ᠵᠤᠬᠢᠶᠠᠭᠴᠢ:
ᠴᠠᠭ:2022-04-15
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ ᠭᠡᠷ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠤᠯᠪᠣᠭᠳᠠᠯ ᠪᠦᠬᠦᠢ ᠭᠤᠣᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ ᠵᠠᠩ ᠱᠣᠸ ᠴᠦᠨ ᠬᠤᠷᠠᠯ ᠢ ᠡᠷᠭᠢᠯᠡᠪᠡ
2022 4 ᠳ᠋ᠦ᠋ᠭᠡᠷ ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠠᠩ ᠱᠣᠸ ᠴᠦᠨ ᠬᠤᠷᠠᠯ ᠡᠷᠭᠢᠯᠡᠨ ᠬᠤᠷᠠᠯᠳᠤᠭᠤᠯᠵᠤ᠂ ᠭᠡᠷ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠤᠯᠪᠣᠭᠳᠠᠯ ᠪᠦᠬᠦᠢ ᠭᠤᠣᠯᠳᠠᠯᠭ᠎ᠠ ᠲᠠᠢ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
ᠬᠤᠷᠠᠯ ᠠᠴᠠ ᠵᠢᠭᠠᠬᠤ ᠳᠤ ᠪᠠᠨ᠂ ᠭᠡᠷ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠢ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠭᠦᠯᠬᠦ ᠪᠣᠯ ᠴᠢᠬᠤᠯᠠ ᠶᠡᠭᠡ ᠠᠵᠤ ᠠᠬᠤᠢ ᠶᠢᠨ ᠠᠰᠠᠭᠤᠳᠠᠯ ᠪᠣᠯᠬᠤ ᠪᠥᠭᠡᠳ ᠴᠢᠬᠤᠯᠠ ᠶᠡᠭᠡ ᠠᠷᠠᠳ ᠤᠨ ᠠᠮᠢᠳᠤᠷᠠᠯ ᠤᠨ ᠠᠰᠠᠭᠤᠳᠠᠯ ᠪᠣᠯᠣᠨ᠎ᠠ᠃ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠭᠡᠷ ᠪᠠᠶᠢᠰᠢᠩ ᠢ ᠰᠠᠭᠤᠬᠤ ᠠᠴᠠ ᠪᠢᠰᠢ ᠰᠠᠷᠢᠭᠠᠯᠠᠬᠤ ᠳᠤ ᠬᠡᠷᠡᠭᠯᠡᠬᠦ ᠦᠭᠡᠢ ᠪᠠᠶᠢᠷᠢ ᠲᠣᠭᠲᠠᠭᠠᠯᠲᠠ ᠶᠢ ᠥᠴᠥᠬᠡᠨ ᠴᠦ ᠭᠤᠶᠢᠪᠢᠰᠢ ᠦᠭᠡᠢ ᠪᠠᠷᠢᠮᠲᠠᠯᠠᠨ᠂ ᠭᠠᠵᠠᠷ ᠰᠢᠷᠤᠢ ᠶᠢᠨ ᠦᠨ᠎ᠡ ᠶᠢ ᠲᠣᠭᠲᠠᠪᠤᠷᠢᠵᠢᠭᠤᠯᠬᠤ᠂ ᠭᠡᠷ ᠪᠠᠶᠢᠰᠢᠩ ᠤᠨ ᠦᠨ᠎ᠡ ᠶᠢ ᠲᠣᠭᠲᠠᠪᠤᠷᠢᠵᠢᠭᠤᠯᠬᠤ᠂ ᠵᠢᠱᠢᠯᠲᠡ ᠶᠢ ᠲᠣᠭᠲᠠᠪᠤᠷᠢᠵᠢᠭᠤᠯᠬᠤ ᠭᠡᠷ ᠭᠠᠵᠠᠷ ᠬᠥᠷᠥᠩᠭᠡ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠲᠠ ᠶᠢᠨ ᠪᠠᠶᠢᠳᠠᠯ ᠳᠤ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠭᠡᠷ ᠭᠠᠵᠠᠷ ᠬᠥᠷᠥᠩᠭᠡ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠡᠢ᠃
ᠬᠤᠷᠠᠯ ᠠᠴᠠ ᠱᠠᠭᠠᠷᠳᠠᠬᠤ ᠳᠤ ᠪᠠᠨ᠂ ᠡᠯ᠎ᠡ ᠠᠶᠢᠮᠠᠭ ᠬᠤᠲᠠ ᠶᠢᠨ ᠵᠠᠰᠠᠭ ᠤᠨ ᠣᠷᠳᠣᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠴᠢᠩᠭ᠎ᠠ ᠠᠩᠬᠠᠷᠴᠤ᠂ ᠭᠡᠷ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠦᠷᠭᠦᠯᠵᠢᠯᠡᠨ ᠴᠡᠭᠴᠡᠯᠡᠨ ᠵᠠᠰᠠᠬᠤ ᠪᠠ ᠵᠢᠷᠤᠮᠵᠢᠭᠤᠯᠵᠤ᠂ ᠨᠢᠭᠡ ᠠᠴᠠ ᠨᠥᠭᠦᠭᠡ ᠶᠢ ᠵᠦᠢᠴᠢᠯᠡᠨ ᠭᠡᠷ ᠭᠠᠵᠠᠷ ᠬᠥᠷᠥᠩᠭᠡ ᠶᠢᠨ ᠬᠦᠷᠢᠶᠡᠨ ᠳᠠᠬᠢ ᠲᠦᠭᠰᠢᠭᠦᠷᠢ ᠪᠠ ᠳᠠᠯᠳᠠ ᠬᠡᠮ ᠢ ᠪᠠᠶᠢᠴᠠᠭᠠᠨ ᠰᠢᠢᠳᠪᠦᠷᠢᠯᠡᠵᠦ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠡᠢ᠃
ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠬᠡᠰᠡᠭ ᠠᠶᠢᠮᠠᠭ ᠬᠤᠳᠠ ᠶᠢᠨ ᠵᠠᠰᠠᠭ ᠤᠨ ᠣᠷᠳᠣᠨ ᠤ ᠬᠤᠪᠢᠳᠠᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃