ᠵᠤᠬᠢᠶᠠᠭᠴᠢ:
ᠴᠠᠭ:2022-04-29
ᠥᠵᠡᠭᠰᠡᠨ : ℃
ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ》
ᠱᠢ ᠲᠠᠢ ᠹᠧᠩ ᠤᠯᠠᠭᠠᠨᠴᠠᠪ ᠬᠤᠲᠠ ᠳᠤ ᠳᠠᠭᠠᠭᠠᠴᠢᠯᠠᠨ ᠬᠠᠷᠢᠯᠴᠠᠵᠤ ᠪᠠᠶᠢᠭ᠎ᠠ ᠣᠯᠠᠨ ᠲᠦᠮᠡᠨ ᠤ ᠵᠠᠬᠢᠳᠠᠯ ᠰᠤᠷᠪᠤᠯᠵᠢᠯᠠᠯ ᠢᠶᠠᠷ ᠢᠯᠡᠴᠢᠯᠡᠨ ᠮᠡᠳᠡᠭᠦᠯᠦᠭᠰᠡᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠱᠠᠯᠠᠪᠳᠠᠭᠤᠯᠤᠨ ᠰᠢᠢᠳᠪᠦᠷᠢᠯᠡᠭᠦ ᠳᠡᠭᠡᠨ ᠴᠢᠬᠤᠯᠠᠴᠢᠯᠠᠭᠰᠠᠨ ᠨᠢ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ ᠭᠦᠨᠵᠡᠭᠡᠶ ᠰᠡᠷᠡᠮᠵᠢᠯᠡᠭᠦᠯᠦᠨ ᠳᠤᠩᠭᠠᠵᠥ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠣᠳᠠᠲᠤ ᠦᠷ᠎ᠡ ᠪᠦᠲᠦᠮᠵᠢ ᠪᠠᠷ ᠠᠷᠠᠳ ᠤᠨ ᠢᠳᠡᠬᠡᠯ ᠢ ᠤᠯᠬᠤ ᠬᠡᠷᠡᠭᠳᠡᠢ
2022 4 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠤᠯᠠᠭᠠᠨᠴᠠᠪ ᠬᠤᠲᠠ ᠳᠤ ᠳᠠᠭᠠᠭᠠᠴᠢᠯᠠᠨ ᠬᠠᠷᠢᠯᠴᠠᠵᠤ ᠪᠠᠶᠢᠭ᠎ᠠ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠰᠢᠯᠵᠢᠬᠦᠯᠦᠨ ᠳᠤᠰᠢᠶᠠᠬᠰᠠᠨ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠳᠤᠬᠠᠢ ᠶᠢᠨ ᠭᠠᠵᠠᠷ ᠲᠤᠨᠢ ᠱᠠᠯᠠᠪᠳᠠᠭᠤᠯᠤᠨ ᠰᠢᠢᠳᠪᠦᠷᠢᠯᠡᠪᠡ᠃ ᠲᠡᠷᠡ᠂ ᠨᠠᠮ ᠤᠨ ᠦᠢᠯᠡᠰ ᠲᠤ ᠬᠠᠷᠢᠭᠤᠴᠠᠬᠤ᠂ ᠠᠷᠠᠳ ᠲᠦᠮᠡᠨ ᠤ ᠡᠷᠬᠡ ᠠᠰᠢᠭ ᠢ ᠬᠠᠮᠠᠭᠠᠯᠠᠬᠤ ᠦᠨᠳᠦᠷᠴᠡ ᠠᠴᠠ ᠤᠯᠠᠨ ᠲᠦᠮᠡᠨ ᠤ ᠵᠠᠬᠢᠳᠠᠯ ᠰᠤᠷᠪᠤᠯᠵᠢᠯᠠᠯ ᠢᠶᠠᠷ ᠢᠯᠡᠴᠢᠯᠡᠨ ᠮᠡᠳᠡᠭᠦᠯᠦᠭᠰᠡᠨ ᠠᠰᠠᠭᠤᠳᠠᠯ ᠳᠤ ᠬᠠᠨᠳᠤᠵᠤ᠂ ᠬᠠᠤᠯᠢ ᠲᠣᠭᠲᠠᠭᠠᠯ ᠶᠣᠰᠣᠭᠠᠷ ᠠᠰᠠᠭᠤᠳᠠᠯ ᠢ ᠭᠦᠨᠵᠡᠭᠡᠢ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠡᠷᠡᠰ ᠬᠦᠴᠦᠲᠡᠢ ᠠᠬᠢᠭᠤᠯᠵᠤ᠂ ᠨᠢᠭᠡ ᠠᠴᠠ ᠨᠦᠬᠦᠭᠡ ᠶᠢ ᠵᠦᠢᠴᠢᠯᠡᠨ ᠵᠠᠰᠠᠯᠲᠠ ᠶᠢ ᠭᠦᠨᠵᠡᠭᠡᠶᠢᠷᠡᠭᠦᠯᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠱᠢ ᠲᠠᠢ ᠹᠧᠩ ᠡᠩ ᠲᠡᠷᠢᠭᠦᠨ ᠳᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠡᠮᠤᠷᠳᠡᠢ ᠪᠠᠯᠭᠠᠰᠤᠨ ᠤ ᠮᠧᠩ ᠵᠦᠩ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠶᠳᠪᠦᠷᠢᠯᠡᠬᠦ ᠺᠣᠮᠫᠠᠨᠢ ᠳᠤ ᠬᠦᠷᠴᠦ᠂ ᠲᠡᠷᠭᠡᠨ ᠠᠴᠠ ᠪᠠᠭᠤᠮᠠᠭᠴᠠ ᠳᠡᠷᠡ ᠳᠠᠷᠤᠶ ᠳᠤᠨᠢ ᠵᠥᠭᠡᠯᠡᠨ ᠢᠶᠠᠷ ᠪᠤᠯᠠᠬᠤ ᠲᠠᠯᠠᠪᠠᠶ ᠳᠤ ᠬᠦᠷᠴᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠴᠠ ᠺᠣᠮᠫᠠᠨᠢ ᠶᠢᠨ ᠤᠷᠤᠵᠥ ᠰᠠᠭᠤᠵᠥ ᠡᠵᠡᠩᠨᠡᠭᠰᠡᠨ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠢᠷᠡᠯᠲᠡ ᠵᠢᠴᠢ ᠰᠢᠶᠳᠪᠦᠷᠢᠯᠡᠬᠦ ᠠᠷᠭ᠎ᠠ ᠬᠡᠯᠪᠡᠷᠢ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠶᠳᠪᠦᠷᠢᠯᠡᠬᠦ ᠢᠯᠠᠩᠭᠤᠶ᠎ᠠ ᠠᠶᠤᠯ ᠲᠠᠶ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠶᠳᠪᠦᠷᠢᠯᠡᠬᠦ ᠠᠵᠢᠯ ᠢ ᠥᠷᠨᠢᠭᠦᠯᠵᠦ ᠪᠠᠶᠢᠭ᠎ᠠ ᠨᠢ ᠦᠨᠡᠨ ᠳᠡᠭᠡᠨ ᠠᠮᠢ ᠠᠬᠤᠶ ᠣᠷᠴᠢᠨ ᠲᠣᠭᠤᠷᠢᠨ ᠪᠠ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠠᠭᠠᠯᠠᠬᠤ ᠶᠢᠨ ᠲᠥᠯᠥᠭᠡ ᠶᠤᠮ᠂ ᠬᠡᠬᠦ ᠳᠡᠭᠡᠨ ᠰᠠᠶᠢᠲᠤᠷ ᠰᠢᠶᠳᠪᠦᠷᠢᠯᠡᠬᠦ ᠥᠬᠡᠶ ᠪᠣᠯ ᠠᠮᠢ ᠠᠬᠤᠶ ᠣᠷᠴᠢᠨ ᠲᠣᠭᠤᠷᠢᠨ ᠳᠤ ᠠᠮᠠᠷᠬᠠᠨ ᠨᠥᠯᠥᠭᠡ ᠪᠠ ᠪᠣᠬᠢᠷᠲᠤᠯ ᠤᠴᠠᠷᠠᠭᠤᠯᠵᠤ᠂ ᠣᠯᠠᠨ ᠲᠦᠮᠡᠨ ᠤ ᠦᠶᠯᠡᠳᠪᠦᠷᠢᠯᠡᠯ ᠠᠮᠢᠳᠤᠷᠠᠯ ᠢᠯᠠᠩᠭᠤᠶ᠎ᠠ ᠪᠡᠶ᠎ᠡ ᠮᠠᠬᠠᠪᠣᠳ ᠤᠨ ᠡᠷᠡᠭᠦᠯ ᠮᠡᠨᠳᠦ ᠳᠤ ᠰᠦᠷᠳᠡᠭᠦᠯᠦᠯ ᠪᠣᠯᠵᠦ ᠮᠡᠳᠡᠬᠦ ᠶᠤᠮ᠂ ᠥᠴᠦᠬᠡᠨ ᠳᠡᠳᠤᠢ ᠴᠦ ᠠᠯᠮᠠᠶᠢᠷᠠᠵᠤ ᠪᠣᠯᠬᠤ ᠥᠬᠡᠶ᠃ ᠠᠵᠤ ᠠᠬᠤᠶᠢᠯᠠᠯ ᠤᠨ ᠬᠢᠨ ᠢᠮᠠᠭᠲᠠ ᠭᠦᠨ ᠬᠦᠪ ᠲᠤ ᠲᠤᠯᠭᠠᠷᠠᠭᠰᠠᠨ ᠮᠡᠲᠦ᠂ ᠨᠢᠮᠭᠡᠨ ᠮᠥᠰᠥᠨ ᠳᠤ ᠭᠢᠰᠭᠢᠭᠰᠡᠨ ᠰᠢᠭ ᠰᠣᠨᠣᠷ ᠰᠡᠷᠡᠮᠵᠢ ᠪᠠ ᠪᠣᠯᠭᠤᠮᠵᠢᠲᠠᠢ ᠪᠠᠶᠢᠬᠤ ᠪᠠᠨ ᠪᠠᠳᠤᠯᠠᠵᠥ᠂ ᠬᠤᠷᠢᠶᠠᠨ ᠴᠤᠭᠯᠠᠭᠤᠯᠵᠤ ᠰᠢᠯᠵᠢᠭᠦᠯᠦᠨ ᠵᠥᠭᠡᠭᠡᠪᠦᠷᠢᠯᠡᠬᠦ᠂ ᠬᠥᠮᠥᠷᠭᠡ ᠳᠤ ᠣᠷᠣᠭᠤᠯᠵᠤ ᠨᠥᠭᠡᠴᠡᠯᠡᠬᠦ᠂ ᠡᠰᠡᠬᠦᠯ᠎ᠡ ᠰᠢᠢᠳᠪᠦᠷᠢᠯᠡᠬᠦ᠂ ᠪᠤᠯᠠᠵᠤ ᠰᠢᠢᠳᠪᠦᠷᠢᠯᠡᠬᠦ ᠬᠡᠰᠡᠨ ᠦᠭᠡᠢ᠂ ᠡᠯ᠎ᠡ ᠭᠤᠭᠴᠤᠭ᠎ᠠ ᠶᠢᠨ ᠠᠵᠢᠯ ᠳᠤ ᠴᠥᠮ ᠠᠮᠤᠷ ᠲᠦᠪᠰᠢᠨ ᠤ ᠲᠦᠷᠢᠮ ᠳᠠᠷᠠᠭᠠᠯᠠᠯ ᠢ ᠴᠢᠩᠭ᠎ᠠ ᠵᠢᠷᠤᠮᠯᠠᠨ ᠠᠵᠢᠯᠯᠠᠭ᠎ᠠ ᠬᠢᠬᠦ ᠪᠠ ᠬᠠᠮᠢᠶᠠᠷᠤᠯᠲᠠ ᠬᠢᠵᠦ᠂ ᠪᠣᠯᠭᠤᠮᠵᠢᠲᠠᠢ ᠠᠴᠠ ᠪᠣᠯᠭᠤᠮᠵᠢᠲᠠᠢ᠂ ᠴᠢᠩᠭ᠎ᠠ ᠠᠴᠠ ᠴᠢᠩᠭ᠎ᠠ ᠪᠠᠶᠢᠬᠤ ᠬᠡᠷᠡᠭᠳᠡᠢ᠂ ᠶᠠᠭᠠᠬᠢᠭᠰᠠᠨ ᠴᠤ ᠬᠥᠩᠭᠡᠪᠴᠢᠯᠡᠵᠦ ᠪᠣᠯᠬᠤ ᠦᠭᠡᠢ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠠᠷᠭ᠎ᠠ ᠪᠦᠬᠦᠨ ᠢ ᠰᠦᠪᠡᠭᠴᠢᠯᠡᠵᠥ ᠪᠠᠶᠢᠭᠠᠳ ᠬᠠᠶᠠᠭᠳᠠᠮᠠᠯ ᠪᠣᠳᠠᠰ ᠢ ᠡᠷᠳᠡᠨᠢ ᠪᠣᠯᠭᠠᠵᠤ ᠂ ᠠᠮᠢ ᠠᠬᠤᠶ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠦᠨᠡᠨ ᠬᠦ ᠪᠠᠭᠠᠰᠬᠠᠬᠤ ᠬᠡᠷᠡᠭᠲᠡᠶ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠤᠷᠢᠳᠴᠢᠯᠠᠨ ᠬᠢᠨᠠᠨ ᠬᠠᠮᠢᠶᠠᠷᠴᠤ᠂ ᠴᠢᠩᠭ᠎ᠠ ᠬᠢᠨᠠᠨ ᠬᠠᠮᠢᠶᠠᠷᠴᠤ᠂ ᠪᠦᠬᠦ ᠬᠡᠯᠬᠢᠶ᠎ᠡ ᠪᠠᠷ ᠬᠢᠨᠠᠨ ᠬᠠᠮᠢᠶᠠᠷᠴᠤ᠂ ᠳᠠᠯᠳᠠ ᠠᠶᠤᠯ ᠲᠦᠭᠰᠢᠭᠦᠷᠢ ᠭᠡᠮ ᠰᠤᠭᠤᠭ ᠢ ᠴᠠᠭ ᠲᠤᠬᠠᠢ ᠳᠤᠨᠢ ᠢᠯᠡᠷᠡᠭᠦᠯᠦᠨ ᠰᠢᠢᠳᠪᠦᠷᠢᠯᠡᠵᠦ᠂ ᠠᠮᠢ ᠠᠬᠤᠢ ᠶᠢ ᠡᠪᠳᠡᠬᠦ᠂ ᠣᠷᠴᠢᠨ ᠳᠤᠭᠤᠷᠢᠨ ᠢ ᠪᠣᠬᠢᠷᠲᠤᠭᠤᠯᠬᠤ ᠬᠡᠷᠡᠭ ᠡᠭᠦᠰᠭᠦ ᠶᠢ ᠡᠷᠡᠰ ᠰᠡᠷᠭᠡᠶᠢᠯᠡᠬᠦ ᠬᠡᠷᠡᠭᠲᠡᠢ ᠬᠡᠵᠥ ᠴᠢᠬᠤᠯᠠᠴᠢᠯᠠᠪᠠ᠃
ᠳᠠᠷᠠᠭ᠎ᠠ ᠨᠢ ᠱᠢ ᠲᠠᠢ ᠹᠧᠩ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠯᠠᠭᠠᠨᠬᠠᠳᠠ ᠰᠤᠮᠤ ᠶᠢᠨ ᠯᠸᠢ ᠰᠢᠨ ᠦᠭᠡᠬᠦᠨ ᠴᠢᠯᠠᠭᠤᠨ ᠤ ᠠᠭᠤᠷᠬᠠᠶ ᠶᠢᠨ ᠺᠣᠮᠫᠠᠨᠢ ᠳᠤ ᠬᠥᠷᠪᠡ᠃ ᠮᠠᠯᠲᠠᠵᠤ ᠪᠠᠶᠢᠭ᠎ᠠ ᠲᠤᠬᠠᠶ ᠶᠢᠨ ᠲᠠᠯᠠᠪᠠᠶ ᠳᠤ ᠠᠭᠤᠷᠬᠠᠶ ᠮᠠᠯᠲᠠᠵᠤ ᠪᠠᠶᠢᠭ᠎ᠠ ᠨᠦᠬᠡ ᠪᠣᠯᠤᠨ ᠠᠭᠤᠷᠬᠠᠶ ᠶᠢᠨ ᠮᠠᠲ᠋ᠧᠷᠢᠶᠠᠯ ᠤᠨ ᠣᠪᠣᠭ᠎ᠠ ᠭᠠᠵᠠᠷ ᠰᠠᠶ ᠥᠬᠡᠶ ᠬᠠᠷᠠᠭᠳᠠᠵᠤ᠂ ᠮᠠᠯᠳᠠᠬᠰᠠᠨ ᠠᠭᠤᠯᠠ ᠨᠢ ᠰᠢᠷᠬ᠎ᠠ ᠰᠣᠷᠪᠢ ᠪᠠᠷ ᠳᠦᠭᠦᠷᠦᠭᠰᠡᠨ ᠪᠠᠶᠢᠯ᠎ᠠ᠃ ᠱᠢ ᠲᠠᠢ ᠹᠧᠩ ᠬᠤᠯᠪᠣᠭᠳᠠᠯ ᠪᠥᠬᠦᠶ ᠪᠠᠶᠢᠳᠠᠯ ᠢ ᠨᠠᠷᠢᠨ ᠯᠠᠪᠯᠠᠨ ᠠᠰᠠᠭᠤᠭᠰᠠᠨ ᠤ ᠳᠠᠷᠠᠭ᠎ᠠ᠂ ᠠᠵᠤ ᠠᠬᠤᠶᠢᠯᠠᠯ ᠤᠨ ᠬᠢᠨ ᠳᠤ ᠵᠠᠭᠠᠭ ᠳᠠᠪᠠᠵᠦ ᠨᠡᠭᠡᠭᠡᠨ ᠮᠠᠯᠲᠠᠬᠤ᠂ ᠴᠢᠯᠠᠭᠤᠨ ᠮᠠᠲ᠋ᠧᠷᠢᠶᠠᠯ ᠣᠪᠣᠭᠠᠯᠠᠵᠤ ᠬᠠᠤᠯᠢ ᠪᠤᠰᠤ ᠪᠠᠷ ᠨᠤᠲᠤᠭ ᠪᠡᠯᠴᠢᠭᠡᠷ ᠢ ᠡᠵᠡᠯᠡᠨ ᠬᠡᠷᠡᠭᠯᠡᠬᠦ ᠠᠰᠠᠭᠤᠳᠠᠯ ᠣᠷᠣᠰᠢᠵᠤ ᠪᠠᠶᠢᠬᠤ ᠪᠦᠭᠡᠳ ᠨᠠᠩ ᠬᠦᠨᠳᠦ ᠨᠣᠴᠢᠲᠠᠶ ᠨᠢ ᠠᠮᠢ ᠠᠬᠤᠶ ᠳᠤ ᠡᠭᠡᠭᠦᠯᠦᠨ ᠠᠪᠴᠢᠷᠠᠬᠤᠶ᠎ᠠ ᠪᠡᠷᠬᠡ ᠬᠤᠬᠢᠷᠠᠯ ᠤᠴᠠᠷᠠᠭᠤᠯᠤᠭᠰᠠᠨ ᠪᠠᠶᠢᠨ᠎ᠠ᠃ ᠥᠪᠥᠷ ᠮᠣᠩᠭᠤᠯ ᠪᠣᠯ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠪᠣᠯᠤᠨ᠎ᠠ᠂ ᠡᠨᠡ ᠠᠭᠤᠯᠠ ᠪᠠᠷ ᠠᠪᠴᠤ ᠬᠡᠯᠡᠪᠡᠯ᠂ ᠲᠡᠷᠡ ᠨᠢ ᠨᠠᠭᠠᠳᠤ ᠵᠠᠬ᠎ᠠ ᠳᠠᠭᠠᠨ ᠣᠶᠢᠷ᠎ᠠ ᠬᠠᠪᠢ ᠶᠢᠨ ᠠᠶᠢᠯ ᠲᠣᠰᠬᠤᠨ ᠤ ᠬᠠᠯᠬᠠᠪᠴᠢ ᠪᠣᠯᠤᠨ᠎ᠠ᠃ ᠭᠠᠷ ᠭᠦᠢᠴᠡᠳᠭᠡᠯ ᠪᠦᠷᠢᠨ ᠭᠦᠢᠴᠡᠳ ᠪᠠᠶᠢᠪᠠᠯ ᠠᠮᠢ ᠠᠬᠤᠢ ᠣᠷᠴᠢᠨ ᠲᠣᠭᠤᠷᠢᠨ ᠢ ᠡᠪᠳᠡᠬᠦ 《ᠬᠠᠯᠬᠠᠪᠴᠢ》 ᠲᠠᠢ ᠪᠤᠯᠴᠢᠬᠠᠨ᠎ᠠ ᠬᠡᠰᠡᠨ ᠤᠴᠢᠷ ᠤᠬᠳᠤ ᠪᠢᠰᠢ᠂ ᠠᠵᠤ ᠠᠬᠤᠶᠢᠯᠠᠯ ᠲᠡᠷᠡ ᠬᠦ 《ᠵᠣᠭᠤᠰ》 ᠢ ᠤᠯᠬᠤ ᠶᠢᠨ ᠲᠥᠯᠥᠭᠡ᠂ ᠠᠭᠤᠯᠠ ᠶᠢ ᠮᠠᠯᠲᠠᠵᠤ᠂ ᠠᠮᠢ ᠠᠬᠤᠢ ᠶᠢ ᠡᠪᠳᠡᠵᠦ᠂ ᠴᠢᠨᠠᠭᠰᠢᠯᠠᠪᠠᠯ ᠪᠠᠰᠠ ᠰᠦᠨᠢ ᠪᠠᠷ ᠮᠠᠯᠲᠠᠵᠤ᠂ ᠲᠣᠭᠤᠰᠣ ᠰᠢᠷᠣᠢ᠂ ᠡᠯᠡᠰᠦ ᠲᠣᠭᠤᠰᠣ᠂ ᠱᠤᠤᠭᠢᠶᠠᠨ ᠵᠡᠷᠭᠡ ᠨᠢ ᠴᠥᠮ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠮᠠᠰᠢ ᠶᠡᠭᠡ ᠨᠥᠯᠥᠭᠡ ᠦᠵᠡᠭᠦᠯᠵᠤ ᠪᠠᠶᠢᠨ᠎ᠠ᠃ ᠲᠤᠬᠠᠶ ᠶᠢᠨ ᠭᠠᠵᠠᠷ ᠤᠨ ᠺᠠᠳ᠋ᠷ ᠶᠠᠭᠠᠬᠢᠭᠠᠳ ᠬᠠᠷᠠᠵᠤ ᠪᠠᠶᠢᠭᠠᠳ ᠬᠠᠶᠢᠬᠤᠷᠬᠤ ᠦᠭᠡᠶ ᠪᠠᠶᠢᠬᠤ ᠪᠤᠶ︖ ᠶᠠᠭᠤᠨ ᠳᠤ ᠣᠯᠠᠨ ᠲᠦᠮᠡᠨ ᠤ ᠲᠤᠰᠬᠠᠯ ᠡᠶᠢᠮᠦ ᠴᠢᠩᠭ᠎ᠠ ᠠᠰᠠᠭᠤᠳᠠᠯ ᠢ ᠣᠶᠢᠰᠢᠶᠠᠬᠤ ᠦᠭᠡᠢ ᠪᠤᠢ︖ ᠡᠨᠡ ᠪᠣᠯ ᠲᠥᠪ ᠴᠢᠩᠭ᠎ᠠ ᠤᠯᠤᠰ ᠲᠦᠷᠦ ᠶᠢᠨ ᠵᠣᠭᠰᠣᠯᠲᠠ ᠶᠢᠨ ᠠᠰᠠᠭᠤᠳᠠᠯ ᠮᠥᠨ ᠭᠡᠵᠤ ᠵᠢᠭᠠᠵᠤ ᠭᠠᠷᠭᠠᠪᠠ᠃ ᠱᠢ ᠲᠠᠢ ᠹᠧᠩ᠂ ᠬᠤᠳᠠ ᠬᠤᠰᠢᠭᠤ ᠬᠤᠶᠠᠷ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤᠯᠤᠰ ᠲᠦᠷᠦ ᠶᠢᠨ ᠲᠠᠯ᠎ᠠ ᠠᠴᠠ ᠦᠵᠡᠵᠦ᠂ ᠤᠯᠤᠰ ᠲᠦᠷᠦ ᠶᠢᠨ ᠲᠠᠯ᠎ᠠ ᠠᠴᠠ ᠰᠢᠢᠳᠪᠤᠷᠢᠯᠡᠵᠤ᠂ ᠭᠦᠨᠵᠡᠭᠡᠢ ᠲᠤᠩᠭᠠᠨ ᠪᠣᠳᠣᠯᠬᠢᠯᠠᠵᠤ᠂ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠦᠨᠡᠨ ᠬᠦ ᠬᠠᠲᠠᠭᠤ ᠲᠠᠢ ᠨᠢ ᠬᠠᠯᠳᠠᠵᠤ ᠦᠨᠡᠨ ᠬᠦ ᠠᠳᠬᠤᠨ ᠪᠣᠳᠠᠲᠠᠢ ᠰᠠᠶᠢᠵᠢᠷᠠᠭᠤᠯᠬᠤ ᠬᠡᠷᠡᠭᠲᠡᠢ᠃ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠠᠴᠠ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠵᠦ᠂ ᠠᠷᠤ ᠳᠤᠨᠢ ᠣᠷᠣᠰᠢᠵᠤ ᠪᠠᠶᠢᠭ᠎ᠠ ᠠᠰᠢᠭ ᠲᠤᠰᠠ ᠶᠢᠨ ᠰᠦᠯᠪᠡᠭᠡᠯᠡᠬᠦ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠡᠨ ᠳᠤ ᠬᠤᠯᠪᠣᠭᠳᠠᠭᠰᠠᠨ ᠴᠤ ᠡᠷᠬᠡᠪᠰᠢ ᠴᠢᠩᠭ᠎ᠠ ᠰᠢᠢᠳᠭᠡᠬᠦ ᠬᠡᠷᠡᠭᠲᠡᠢ᠃ ᠰᠤᠷᠭᠠᠮᠵᠢ ᠠᠪᠴᠤ ᠂ ᠨᠢᠭᠡ ᠠᠴᠠ ᠨᠥᠭᠦᠭᠡ ᠶᠢ ᠵᠦᠶᠴᠢᠯᠡᠨ᠂ ᠡᠯ᠎ᠡ ᠲᠥᠷᠥᠯ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠣᠶᠢᠮ᠎ᠠ ᠠᠰᠠᠭᠤᠳᠠᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠴᠡᠭᠴᠡᠯᠡᠨ ᠰᠠᠶᠢᠵᠢᠷᠠᠭᠤᠯᠵᠤ ᠵᠠᠰᠠᠬᠤ ᠶᠢ ᠠᠬᠢᠭᠤᠯᠵᠤ᠂ ᠠᠵᠢᠯ ᠤᠨ ᠳᠤᠮᠳᠠᠬᠢ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠬᠤᠷᠢᠭᠯᠠᠬᠤ ᠬᠡᠷᠡᠭᠲᠡᠶ ᠭᠡᠵᠤ ᠴᠢᠬᠤᠯᠠᠴᠢᠯᠠᠪᠠ᠃
ᠱᠠᠯᠠᠪᠳᠠᠭᠤᠯᠤᠨ ᠰᠢᠢᠳᠪᠤᠷᠢᠯᠡᠬᠦ ᠶᠠᠪᠤᠴᠠ ᠳᠤ ᠱᠢ ᠲᠠᠢ ᠹᠧᠩ᠂ ᠶᠡᠷᠦᠩᠬᠡᠶ ᠱᠦᠵᠢ ᠰᠢ ᠶᠢᠨ ᠫᠢᠩ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠪᠣᠯ ᠠᠷᠠᠳ ᠲᠦᠮᠡᠨ ᠳᠤ ᠪᠤᠶᠠᠨ ᠦᠶᠯᠡᠳᠬᠦ ᠵᠠᠭᠤᠨ ᠵᠢᠯ ᠤᠨ ᠶᠡᠭᠡ ᠪᠣᠳᠣᠯᠭ᠎ᠠ ᠮᠥᠨ ᠭᠡᠵᠦ ᠣᠨᠴᠠᠭᠠᠶᠢᠯᠠᠨ ᠴᠢᠬᠤᠯᠠᠴᠢᠯᠠᠵᠤ᠂ ᠪᠢᠳᠡᠨ ᠳᠤ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠶᠢ ᠪᠠᠷᠢᠮᠲᠠᠯᠠᠬᠤ ᠬᠡᠷᠡᠭᠲᠡᠶ ᠭᠡᠵᠦ ᠳᠠᠬᠢᠨ ᠳᠠᠪᠲᠠᠨ ᠵᠠᠬᠢᠪᠠ᠂ ᠣᠲᠣ ᠵᠠᠷᠢᠮ ᠭᠠᠵᠠᠷ ᠣᠷᠣᠨ ᠪᠣᠯᠤᠨ ᠺᠠᠳ᠋ᠷ ᠲᠤ ᠮᠥᠨ ᠯᠡ ᠬᠡᠯᠡᠵᠤ ᠬᠢᠬᠦ ᠨᠢ ᠨᠢᠭᠡᠳᠬᠦ ᠦᠭᠡᠢ ᠠᠰᠠᠭᠤᠳᠠᠯ ᠣᠷᠣᠰᠢᠵᠤ ᠪᠠᠶᠢᠨ᠎ᠠ᠃ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠲᠠ ᠶᠢ ᠴᠢᠩᠭᠠᠳᠬᠠᠬᠤ ᠪᠣᠯ ᠡᠴᠦᠰ ᠤᠨ ᠡᠴᠦᠰ ᠲᠡᠭᠡᠨ ᠵᠣᠭᠰᠣᠯᠲᠠ ᠶᠢᠨ ᠠᠰᠠᠭᠤᠳᠠᠯ ᠮᠥᠨ᠂ 《ᠬᠡᠨ ᠤ ᠲᠥᠯᠥᠭᠡ ᠪᠠᠶᠢᠬᠤ᠂ ᠬᠡᠨ ᠳᠤ ᠲᠦᠰᠢᠭᠯᠡᠬᠦ》 ᠪᠣᠯ ᠪᠣᠳᠠᠲᠠᠢ ᠪᠦᠭᠡᠳ ᠦᠨᠡᠨ ᠶᠤᠮ᠂ ᠭᠠᠭᠴᠠ ᠬᠦ ᠨᠠᠮ ᠤᠨ ᠦᠢᠯᠡᠰ ᠲᠤ ᠬᠠᠷᠢᠭᠤᠴᠠᠬᠤ᠂ ᠠᠷᠠᠳ ᠲᠦᠮᠡᠨ ᠤ ᠡᠷᠬᠡ ᠠᠰᠢᠭ ᠢ ᠬᠠᠮᠠᠭᠠᠯᠠᠬᠤ ᠦᠨᠳᠦᠷᠴᠡ ᠠᠴᠠ ᠬᠢᠨᠠᠨ ᠦᠵᠡᠵᠦ ᠲᠡᠭᠦᠨ ᠳᠤ ᠬᠠᠨᠳᠤᠪᠠᠯ ᠠᠮᠢ ᠠᠬᠤᠢ ᠶᠢ ᠡᠪᠳᠡᠬᠦ᠂ ᠣᠷᠴᠢᠨ ᠲᠤᠭᠤᠷᠢᠨ ᠢ ᠪᠣᠬᠢᠷᠲᠤᠭᠤᠯᠬᠤ ᠠᠰᠠᠭᠤᠳᠠᠯ ᠤᠨ ᠬᠦᠨᠳᠦ ᠨᠣᠴᠢᠲᠠᠢ ᠴᠢᠨᠠᠷ ᠢ ᠦᠨᠡᠨ ᠬᠦ ᠲᠠᠨᠢᠵᠤ ᠴᠢᠳᠠᠨ᠎ᠠ᠃ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠰᠢᠢᠳᠪᠤᠷᠢᠯᠡᠬᠦᠯᠬᠦ ᠪᠠᠷ ᠲᠤᠰᠢᠶᠠᠭᠰᠠᠨ ᠤᠯᠠᠨ ᠲᠦᠮᠡᠨ ᠤ ᠵᠠᠬᠢᠳᠠᠯ ᠰᠤᠷᠪᠤᠯᠵᠢᠯᠠᠯ ᠢᠶᠠᠷ ᠢᠯᠡᠴᠢᠯᠡᠨ ᠮᠡᠳᠡᠭᠦᠯᠦᠭᠰᠡᠨ ᠠᠰᠠᠭᠤᠳᠠᠯ ᠳᠤ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠶᠠᠭᠠᠬᠢᠭᠰᠠᠨ ᠴᠤ ᠤᠴᠢᠷ ᠶᠠᠪᠤᠳᠠᠯ ᠢ ᠯᠠ ᠶᠠᠷᠢᠭᠠᠳ ᠪᠠᠶᠢᠵᠤ ᠪᠤᠯᠬᠤ ᠦᠭᠡᠢ᠂ ᠵᠠᠪᠠᠯ ᠲᠡᠦᠬᠡ ᠳᠤ ᠬᠠᠷᠢᠭᠤᠴᠠᠬᠤ᠂ ᠦᠷ᠎ᠡ ᠬᠤᠶᠢᠴᠢᠰ ᠲᠠᠭᠠᠨ ᠬᠠᠷᠢᠭᠤᠴᠠᠬᠤ ᠣᠪᠣᠷ ᠢᠶᠠᠷ᠂ ᠤᠬᠠᠮᠰᠠᠷ ᠠᠴᠠ ᠪᠠᠨ ᠬᠠᠷᠭᠤᠭᠤᠯᠤᠨ ᠪᠠᠶᠢᠴᠠᠭᠠᠨ ᠳᠡᠯᠭᠡᠵᠦ᠂ ᠭᠦᠨᠵᠡᠭᠡᠢ ᠰᠡᠷᠡᠮᠵᠢᠯᠡᠭᠦᠯᠦᠨ ᠲᠤᠩᠭᠠᠵᠤ᠂ ᠴᠡᠭᠴᠡᠯᠡᠨ ᠰᠠᠶᠢᠵᠢᠷᠠᠭᠤᠯᠬᠤ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠥᠭᠵᠢᠯᠲᠡ ᠶᠢᠨ ᠦᠵᠡᠯᠲᠡ᠂ ᠵᠠᠰᠠᠭ ᠤᠨ ᠠᠮᠵᠢᠯᠳᠠ ᠶᠢᠨ ᠦᠵᠡᠯᠲᠡ᠂ ᠠᠮᠢ ᠠᠬᠤᠢ ᠶᠢᠨ ᠦᠵᠡᠯᠲᠡ ᠶᠢ ᠦᠨᠡᠨ ᠬᠦ ᠲᠥᠪ ᠪᠣᠯᠭᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠤᠢᠢᠯᠠᠭᠠᠭᠳᠠᠬᠤᠨ ᠢ ᠦᠨᠡᠨ ᠬᠦ ᠪᠠᠲᠤ ᠪᠤᠢ ᠪᠣᠯᠭᠠᠵᠤ᠂ ᠡᠷᠡᠰ ᠨᠠᠶᠢᠳᠠᠪᠤᠷᠢᠵᠢᠭᠤᠯᠬᠤ ᠬᠡᠷᠡᠭᠲᠡᠢ ᠭᠡᠵᠤ ᠵᠢᠭᠠᠵᠤ ᠭᠠᠷᠭᠠᠪᠠ᠃
ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠤᠢ ᠯᠢ ᠰᠢᠨ᠂ ᠵᠠᠩ ᠱᠤᠤ ᠴᠦᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠦᠬᠦᠳ ᠠᠵᠢᠯᠯᠠᠭ᠎ᠠ ᠳᠤ ᠣᠷᠣᠯᠴᠠᠵᠠᠢ᠃