ᠵᠤᠬᠢᠶᠠᠭᠴᠢ:
ᠴᠠᠭ:2022-05-09
ᠥᠵᠡᠭᠰᠡᠨ : ℃
ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ》
ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠨᠠᠮ ᠤᠨ ᠬᠤᠷᠢᠳᠤᠭᠠᠷ ᠶᠡᠭᠡ ᠬᠤᠷᠠᠯ ᠳᠤ ᠣᠷᠣᠯᠴᠠᠬᠤ ᠲᠥᠯᠥᠭᠡᠯᠡᠭᠴᠢ ᠶᠢ ᠰᠣᠩᠭᠤᠨ ᠭᠠᠷᠭᠠᠪᠠ ᠰᠢ ᠶᠢᠨ ᠫᠢᠩ ᠪᠦᠷᠢᠨ ᠪᠢᠯᠧᠲ ᠢᠶᠠᠷ ᠰᠣᠩᠭᠤᠭᠳᠠᠵᠠᠢ
ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠨᠠᠮ ᠤᠨ ᠬᠤᠷᠢᠳᠤᠭᠠᠷ ᠶᠡᠭᠡ ᠬᠤᠷᠠᠯ ᠳᠤ ᠣᠷᠣᠯᠴᠠᠬᠤ ᠲᠥᠯᠥᠭᠡᠯᠡᠭᠴᠢ ᠶᠢ ᠰᠣᠩᠭᠤᠨ ᠭᠠᠷᠭᠠᠪᠠ
ᠰᠢ ᠶᠢᠨ ᠫᠢᠩ ᠪᠦᠷᠢᠨ ᠪᠢᠯᠧᠲ ᠢᠶᠠᠷ ᠰᠣᠩᠭᠤᠭᠳᠠᠵᠠᠢ
ᠰᠢᠨᠬᠤᠸᠠ ᠬᠤᠷᠢᠶᠠᠨ ᠤ ᠨᠠᠨᠨᠢᠩ ᠤᠨ 4 ᠳ᠋ᠦ᠋ᠭᠡᠷ ᠰᠠᠷ᠎ᠠ ᠶᠢᠨ 22 ᠤᠨ ᠴᠠᠬᠢᠯᠭᠠᠨ ᠮᠡᠳᠡᠭᠡ ︵ᠰᠤᠷᠪᠤᠯᠵᠢᠯᠠᠭᠴᠢ ᠬᠤᠸᠠᠩ ᠴᠢᠩ ᠭᠠᠩ︶ 2022 4 ᠳ᠋ᠦ᠋ᠭᠡᠷ ᠰᠠᠷ᠎ᠠ ᠶᠢᠨ 21 — 22 ᠤᠨ ᠡᠳᠦᠷ ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠲᠥᠯᠥᠭᠡᠯᠡᠭᠴᠢᠳ ᠤᠨ ᠬᠤᠷᠠᠯ ᠨᠠᠨᠨᠢᠩ ᠳᠤ ᠬᠤᠷᠠᠯᠳᠤᠵᠤ᠂ ᠬᠤᠷᠠᠯ ᠠᠴᠠ ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠳᠤᠭᠠᠷ ᠶᠡᠭᠡ ᠬᠤᠷᠠᠯ ᠳᠤ ᠣᠷᠣᠯᠴᠠᠬᠤ ᠲᠥᠯᠥᠭᠡᠯᠡᠭᠴᠢ ᠶᠢ ᠰᠣᠩᠭᠤᠨ ᠭᠠᠷᠭᠠᠪᠠ᠃ ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠰᠣᠩᠭᠤᠭᠤᠯᠢ ᠳᠤ ᠣᠷᠣᠯᠴᠠᠭᠰᠠᠨ ᠨᠠᠮ ᠤᠨ ᠲᠥᠪ ᠬᠤᠷᠢᠶ᠎ᠠ ᠠᠴᠠ ᠨᠡᠷ᠎ᠡ ᠳᠤᠷᠠᠳᠤᠭᠰᠠᠨ ᠲᠥᠯᠥᠭᠡᠯᠡᠭᠴᠢ ᠶᠢᠨ ᠵᠢᠱᠢᠭᠳᠡᠭᠴᠢ ᠰᠢ ᠶᠢᠨ ᠫᠢᠩ ᠨᠥᠬᠦᠷ ᠪᠦᠷᠢᠨ ᠪᠢᠯᠧᠲ ᠢᠶᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠲᠥᠯᠥᠭᠡᠯᠡᠭᠴᠢ ᠪᠠᠷ ᠰᠣᠩᠭᠤᠭᠳᠠᠪᠠ᠃
22 ᠤᠨ ᠦᠳᠡ ᠶᠢᠨ ᠡᠮᠦᠨ᠎ᠡ᠂ ᠶᠡᠭᠡ ᠬᠤᠷᠠᠯ ᠵᠢᠩᠬᠢᠨᠢ ᠪᠠᠷ ᠰᠣᠩᠭᠤᠭᠤᠯᠢ ᠶᠠᠪᠤᠭᠤᠯᠪᠠ᠃ ᠶᠡᠭᠡ ᠬᠤᠷᠠᠯ ᠠᠴᠠ ᠰᠢ ᠶᠢᠨ ᠫᠢᠩ ᠨᠥᠬᠦᠷ ᠰᠣᠩᠭᠤᠭᠤᠯᠢ ᠳᠤ ᠪᠦᠷᠢᠨ ᠪᠢᠯᠧᠲ ᠢᠶᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠲᠥᠯᠥᠭᠡᠯᠡᠭᠴᠢ ᠪᠠᠷ ᠰᠣᠩᠭᠤᠭᠳᠠᠵᠠᠢ ᠭᠡᠵᠦ ᠨᠡᠶᠢᠲᠡᠯᠡᠬᠦ ᠦᠶᠡᠰ ᠲᠠᠯᠠᠪᠠᠢ ᠳᠠᠶᠠᠭᠠᠷ ᠤᠳᠠᠲᠠᠯ᠎ᠠ ᠠᠯᠠᠭ᠎ᠠ ᠲᠠᠰᠢᠬᠤ ᠲᠠᠭᠤᠨ ᠨᠢᠵᠢᠭᠢᠨᠡᠪᠡ᠃
ᠲᠥᠯᠥᠭᠡᠯᠡᠭᠴᠢᠳ᠂ ᠶᠡᠷᠦᠩᠬᠡᠢ ᠱᠦᠵᠢ ᠰᠢ ᠶᠢᠨ ᠫᠢᠩ ᠪᠦᠷᠢᠨ ᠪᠢᠯᠧᠲ ᠢᠶᠠᠷ ᠬᠤᠷᠢᠳᠤᠭᠠᠷ ᠶᠡᠭᠡ ᠬᠤᠷᠠᠯ ᠤᠨ ᠲᠥᠯᠥᠭᠡᠯᠡᠭᠴᠢ ᠪᠠᠷ ᠰᠣᠩᠭᠤᠭᠳᠠᠭᠰᠠᠨ ᠶᠠᠪᠤᠳᠠᠯ ᠪᠣᠯ ᠭᠤᠸᠠᠩᠰᠢ ᠶᠢᠨ 250 ᠭᠠᠷᠤᠢ ᠲᠦᠮᠡᠨ ᠨᠠᠮ ᠤᠨ ᠭᠡᠰᠢᠭᠦᠨ᠂ 15 ᠲᠦᠮᠡ ᠭᠠᠷᠤᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠮᠲᠤ ᠶᠢᠨ ᠬᠦᠰᠡᠯ ᠡᠷᠡᠮᠡᠯᠵᠡᠯ ᠪᠤᠯᠤᠨ᠎ᠠ᠂ ᠭᠤᠸᠠᠩᠰᠢ ᠶᠢᠨ ᠦᠨᠳᠦᠰᠦᠲᠡᠨ ᠨᠦᠭᠦᠳ ᠤᠨ 5700 ᠲᠦᠮᠡᠨ ᠺᠠᠳ᠋ᠷ ᠤᠯᠠᠨ ᠲᠦᠮᠡᠨ ᠤ ᠶᠡᠷᠦᠩᠬᠡᠢ ᠱᠦᠵᠢ ᠰᠢ ᠶᠢᠨ ᠫᠢᠩ ᠢ ᠴᠢᠩ ᠰᠡᠳᠭᠢᠯ ᠠᠴᠠ ᠪᠠᠨ ᠬᠠᠶᠢᠷᠠᠯᠠᠨ ᠬᠦᠨᠳᠦᠳᠭᠡᠵᠦ ᠪᠠᠶᠢᠬᠤ ᠶᠢ ᠭᠦᠢᠴᠡᠳ ᠬᠠᠷᠠᠭᠤᠯᠵᠤ ᠪᠠᠶᠢᠨ᠎ᠠ᠂ ᠲᠦᠭ ᠲᠦᠮᠡᠨ ᠠᠷᠠᠳ ᠲᠦᠮᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠵᠠᠮᠴᠢᠯᠠᠭᠴᠢ ᠪᠠᠨ ᠰᠠᠯᠤᠯ ᠦᠭᠡᠢ ᠲᠠᠭᠠᠵᠤ ᠴᠤᠭ ᠪᠠᠳᠠᠷᠠᠩᠭᠤᠢ ᠪᠠᠷ ᠡᠷᠡᠮᠡᠬᠡᠶᠢᠯᠡᠨ ᠠᠵᠢᠯᠯᠠᠬᠤ᠂ ᠨᠡᠩ ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠬᠤ ᠬᠠᠮᠲᠤ ᠶᠢᠨ ᠰᠡᠳᠭᠢᠯ ᠤᠨ ᠳᠠᠭᠤᠨ ᠪᠠ ᠴᠢᠩᠭ᠎ᠠ ᠬᠦᠰᠡᠯ ᠡᠷᠡᠮᠡᠯᠵᠡᠯ ᠢ ᠲᠤᠰᠬᠠᠵᠠᠢ ᠭᠡᠵᠦ ᠦᠵᠡᠵᠡᠭᠡᠪᠡ᠃
ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠲᠥᠯᠥᠭᠡᠯᠡᠭᠴᠢᠳ ᠤᠨ ᠬᠤᠷᠠᠯ ᠤᠨ ᠲᠥᠯᠥᠭᠡᠯᠡᠭᠴᠢ᠂ ᠯᠢᠩ ᠶᠦᠨ ᠰᠢᠶᠠᠨ ᠤ ᠢᠦᠢ ᠬᠤᠩ ᠰᠢᠶᠠᠩ ᠤᠨ ᠵᠢᠶᠠᠩ ᠭᠧᠩ ᠼᠦᠨ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠤ ᠠᠷᠠᠳ ᠤᠨ ᠵᠥᠪᠯᠡᠯ ᠤᠨ ᠡᠷᠬᠢᠯᠡᠭᠴᠢ ᠶᠠ ᠬᠠᠨ ᠸᠧᠨ᠄ 《ᠶᠡᠷᠦᠩᠬᠡᠢ ᠱᠦᠵᠢ ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠢᠮᠠᠭᠲᠠ ᠰᠡᠳᠬᠢᠯ ᠳᠡᠭᠡᠨ ᠪᠤᠳᠤᠳᠠᠭ᠃ ᠪᠢ ᠥᠷᠭᠡᠨ ᠤᠯᠠᠨ ᠦᠨᠳᠦᠰᠦᠨ ᠱᠠᠲᠤᠨ ᠤ ᠨᠠᠮ ᠤᠨ ᠭᠡᠰᠢᠭᠦᠨ ᠢ ᠲᠥᠯᠥᠭᠡᠯᠡᠨ ᠠᠷᠢᠭᠤᠨ ᠲᠠᠷᠬᠠᠨ ᠨᠢᠭᠡ ᠪᠢᠯᠧᠲ ᠢ ᠥᠭᠭᠦᠭᠰᠡᠨ ᠳᠡᠭᠡᠨ ᠲᠤᠶᠢᠯ ᠤᠨ ᠢᠷᠠᠭᠤ ᠠᠯᠳᠠᠷᠲᠠᠢ ᠪᠥᠭᠡᠳ ᠣᠮᠣᠭᠰᠢᠯᠲᠠᠢ ᠰᠠᠨᠠᠭᠳᠠᠵᠤ ᠪᠠᠶᠢᠨ᠎ᠠ᠃ ᠶᠡᠷᠦᠩᠬᠡᠢ ᠱᠦᠵᠢ ᠶᠢᠨ ᠪᠦᠷᠢᠨ ᠪᠢᠯᠧᠲ ᠢᠶᠠᠷ ᠰᠣᠩᠭᠤᠭᠳᠠᠭᠰᠠᠨ ᠢ ᠰᠣᠨᠣᠰᠤᠭᠠᠳ᠂ ᠪᠢ ᠲᠤᠶᠢᠯ ᠢᠶᠠᠷ ᠰᠡᠳᠭᠢᠯ ᠳᠣᠭᠳᠣᠯᠵᠤ᠂ ᠶᠡᠬᠡᠳᠡ ᠵᠣᠷᠢᠭᠵᠢᠵᠤ᠂ ᠡᠨᠡᠬᠦ ᠴᠢᠬᠤᠯᠠ ᠲᠡᠦᠬᠡᠨ ᠴᠠᠭ ᠮᠥᠴᠡ ᠶᠢ ᠭᠡᠷᠡᠴᠢᠯᠡᠭᠰᠡᠨ ᠳᠡᠭᠡᠨ ᠮᠠᠰᠢ ᠠᠵᠠ ᠲᠠᠢ ᠰᠠᠨᠠᠭᠳᠠᠵᠤ ᠪᠠᠶᠢᠨ᠎ᠠ᠃ ᠪᠢ ᠦᠷᠭᠦᠯᠵᠢᠯᠡᠨ ᠲᠣᠰᠬᠤᠨ ᠤ ᠠᠷᠠᠳ ᠢᠶᠠᠨ ᠳᠠᠭᠠᠭᠤᠯᠤᠨ ᠤᠨᠴᠠᠯᠢᠬᠳᠤ ᠳᠠᠷᠢᠵᠤ ᠲᠡᠵᠢᠭᠡᠬᠦ ᠦᠢᠯᠡᠰ ᠢ ᠬᠥᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯ ᠳᠠᠶᠢᠯᠠᠯᠳᠤᠭᠠᠨ ᠤ ᠲᠠᠯᠠᠪᠤᠷ ᠲᠤ ᠬᠦᠴᠦᠨ ᠴᠢᠳᠠᠯ ᠢᠶᠠᠨ ᠡᠷᠭᠦᠨ᠎ᠡ》 ᠭᠡᠪᠡ᠃
ᠥᠪᠡᠷᠲᠡᠭᠡᠨ ᠵᠠᠰᠠᠬᠤ ᠣᠷᠣᠨ ᠤ ᠨᠠᠮ ᠤᠨ ᠲᠥᠯᠥᠭᠡᠯᠡᠭᠴᠢᠳ ᠤᠨ ᠬᠤᠷᠠᠯ ᠤᠨ ᠲᠥᠯᠥᠭᠡᠯᠡᠭᠴᠢ᠂ ᠯᠢᠦ ᠵᠧᠦ ᠶᠢᠨ ᠪᠤᠯᠤᠳ ᠲᠡᠮᠦᠷ ᠤᠨ ᠬᠤᠪᠢᠴᠠᠭᠠᠳᠤ ᠬᠢᠵᠠᠭᠠᠷᠲᠤ ᠺᠣᠮᠫᠠᠨᠢ ᠶᠢᠨ ᠰᠢᠲᠠᠭᠠᠨ ᠪᠠᠷᠢᠯᠳᠤᠭᠤᠯᠬᠤ ᠦᠢᠯᠡᠳᠪᠦᠷᠢ ᠶᠢᠨ ᠠᠦ᠋ᠲ᠋ᠣᠴᠢᠯᠠᠭᠰᠠᠨ ᠲᠠᠰᠤᠭ ᠤᠨ ᠡᠷᠬᠢᠯᠡᠭᠴᠢ ᠸᠧᠢ ᠯᠢᠦ ᠴᠠᠨ᠄ 《ᠤᠯᠠᠨ ᠲᠦᠮᠡᠨ ᠤ ᠠᠮᠢᠳᠤᠷᠠᠯ ᠤᠨ ᠪᠤᠶᠠᠨ ᠵᠢᠷᠭᠠᠯ ᠪᠣᠯ ᠶᠡᠷᠦᠩᠬᠡᠢ ᠱᠦᠵᠢ ᠶᠢᠨ ᠬᠤᠪᠢᠷᠠᠰᠢ ᠦᠭᠡᠢ ᠰᠠᠨᠠᠭᠠᠰᠢᠷᠠᠯ ᠪᠣᠯᠤᠨ᠎ᠠ᠃ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠷᠠᠳ ᠤᠯᠠᠨ ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ᠂ ᠤᠤᠭᠤᠬᠤ ᠤᠰᠤ ᠵᠡᠷᠭᠡ ᠲᠠᠯ᠎ᠠ ᠪᠠᠷ ᠦᠨᠡᠨ ᠬᠦ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠢ ᠬᠦᠷᠳᠡᠪᠡ᠃ ᠶᠡᠷᠦᠩᠬᠡᠢ ᠱᠦᠵᠢ ᠶᠢᠨ ᠲᠠᠭᠠᠭᠤᠯᠭ᠎ᠠ ᠳᠣᠣᠷ᠎ᠠ᠂ ᠤᠯᠠᠨ ᠢᠶᠠᠷ ᠢᠶᠠᠨ ᠯᠠᠪᠲᠠᠢ ᠨᠡᠩ ᠵᠣᠯ ᠵᠢᠷᠭᠠᠯ ᠲᠠᠢ᠂ ᠨᠡᠩ ᠬᠦᠰᠡᠯ ᠡᠷᠡᠮᠡᠯᠵᠡᠯ ᠲᠠᠢ ᠠᠮᠢᠳᠤᠷᠠᠬᠤ ᠪᠤᠯᠤᠨ᠎ᠠ᠃ ᠭᠠᠭᠴᠠ ᠬᠦ ᠬᠠᠨᠴᠤᠢ ᠰᠢᠮᠠᠯᠠᠨ ᠴᠢᠷᠮᠠᠶᠢᠨ ᠠᠵᠢᠯᠯᠠᠪᠠᠯ ᠶᠡᠷᠦᠩᠬᠡᠢ ᠱᠦᠵᠢ ᠶᠢᠨ ᠬᠦᠰᠡᠯ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠶᠢᠵᠤ ᠴᠢᠳᠠᠨ᠎ᠠ》 ᠭᠡᠵᠡᠢ᠃
ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠭᠤᠸᠠᠩᠰᠢ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠣᠲᠣᠨᠣ ᠪᠠᠷ ᠬᠠᠯᠠᠮᠵᠢᠯᠠᠵᠤ᠂ ᠤᠯᠠᠨ ᠤᠳᠠᠭ᠎ᠠ ᠴᠢᠬᠤᠯᠠ ᠵᠢᠭᠠᠪᠤᠷᠢ ᠴᠣᠬᠤᠯᠠᠪᠤᠷᠢ ᠥᠭᠴᠡᠢ᠃ ᠨᠢᠳᠤᠨᠤᠨ ᠤ 4 ᠳ᠋ᠦ᠋ᠭᠡᠷ ᠰᠠᠷ᠎ᠠ ᠳᠤ᠂ ᠶᠡᠷᠦᠩᠬᠡᠶ ᠱᠦᠵᠢ ᠭᠤᠸᠠᠩᠰᠢ ᠳᠤ ᠳᠠᠬᠢᠨᠲᠠ ᠰᠢᠨᠵᠢᠯᠡᠨ ᠪᠠᠶᠢᠴᠠᠭᠠᠬᠤ ᠳᠠᠭᠠᠨ᠂ ᠭᠤᠸᠠᠩᠰᠢ ᠶᠢᠨ ᠪᠥᠬᠦ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠠᠬᠢ 《ᠳᠥᠷᠪᠡᠨ ᠲᠣᠪᠣᠶᠢᠮ᠎ᠠ ᠣᠨᠴᠠᠯᠢᠭ》 ᠢ ᠨᠠᠷᠢᠯᠢᠭ ᠣᠨᠣᠪᠴᠢᠲᠠᠶ ᠬᠤᠷᠢᠶᠠᠩᠭᠤᠶᠢᠯᠠᠵᠤ᠂ 《ᠳᠥᠷᠪᠡᠨ ᠰᠢᠨ᠎ᠡ》 ᠶᠡᠷᠦᠩᠬᠡᠶ ᠱᠠᠭᠠᠷᠳᠠᠯᠭ᠎ᠠ ᠶᠣᠰᠣᠭᠠᠷ᠂ ᠳᠥᠷᠪᠡᠨ ᠲᠠᠯ᠎ᠠ ᠶᠢᠨ ᠴᠢᠬᠤᠯᠠ ᠠᠵᠢᠯ ᠢ ᠲᠣᠪᠣᠶᠢᠮ᠎ᠠ ᠰᠠᠶᠢᠲᠤᠷ ᠠᠳᠬᠤᠵᠤ᠂ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠦᠷᠯᠢᠭ ᠦᠵᠡᠰᠭᠦᠯᠡᠩᠲᠤ ᠭᠤᠸᠠᠩᠰᠢ ᠶᠢ ᠪᠥᠲᠥᠭᠡᠨ ᠪᠠᠶᠢᠭᠤᠯᠬᠤ ᠬᠡᠷᠡᠭᠲᠡᠶ ᠭᠡᠵᠦ ᠱᠠᠭᠠᠷᠳᠠᠪᠠ᠃ 《ᠰᠢᠨ᠎ᠡ ᠴᠠᠭ ᠦᠶ᠎ᠡ ᠳᠤ ᠣᠷᠣᠵᠤ᠂ ᠰᠢᠨ᠎ᠡ ᠠᠶᠠᠨ ᠳᠤ ᠮᠣᠷᠳᠠᠬᠤ ᠳᠤ᠂ ᠶᠡᠷᠦᠩᠬᠡᠢ ᠱᠦᠵᠢ ᠰᠢ ᠶᠢᠨ ᠫᠢᠩ ᠵᠠᠯᠠᠭᠤᠷ ᠢ ᠡᠵᠡᠮᠳᠡᠵᠤ ᠠᠶᠠᠯᠠᠯ ᠢ ᠵᠢᠯᠤᠭᠤᠳᠴᠤ ᠪᠠᠶᠢᠨ᠎ᠠ᠂ ᠨᠡᠩ ᠰᠦᠷ ᠳᠠᠯᠠᠶᠢᠴᠠᠲᠠᠢ ᠴᠠᠭ ᠦᠶ᠎ᠡ ᠶᠢᠨ ᠠᠤᠭ᠎ᠠ ᠬᠦᠴᠦᠨ ᠢ ᠨᠢᠭᠲᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠥᠨᠳᠥᠷ ᠰᠦᠷᠯᠢᠭ ᠲᠤᠮᠤ ᠬᠥᠯᠭᠡ ᠣᠩᠭᠤᠴᠠ ᠶᠢ ᠬᠦᠳᠦᠯᠦᠨ ᠳᠠᠭᠠᠭᠤᠯᠵᠤ ᠭᠡᠷᠡᠯ ᠰᠠᠴᠤᠷᠠᠩᠭᠤᠢ ᠲᠡᠷᠲᠡᠭᠡ ᠡᠷᠭᠢ ᠳᠤ ᠬᠦᠷᠭᠡᠬᠦ ᠨᠢ ᠯᠠᠪᠲᠠᠢ ᠶᠤᠮ》 ᠭᠡᠵᠦ ᠲᠥᠯᠥᠭᠡᠯᠡᠭᠴᠢᠳ ᠢᠲᠡᠭᠡᠯ ᠲᠡᠭᠦᠯᠳᠡᠷ ᠢᠶᠠᠷ ᠬᠡᠯᠡᠵᠡᠭᠡᠪᠡ᠃
《ᠶᠡᠷᠦᠩᠬᠡᠢ ᠱᠦᠵᠢ ᠪᠦᠷᠢᠨ ᠪᠢᠯᠧᠲ ᠢᠶᠠᠷ ᠰᠣᠩᠭᠤᠭᠳᠠᠭᠰᠠᠨ ᠨᠢ ᠠᠷᠠᠳ ᠤᠨ ᠰᠡᠳᠭᠢᠯ ᠤᠨ ᠬᠠᠨᠳᠤᠰᠢ᠂ ᠤᠯᠠᠨ ᠤ ᠬᠦᠰᠡᠯ ᠰᠠᠨᠠᠭ᠎ᠠ ᠪᠤᠯᠬᠤ ᠶᠤᠮ᠃
ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠭᠤᠸᠠᠩᠰᠢ ᠳᠤ ᠯᠤᠲᠤ ᠶᠡᠭᠡ ᠬᠤᠪᠢᠷᠠᠯᠲᠠ ᠭᠠᠷᠴᠠᠢ》᠃ ᠥᠪᠡᠷᠲᠡᠭᠡᠨ ᠵᠠᠰᠠᠬᠤ ᠣᠷᠣᠨ ᠤ ᠨᠠᠮ ᠤᠨ ᠲᠥᠯᠥᠭᠡᠯᠡᠭᠴᠢᠳ ᠤᠨ ᠬᠤᠷᠠᠯ ᠤᠨ ᠲᠥᠯᠥᠭᠡᠯᠡᠭᠴᠢ᠂ ᠨᠠᠨᠨᠢᠩ ᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ᠂ ᠰᠤᠷᠭᠠᠭᠤᠯᠢ ᠶᠢᠨ ᠳᠡᠳ᠋ ᠵᠠᠬᠢᠷᠤᠯ ᠰᠢᠤᠢ ᠬᠤᠸᠠ᠂ ᠬᠤᠶᠢᠰᠢᠳᠠ ᠲᠤᠬᠠᠶᠢᠯᠠᠭᠰᠠᠨ ᠠᠵᠢᠯ ᠢᠶᠠᠨ ᠦᠷᠭᠦᠯᠵᠢᠯᠡᠨ ᠰᠠᠶᠢᠲᠤᠷ ᠬᠢᠵᠦ᠂ ᠦᠨᠳᠦᠰᠦᠲᠡᠨ ᠤ ᠭᠠᠵᠠᠷ ᠣᠷᠣᠨ ᠤ ᠰᠤᠷᠭᠠᠨ ᠬᠥᠮᠦᠵᠢᠯ ᠤᠨ ᠦᠶᠯᠡᠰ ᠢ ᠠᠬᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠬᠡᠯᠡᠪᠡ᠃
ᠲᠥᠯᠥᠭᠡᠯᠡᠭᠴᠢᠳ᠂ 《ᠬᠤᠶᠠᠷ ᠢ ᠲᠣᠭᠲᠠᠭᠠᠭᠰᠠᠨ》 ᠰᠢᠢᠳᠪᠦᠷᠢᠯᠡᠬᠦ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ 《ᠬᠤᠶᠠᠷ ᠢ ᠬᠠᠮᠠᠭᠠᠯᠠᠬᠤ》 ᠶᠢ ᠡᠷᠡᠰ ᠪᠡᠶᠡᠯᠡᠭᠦᠯᠵᠦ᠂ ᠭᠤᠣᠯᠯᠠᠭᠴᠢ ᠳᠠᠭᠠᠨ ᠦᠨᠡᠨᠴᠢ ᠪᠠᠶᠢᠵᠤ᠂ ᠭᠤᠣᠯᠯᠠᠭᠴᠢ ᠪᠠᠨ ᠬᠠᠶᠢᠷᠠᠯᠠᠵᠤ᠂ ᠭᠤᠣᠯᠯᠠᠭᠴᠢ ᠪᠠᠨ ᠬᠠᠮᠠᠭᠠᠯᠠᠵᠤ᠂ ᠭᠤᠣᠯᠯᠠᠭᠴᠢ ᠪᠠᠨ ᠬᠦᠷᠢᠶᠡᠯᠡᠵᠤ᠂ ᠶᠡᠷᠦᠩᠬᠡᠢ ᠱᠦᠵᠢ ᠰᠢ ᠶᠢᠨ ᠫᠢᠩ ᠤᠨ ᠬᠠᠯᠠᠮᠵᠢᠯᠠᠯ ᠪᠣᠯᠤᠨ ᠵᠣᠷᠢᠭᠵᠢᠭᠤᠯᠤᠯ ᠢ ᠠᠵᠢᠯ ᠬᠢᠵᠦ ᠦᠢᠯᠡᠰ ᠪᠤᠰᠬᠠᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠢᠳᠡᠷᠬᠡᠭ ᠠᠯᠬᠤᠭ᠎ᠠ ᠪᠠᠷ ᠤᠷᠤᠭᠰᠢᠯᠠᠨ᠎ᠠ ᠭᠡᠵᠦ ᠢᠯᠡᠳᠭᠡᠵᠡᠭᠡᠪᠡ᠃