ᠵᠤᠬᠢᠶᠠᠭᠴᠢ:
ᠴᠠᠭ:2022-04-29
ᠥᠵᠡᠭᠰᠡᠨ : ℃
ᠢᠷᠡᠯᠲᠡ: 《ᠬᠥᠬᠡᠬᠤᠲᠠ ᠶᠢᠨ ᠡᠳᠦᠷ ᠤᠨ ᠰᠣᠨᠢᠨ》
ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠠᠴᠠ ᠬᠥᠬᠡᠬᠤᠲᠠ ᠳᠤ ᠰᠢᠢᠳᠪᠦᠷᠢᠯᠡᠭᠦᠯᠬᠦ ᠪᠠᠷ ᠲᠤᠰᠢᠶᠠᠭᠰᠠᠨ ᠠᠷᠪᠠᠨ ᠨᠠᠢᠮᠠᠳᠤᠭᠠᠷ ᠪᠦᠯᠦᠭ ᠤᠨ 13 ᠬᠤᠪᠢ ᠣᠯᠠᠨ ᠲᠦᠮᠡᠨ ᠤ ᠵᠠᠬᠢᠳᠠᠯ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠭᠰᠡᠨ ᠪᠠᠶᠢᠳᠠᠯ
2022 3 ᠳ᠋ᠤᠭᠠᠷ ᠰᠠᠷ᠎ᠠ ᠶᠢᠨ 26 ᠤ ᠡᠳᠦᠷ ᠠᠴᠠ 4 ᠳ᠋ᠤᠭᠡᠷ ᠰᠠᠷ᠎ᠠ ᠶᠢᠨ 21 ᠤ ᠡᠳᠦᠷ ᠪᠣᠯᠲᠠᠯ᠎ᠠ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ ᠰᠢᠮᠳᠠᠭᠤᠯᠤᠨ ᠪᠠᠶᠢᠴᠠᠭᠠᠬᠤ ᠳᠤᠭᠤᠶᠢᠯᠠᠩ ︵ᠳᠣᠷᠣᠭᠰᠢ 《ᠲᠥᠪ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ》 ᠭᠡᠵᠦ ᠲᠣᠪᠴᠢᠯᠠᠨ᠎ᠠ︶ ᠠᠴᠠ ᠮᠠᠨ ᠤ ᠬᠤᠲᠠ ᠳᠤ 27 ᠪᠦᠯᠦᠭ ᠤᠨ ᠨᠡᠶᠢᠲᠡ 353 ᠬᠤᠪᠢ ︵ᠤᠲᠠᠰᠤ ᠪᠠᠷ ᠢᠯᠡᠴᠢᠯᠡᠨ ᠮᠡᠳᠡᠭᠦᠯᠦᠭᠰᠡᠨ ᠨᠢ 199 ᠬᠤᠪᠢ᠂ ᠴᠠᠬᠢᠯᠭᠠᠨ ᠬᠤᠯᠪᠣᠭ᠎ᠠ ᠪᠠᠷ ᠢᠯᠡᠴᠢᠯᠡᠨ ᠮᠡᠳᠡᠭᠦᠯᠦᠭᠰᠡᠨ ᠨᠢ 154 ᠬᠤᠪᠢ︶ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠭᠦᠯᠬᠦ ᠪᠠᠷ ᠲᠤᠰᠢᠶᠠᠪᠠ᠃
4 ᠳ᠋ᠤᠭᠡᠷ ᠰᠠᠷ᠎ᠠ ᠶᠢᠨ 12 ᠤᠨ ᠡᠳᠦᠷ᠂ ᠲᠥᠪ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠠᠴᠠ ᠮᠠᠨ ᠤ ᠬᠤᠲᠠ ᠳᠤ ᠠᠷᠪᠠᠨ ᠨᠠᠢᠮᠠᠳᠤᠭᠠᠷ ᠪᠦᠯᠦᠭ ᠤᠨ 13 ᠬᠤᠪᠢ ︵ᠤᠳᠠᠰᠤ ᠪᠠᠷ ᠢᠯᠡᠴᠢᠯᠡᠨ ᠮᠡᠳᠡᠭᠦᠯᠦᠭᠰᠡᠨ ᠨᠢ 9 ᠬᠤᠪᠢ᠂ ᠴᠠᠬᠢᠯᠭᠠᠨ ᠬᠤᠯᠪᠣᠭ᠎ᠠ ᠪᠠᠷ ᠢᠯᠡᠴᠢᠯᠡᠨ ᠮᠡᠳᠡᠭᠦᠯᠦᠭᠰᠡᠨ ᠨᠢ 4 ᠬᠤᠪᠢ︶ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠭᠦᠯᠬᠦ ᠪᠠᠷ ᠲᠤᠰᠢᠶᠠᠪᠠ᠂ ᠲᠥᠪ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ᠪᠥᠬᠦ ᠬᠤᠲᠠ ᠶᠢᠨ ᠬᠢᠨ ᠨᠢᠭᠡᠨᠲᠡ ᠠᠷᠪᠠᠨ ᠨᠠᠢᠮᠠᠳᠤᠭᠠᠷ ᠪᠦᠯᠦᠭ ᠤᠨ 13 ᠬᠤᠪᠢ ᠵᠠᠬᠢᠳᠠᠯ ᠬᠡᠷᠡᠭ ᠢ ᠪᠠᠶᠢᠴᠠᠭᠠᠨ ᠰᠢᠢᠳᠪᠦᠷᠢᠯᠡᠪᠡ᠃ ᠣᠲᠣ ᠪᠣᠯᠲᠠᠯ᠎ᠠ᠂ 9 ᠬᠡᠷᠡᠭ ᠢ ᠨᠢᠭᠡᠨᠲᠡ ᠰᠢᠢᠳᠪᠦᠷᠢᠯᠡᠵᠦ ᠳᠠᠭᠤᠰᠬᠠᠨ᠂ 1 ᠬᠡᠷᠡᠭ ᠢ ᠱᠠᠲᠤ ᠦᠶ᠎ᠡ ᠶᠢᠨ ᠴᠢᠨᠠᠷᠲᠠᠢ ᠪᠠᠷ ᠰᠢᠢᠳᠪᠦᠷᠢᠯᠡᠵᠦ ᠳᠠᠭᠤᠰᠬᠠᠨ᠂ 3 ᠬᠡᠷᠡᠭ ᠢ ᠰᠢᠢᠳᠪᠦᠷᠢᠯᠡᠵᠦ ᠳᠠᠭᠤᠰᠬᠠᠭᠠᠳᠤᠢ ᠂ 1 ᠬᠥᠮᠥᠨ ᠠᠴᠠ ᠬᠠᠷᠢᠭᠤᠴᠠᠯᠭ᠎ᠠ ᠨᠡᠬᠡᠮᠵᠢᠯᠡᠪᠡ᠃
4 ᠳ᠋ᠤᠭᠡᠷ ᠰᠠᠷ᠎ᠠ ᠶᠢᠨ 21 ᠤ ᠡᠳᠦᠷ ᠪᠣᠯᠲᠠᠯ᠎ᠠ᠂ ᠪᠥᠬᠦ ᠬᠤᠲᠠ ᠶᠢᠨ ᠬᠢᠨ 1 ︱ 18 ᠳ᠋ᠤᠭᠠᠷ ᠪᠦᠯᠦᠭ ᠤᠨ ᠨᠡᠶᠢᠲᠡ 227 ᠬᠤᠪᠢ ᠵᠠᠬᠢᠳᠠᠯ ᠬᠡᠷᠡᠭ ᠢ ᠪᠠᠶᠢᠴᠠᠭᠠᠨ ᠰᠢᠢᠳᠪᠦᠷᠢᠯᠡᠪᠡ᠂ ᠡᠭᠦᠨ ᠳᠤ 90 ᠬᠤᠪᠢ ᠶᠢ ᠨᠢ ᠨᠢᠭᠡᠨᠲᠡ ᠰᠢᠢᠳᠪᠦᠷᠢᠯᠡᠨ ᠳᠠᠭᠤᠰᠬᠠᠵᠤ᠂ 87 ᠬᠤᠪᠢ ᠶᠢ ᠨᠢ ᠱᠠᠲᠤ ᠦᠶ᠎ᠡ ᠶᠢᠨ ᠴᠢᠨᠠᠷᠲᠠᠢ ᠪᠠᠷ ᠰᠢᠢᠳᠪᠦᠷᠢᠯᠡᠨ ᠳᠠᠭᠤᠰᠬᠠᠵᠤ᠂ 50 ᠬᠤᠪᠢ ᠶᠢ ᠨᠢ ᠰᠢᠢᠳᠪᠦᠷᠢᠯᠡᠵᠦ ᠳᠠᠭᠤᠰᠬᠠᠭᠠᠳᠤᠢ ᠂ 24 ᠶᠢ ᠨᠢ ᠵᠠᠷᠯᠢᠭᠳᠠᠵᠤ ᠴᠡᠭᠴᠡᠯᠡᠨ ᠰᠠᠶᠢᠵᠢᠷᠠᠭᠤᠯᠵᠤ᠂ 9 ᠶᠢ ᠨᠢ ᠬᠡᠷᠡᠭ ᠪᠣᠯᠭᠠᠨ ᠳᠡᠩᠰᠡᠯᠡᠨ ᠰᠢᠳᠭᠡᠵᠦ᠂ 42.7258 ᠲᠦᠮᠡᠨ ᠲᠥᠭᠦᠷᠢᠭ ᠤᠨ ᠵᠣᠭᠤᠰ ᠢᠶᠠᠷ ᠲᠣᠷᠭᠠᠵᠤ᠂ 2 ᠢ ᠨᠢ ᠬᠡᠷᠡᠭ ᠪᠣᠯᠭᠠᠨ ᠳᠡᠩᠰᠡᠯᠡᠵᠦ ᠲᠠᠩᠨᠠᠨ ᠪᠠᠶᠢᠴᠠᠭᠠᠵᠤ᠂ 2 ᠨᠢᠭᠡᠴᠡ᠂ 13 ᠬᠥᠮᠥᠨ ᠠᠴᠠ ᠬᠠᠷᠢᠭᠤᠴᠠᠯᠭ᠎ᠠ ᠨᠡᠬᠡᠮᠵᠢᠯᠡᠵᠦ᠂ 11 ᠬᠥᠮᠥᠨ ︵ᠡᠭᠦᠨ ᠳᠤ 1 ᠬᠥᠮᠥᠨ ᠳᠤ ᠵᠠᠰᠠᠭ ᠵᠠᠬᠢᠷᠭᠠᠨ ᠤ ᠰᠠᠭᠠᠲᠠᠭᠠᠨ ᠦᠯᠡᠳᠡᠭᠡᠬᠦ ᠠᠷᠭ᠎ᠠ ᠬᠡᠮᠵᠢᠶ᠎ᠡ ᠠᠪᠴᠠᠢ︶ ᠢ ᠬᠡᠷᠡᠭ ᠪᠣᠯᠭᠠᠨ ᠳᠠᠩᠰᠠᠯᠠᠨ ᠬᠢᠨᠠᠵᠤ ᠪᠠᠶᠢᠴᠠᠭᠠᠵᠤ᠂ 11 ᠬᠥᠮᠥᠨ ᠢ ᠬᠡᠷᠡᠭ ᠪᠣᠯᠭᠠᠨ ᠳᠠᠩᠰᠠᠯᠠᠵᠤ ᠲᠠᠩᠨᠠᠨ ᠪᠠᠶᠢᠴᠠᠭᠠᠵᠤ ᠡᠷᠡᠭᠦᠦ ᠶᠢᠨ ᠬᠡᠷᠡᠭ ᠢᠶᠠᠷ ᠲᠦᠷ ᠬᠤᠷᠢᠪᠠ᠃
ᠬᠤᠯᠪᠣᠭᠳᠠᠯ ᠪᠦᠬᠦᠢ ᠬᠡᠷᠡᠭ ᠢ ᠦᠷᠭᠦᠯᠵᠢᠯᠡᠨ ᠲᠥᠪ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠰᠢᠮᠳᠠᠭᠤᠯᠤᠨ ᠪᠠᠶᠢᠴᠠᠭᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠱᠠᠭᠠᠷᠳᠠᠯᠭ᠎ᠠ ᠶᠣᠰᠣᠭᠠᠷ ᠪᠠᠶᠢᠴᠠᠭᠠᠨ ᠰᠢᠢᠳᠪᠦᠷᠢᠯᠡᠵᠦ ᠴᠡᠭᠴᠡᠯᠡᠨ ᠰᠠᠶᠢᠵᠢᠷᠠᠭᠤᠯᠤᠨ᠎ᠠ᠃