᠦᠯᠦᠭ ᠤᠨ ᠵᠠᠬᠢᠳᠠᠯ ᠰᠤᠷᠪᠤᠯᠵᠢᠯᠠᠯ ᠤᠨ ᠬᠡᠷᠡᠭ ᠢ ᠨᠢᠭᠡᠨᠲᠡ ᠥᠪᠡᠷᠲᠡᠭᠡᠨ ᠵᠠᠰᠠᠬᠤ ᠣᠷᠣᠨ ᠤ ᠬᠡᠷᠡᠭ ᠰᠢᠢᠳᠪᠦᠷᠢᠯᠡᠬᠦ ᠳᠤᠭᠤᠶᠢᠯᠠᠩ ᠳᠤ ᠮᠡᠳᠡᠭᠦᠯᠵᠦ᠂ ᠨᠠᠢᠮᠠᠳᠤᠭᠠᠷ ᠪᠦᠯᠦᠭ ᠤᠨ ᠵᠠᠬᠢᠳᠠᠯ ᠰᠤᠷᠪᠤᠯᠵᠢᠯᠠᠯ ᠤᠨ ᠬᠡᠷᠡᠭ ᠢ ᠨᠢᠭᠡᠨᠲᠡ ᠰᠢᠢᠳᠪᠦᠷᠢᠯᠡᠵᠦ ᠳᠠᠭᠤᠰᠬᠠᠭᠰᠠᠨ ᠪᠥᠭᠡᠳ ᠳᠡᠭᠡᠭᠰᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠮᠡᠳᠡᠭᠦᠯᠦᠨ ᠬᠢᠨᠠᠭᠤᠯᠵᠤ ᠭᠠᠷ ᠤᠨ ᠦᠰᠦᠭ ᠵᠢᠷᠤᠭᠤᠯᠵᠤ᠂ ᠶᠢᠰᠦᠳᠦᠭᠡᠷ ᠪᠦᠯᠦᠭ ᠤᠨ ᠵᠠᠬᠢᠳᠠᠯ ᠰᠤᠷᠪᠤᠯᠵᠢᠯᠠᠯ ᠤᠨ ᠬᠡᠷᠡᠭ ᠢ ᠨᠢᠭᠡᠨᠲᠡ ᠬᠢᠨᠠᠨ ᠬᠠᠷᠭᠤᠭᠤᠯᠵᠤ᠂ ᠰᠢᠢᠳᠪᠦᠷᠢᠯᠡᠵᠦ ᠳᠠᠭᠤᠰᠬᠠᠬᠤ ᠶᠠᠪᠤᠴᠠ ᠶᠢ ᠶᠠᠭ ᠭᠦᠢᠴᠡᠳᠬᠡᠵᠦ᠂ ᠪᠤᠰᠤᠳ ᠬᠡᠷᠡᠭ ᠢ ᠶᠠᠭ ᠰᠢᠢᠳᠪᠦᠷᠢᠯᠡᠵᠦ ᠪᠠᠶᠢᠨ᠎ᠠ᠃

4  ᠰᠠᠷ᠎ᠠ ᠶᠢᠨ 9 ᠤ ᠡᠳᠦᠷ ᠪᠣᠯᠲᠠᠯ᠎ᠠ᠂ ᠬᠥᠯᠥᠨ ᠪᠣᠶᠢᠷ ᠬᠤᠲᠠ ᠶᠢᠨ ᠬᠢᠨ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠰᠢᠢᠳᠪᠦᠷᠢᠯᠡᠭᠦᠯᠬᠦ ᠪᠠᠷ ᠲᠤᠰᠢᠶᠠᠭᠰᠠᠨ ᠠᠷᠪᠠ ᠲᠠᠪᠤᠳᠤᠭᠠᠷ ᠪᠦᠯᠦᠭ ᠤᠨ ᠣᠷᠴᠢᠨ ᠲᠣᠭᠤᠷᠢᠨ ᠤ ᠬᠦᠷᠢᠶᠡᠨ ᠳᠤ ᠬᠤᠯᠪᠣᠭᠳᠠᠭᠰᠠᠨ ᠣᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ 101 ᠬᠡᠷᠡᠭ ︵75 ᠤᠲᠠᠰᠤ᠂ 26 ᠵᠠᠬᠢᠳᠠᠯ︶ ᠢ ᠬᠦᠯᠢᠶᠡᠨ ᠠᠪᠤᠪᠠ᠂ ᠡᠭᠦᠨ ᠳᠤ ᠭᠤᠣᠯᠳᠠᠯᠭ᠎ᠠ ᠲᠠᠢ ᠠᠩᠬᠠᠷᠴᠤ ᠪᠦᠬᠦᠢ ᠬᠡᠷᠡᠭ 12 ᠪᠣᠢ᠃ ᠪᠥᠬᠦ ᠬᠡᠷᠡᠭ ᠢ ᠴᠥᠮ ᠬᠠᠮᠢᠶ᠎ᠠ ᠪᠦᠬᠦᠢ ᠬᠤᠰᠢᠭᠤ ᠬᠤᠲᠠ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠵᠢᠴᠢ ᠬᠤᠯᠪᠣᠭᠳᠠᠯ ᠪᠦᠬᠦᠢ ᠴᠡᠭᠴᠡᠯᠡᠨ ᠰᠠᠶᠢᠵᠢᠷᠠᠭᠤᠯᠵᠤ ᠱᠠᠯᠠᠪᠳᠠᠭᠤᠯᠤᠨ ᠰᠢᠢᠳᠪᠦᠷᠢᠯᠡᠭᠦᠯᠬᠦ ᠠᠵᠢᠯ ᠤᠨ ᠲᠤᠰᠬᠠᠢ ᠠᠩᠭᠢ ᠳᠤ ᠳᠠᠮᠵᠢᠭᠤᠯᠤᠨ᠂ ᠵᠠᠳᠠᠯᠤᠨ ᠰᠤᠳᠤᠯᠵᠤ ᠮᠠᠭᠠᠳᠯᠠᠬᠤ ᠵᠢᠴᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠵᠡᠷᠭᠡ ᠳᠤᠨᠢ ᠥᠷᠨᠢᠭᠦᠯᠵᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ ᠪᠠᠶᠢᠨ᠎ᠠ᠃ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠱᠠᠭᠠᠷᠳᠠᠯᠭ᠎ᠠ ᠪᠠ ᠴᠠᠭ ᠤᠨ ᠲᠣᠬᠢᠷᠠᠭᠤᠯᠤᠯᠲᠠ ᠶᠢ ᠦᠨᠳᠦᠰᠦᠯᠡᠨ᠂ ᠬᠥᠯᠥᠨ ᠪᠣᠶᠢᠷ ᠬᠤᠲᠠ ᠶᠢᠨ ᠬᠢᠨ ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ ᠲᠦᠷᠦᠭᠦᠦ 9 ᠪᠦᠯᠦᠭ ᠨᠡᠶᠢᠲᠡ 58 ᠬᠤᠪᠢ ᠵᠠᠬᠢᠳᠠᠯ ᠰᠤᠷᠪᠤᠯᠵᠢᠯᠠᠯ ᠤᠨ ᠬᠡᠷᠡᠭ ᠢ ᠨᠢᠭᠡᠨᠲᠡ ᠰᠢᠢᠳᠪᠦᠷᠢᠯᠡᠭᠰᠡᠨ ᠪᠥᠭᠡᠳ ᠳᠡᠭᠡᠭᠰᠢ ᠮᠡᠳᠡᠭᠦᠯᠪᠡ᠂ ᠡᠭᠦᠨ ᠳᠤ 24 ᠬᠤᠪᠢ ᠶᠢ ᠨᠢ ᠨᠢᠭᠡᠨᠲᠡ ᠰᠢᠢᠳᠪᠦᠷᠢᠯᠡᠨ ᠳᠠᠭᠤᠰᠬᠠᠵᠤ᠂ 24 ᠬᠤᠪᠢ ᠶᠢ ᠨᠢ   ᠴᠢᠨᠠᠷᠲᠠᠢ ᠪᠠᠷ ᠰᠢᠢᠳᠪᠦᠷᠢᠯᠡᠨ ᠳᠠᠭᠤᠰᠬᠠᠵᠤ᠂ 10 ᠬᠤᠪᠢ ᠶᠢ ᠨᠢ ᠰᠢᠢᠳᠪᠦᠷᠢᠯᠡᠵᠦ ᠳᠠᠭᠤᠰᠤᠭᠠᠳᠤᠢ ᠪᠠᠶᠢᠨ᠎ᠠ᠃

ᠣᠶᠢᠷ᠎ᠠ ᠶᠢᠨ ᠡᠳᠦᠷ ᠤᠳ ᠲᠤ᠂ ᠣᠷᠳᠣᠰ ᠬᠤᠲᠠ ᠶᠢᠨ ᠬᠢᠨ ᠥᠪᠡᠷᠲᠡᠭᠡᠨ ᠵᠠᠰᠠᠬᠤ ᠣᠷᠣᠨ ᠠᠴᠠ ᠬᠤᠷᠠᠯᠳᠤᠭᠤᠯᠤᠭᠰᠠᠨ ᠬᠡᠷᠡᠭ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠪᠠ ᠨᠡᠶᠢᠲᠡᠯᠢᠭ ᠬᠡᠷᠡᠭ ᠤᠨ ᠵᠢᠱᠢᠶ᠎ᠡ ᠶᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠰᠬᠠᠢ ᠰᠡᠳᠦᠪᠲᠦ ᠬᠤᠷᠠᠯ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠶᠢᠨ ᠵᠡᠭᠦᠨᠭᠠᠷ ᠬᠤᠰᠢᠭᠤᠨ ᠳᠤ ᠳᠠᠯᠳᠠᠭᠤᠷ ᠪᠠᠶᠢᠴᠠᠭᠠᠵᠤ ᠱᠠᠯᠠᠪᠳᠠᠭᠤᠯᠤᠨ ᠰᠢᠢᠳᠪᠦᠷᠢᠯᠡᠭᠦᠯᠬᠦ ᠱᠠᠭᠠᠷᠳᠠᠯᠭ᠎ᠠ ᠶᠣᠰᠣᠭᠠᠷ᠂ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠰᠠᠬᠢᠯᠭ᠎ᠠ ᠪᠠᠲᠤ ᠶᠢ ᠴᠢᠩᠳᠠᠯᠠᠵᠤ᠂ ᠬᠡᠷᠡᠭ ᠢ ᠰᠢᠢᠳᠪᠦᠷᠢᠯᠡᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠵᠤ ᠪᠠᠶᠢᠨ᠎ᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ 2 ᠤᠳᠠᠭ᠎ᠠ ᠬᠤᠷᠠᠯᠳᠤᠭᠤᠯᠵᠤ ᠲᠤᠰᠬᠠᠢ ᠰᠡᠳᠦᠪ ᠢᠶᠠᠷ ᠲᠣᠬᠢᠷᠠᠭᠤᠯᠤᠨ ᠪᠠᠶᠢᠷᠢᠯᠠᠭᠤᠯᠵᠤ᠂ ᠠᠵᠢᠯ ᠤᠨ ᠵᠢᠷᠭᠢᠶ᠎ᠡ ᠬᠤᠯᠪᠣᠭ᠎ᠠ ᠳᠠᠭᠠᠨ ᠡᠳᠦᠷ ᠪᠦᠷᠢ ᠲᠣᠬᠢᠷᠠᠭᠤᠯᠤᠯᠲᠠ ᠬᠢᠬᠦ ᠪᠠᠷ ᠳᠠᠮᠵᠢᠭᠤᠯᠤᠨ᠂ ᠬᠤᠲᠠ ᠶᠢᠨ ᠱᠠᠲᠤᠨ ᠤ ᠨᠠᠮ ᠵᠠᠰᠠᠭ ᠤᠨ ᠤᠳᠤᠷᠢᠳᠤᠯᠭ᠎ᠠ ᠶᠢᠨ ᠱᠠᠯᠠᠪᠳᠠᠭᠤᠯᠤᠨ ᠪᠠᠶᠢᠴᠠᠭᠠᠯᠲᠠ ᠶᠢ ᠴᠢᠩᠭᠠᠳᠬᠠᠵᠤ᠂ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠬᠢᠯᠭᠡᠵᠦ᠂ 《1 ᠴᠠᠭ ᠤᠨ ᠳᠣᠲᠣᠷ᠎ᠠ ᠬᠤᠰᠢᠭᠤ ᠲᠣᠭᠤᠷᠢᠭ ᠲᠤ ᠰᠢᠢᠳᠪᠦᠷᠢᠯᠡᠭᠦᠯᠬᠦ ᠪᠠᠷ ᠲᠤᠰᠢᠶᠠᠨ᠂ 3 ᠴᠠᠭ ᠤᠨ ᠳᠣᠲᠣᠷ᠎ᠠ ᠲᠤᠬᠠᠢ ᠶᠢᠨ ᠲᠠᠯᠠᠪᠤᠷ ᠲᠤ ᠬᠥᠮᠥᠨ ᠲᠣᠮᠢᠯᠠᠨ ᠣᠴᠢᠭᠤᠯᠵᠤ᠂ ᠲᠣᠰ ᠡᠳᠦᠷ ᠲᠤᠨᠢ ᠦᠨᠳᠦᠰᠦᠨ ᠪᠠᠶᠢᠳᠠᠯ ᠢ ᠪᠠᠶᠢᠴᠠᠭᠠᠨ ᠲᠣᠳᠣᠯᠠᠵᠤ᠂ 3 ᠡᠳᠦᠷ ᠤᠨ ᠳᠣᠲᠣᠷ᠎ᠠ ᠠᠩᠬ᠎ᠠ ᠠᠯᠬᠤᠮ ᠤᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠪᠦᠷᠢᠯᠳᠦᠭᠦᠯᠵᠦ᠂ 5 ᠡᠳᠦᠷ ᠤᠨ ᠳᠣᠲᠣᠷ᠎ᠠ ᠬᠢᠨᠠᠨ ᠬᠠᠷᠭᠤᠭᠤᠯᠵᠤ ᠰᠤᠳᠤᠯᠤᠨ ᠮᠠᠭᠠᠳᠯᠠᠵᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ 7 ᠡᠳᠦᠷ ᠤᠨ ᠳᠣᠲᠣᠷ᠎ᠠ ᠭᠦᠢᠴᠡᠳᠬᠡᠭᠰᠡᠨ ᠦᠷ᠎ᠡ ᠳ᠋ᠦᠩ ᠢᠶᠠᠨ ᠳᠡᠭᠡᠭᠰᠢ ᠮᠡᠳᠡᠭᠦᠯᠬᠦ》 ᠬᠠᠷᠢᠭᠤ ᠲᠤᠰᠬᠠᠨ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠣᠭᠲᠠᠴᠠ ᠶᠢ ᠪᠠᠶᠢᠭᠤᠯᠪᠠ᠃

4  ᠰᠠᠷ᠎ᠠ ᠶᠢᠨ 9 ᠤ ᠡᠳᠦᠷ ᠪᠣᠯᠲᠠᠯ᠎ᠠ᠂ ᠲᠥᠪ ᠤᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠣᠷᠳᠣᠰ ᠬᠤᠲᠠ ᠳᠤ ᠣᠯᠠᠨ ᠲᠦᠮᠡᠨ ᠤ ᠵᠠᠬᠢᠳᠠᠯ ᠰᠤᠷᠪᠤᠯᠵᠢᠯᠠᠯ ᠢᠶᠠᠷ ᠢᠯᠡᠴᠢᠯᠡᠨ ᠮᠡᠳᠡᠭᠦᠯᠦᠭᠰᠡᠨ 14 ᠪᠦᠯᠦᠭ 153 ᠬᠡᠷᠡᠭ ᠢ ᠰᠢᠯᠵᠢᠭᠦᠯᠦᠨ ᠰᠢᠢᠳᠪᠦᠷᠢᠯᠡᠭᠦᠯᠵᠦ᠂ ᠣᠳᠣ ᠨᠢᠭᠡᠨᠲᠡ 118 ᠬᠡᠷᠡᠭ ᠢ ᠪᠠᠶᠢᠴᠠᠭᠠᠨ ᠳᠠᠭᠤᠰᠬᠠᠵᠤ᠂ 90 ᠬᠡᠷᠡᠭ ᠢ ᠥᠪᠡᠷᠲᠡᠭᠡᠨ ᠵᠠᠰᠠᠬᠤ ᠣᠷᠣᠨ ᠳᠤ ᠮᠡᠳᠡᠭᠦᠯᠦᠨ ᠬᠢᠨᠠᠨ ᠬᠠᠷᠭᠤᠭᠤᠯᠵᠤ᠂ ᠥᠪᠡᠷᠲᠡᠭᠡᠨ ᠵᠠᠰᠠᠬᠤ ᠣᠷᠣᠨ ᠤ ᠬᠢᠨᠠᠨ ᠬᠠᠷᠭᠤᠭᠤᠯᠤᠯᠲᠠ ᠪᠠᠷ ᠳᠠᠮᠵᠢᠨ 49 ᠬᠡᠷᠡᠭ ᠢ ᠵᠠᠷᠯᠠᠵᠤ᠂ 18 ᠬᠡᠷᠡᠭ ᠢ ᠨᠢᠭᠡᠨᠲᠡ ᠰᠢᠢᠳᠪᠦᠷᠢᠯᠡᠨ ᠳᠠᠭᠤᠰᠬᠠᠵᠤ᠂ 18 ᠬᠡᠷᠡᠭ ᠢ   ᠴᠢᠨᠠᠷᠲᠠᠢ ᠪᠠᠷ ᠰᠢᠢᠳᠪᠦᠷᠢᠯᠡᠨ ᠳᠠᠭᠤᠰᠬᠠᠵᠠᠢ᠃ 38 ᠬᠥᠮᠥᠨ ᠠᠴᠠ ᠬᠠᠷᠢᠭᠤᠴᠠᠯᠭ᠎ᠠ ᠨᠡᠬᠡᠮᠵᠢᠯᠡᠵᠦ᠂ 6 ᠠᠵᠤ ᠠᠬᠤᠶᠢᠯᠠᠯ ᠢ ᠰᠢᠢᠳᠪᠦᠷᠢᠯᠡᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ 4 ᠬᠡᠷᠡᠭ ᠢ ᠬᠡᠷᠡᠭ ᠪᠣᠯᠭᠠᠨ ᠳᠠᠩᠰᠠᠯᠠᠵᠤ ᠲᠠᠩᠨᠠᠨ ᠰᠢᠢᠳᠪᠦᠷᠢᠯᠡᠵᠦ᠂ 11 ᠬᠡᠷᠡᠭ ᠢ ᠵᠠᠰᠠᠭ ᠵᠠᠬᠢᠷᠭᠠᠨ ᠤ ᠬᠡᠷᠡᠭ ᠪᠣᠯᠭᠠᠨ ᠳᠠᠩᠰᠠᠯᠠᠪᠠ᠃

 

 


   :                    
   :           
备案序号:蒙ICP备05003250号 公安备案15010502000173