ᠵᠤᠬᠢᠶᠠᠭᠴᠢ: ᠴᠠᠭ:2022-05-13 ᠥᠵᠡᠭᠰᠡᠨ : ᠢᠷᠡᠯᠲᠡ:  《ᠥᠪᠥᠷ ᠮᠣᠩᠭᠤᠯ ᠤᠨ ᠡᠳᠦᠷ ᠤᠨ ᠰᠣᠨᠢᠨ》  
ᠰᠢ ᠶᠢᠨ ᠫᠢᠩ ᠭᠧᠷᠮᠠᠨ ᠤ ᠶᠡᠷᠦᠩᠬᠡᠢ ᠰᠠᠶᠢᠳ ᠱᠦᠸᠧᠷᠽᠢ ᠲᠠᠢ ᠸᠢᠳᠢᠣ᠋ ᠠᠭᠤᠯᠵᠠᠯᠲᠠ ᠬᠢᠪᠡ

 

ᠰᠢᠨᠬᠤᠸᠠ ᠬᠤᠷᠢᠶᠠᠨ ᠤ ᠪᠡᠭᠡᠵᠢᠩ ᠤᠨ 2022  5 ᠳ᠋ᠤᠭᠠᠷ ᠰᠠᠷ᠎ᠠ ᠶᠢᠨ 9 ᠤ  ᠴᠠᠬᠢᠯᠭᠠᠨ ᠮᠡᠳᠡᠭᠡ ᠤᠯᠤᠰ ᠤᠨ ᠲᠡᠷᠢᠭᠦᠯᠡᠭᠴᠢ ᠰᠢ ᠶᠢᠨ ᠫᠢᠩ 2022  5 ᠳ᠋ᠤᠭᠠᠷ ᠰᠠᠷ᠎ᠠ ᠶᠢᠨ 9 ᠤ ᠦᠳᠡ ᠶᠢᠨ ᠬᠤᠶᠢᠨ᠎ᠠ ᠭᠧᠷᠮᠠᠨ ᠤ ᠶᠡᠷᠦᠩᠬᠡᠢ ᠰᠠᠶᠢᠳ ᠱᠦᠸᠧᠷᠽᠢ ᠲᠠᠢ ᠸᠢᠳᠢᠣ᠋ ᠠᠭᠤᠯᠵᠠᠯᠲᠠ ᠬᠢᠪᠡ᠃

ᠰᠢ ᠶᠢᠨ ᠫᠢᠩ᠂ ᠣᠳᠣᠬᠠᠨ ᠳᠤ ᠳᠡᠯᠡᠬᠡᠢ ᠶᠢᠨ ᠪᠠᠶᠢᠳᠠᠯ ᠦᠷᠭᠦᠯᠵᠢᠯᠡᠨ ᠪᠤᠳᠤᠯᠢᠶᠠᠨᠲᠠᠢ ᠬᠤᠪᠢᠷᠠᠯᠲᠠ ᠭᠠᠷᠴᠤ᠂ ᠪᠦᠬᠦ ᠪᠥᠮᠪᠥᠷᠴᠡᠭ ᠤᠨ ᠠᠮᠤᠷ ᠲᠦᠪᠰᠢᠨ᠂ ᠬᠥᠭᠵᠢᠯᠲᠡ ᠳᠤ ᠲᠤᠯᠭᠠᠷᠠᠵᠤ ᠪᠠᠶᠢᠭ᠎ᠠ ᠬᠦᠴᠢᠷᠳᠡᠯ ᠪᠣᠯᠤᠨ ᠥᠷᠢᠰᠥᠯᠳᠦᠭᠡᠨ ᠢᠯᠡᠳᠲᠡ ᠨᠡᠮᠡᠭᠳᠡᠵᠦ᠂ ᠣᠷᠤᠭ᠎ᠠ ᠪᠤᠰᠬᠠᠭ᠎ᠠ ᠬᠤᠪᠢᠷᠠᠯᠲᠠ ᠲᠠᠢ ᠴᠠᠭ ᠦᠶ᠎ᠡ ᠳᠤ ᠨᠡᠩ ᠤᠯᠠᠨ ᠲᠣᠭᠲᠠᠪᠤᠷᠢᠲᠤ ᠴᠢᠨᠠᠷ ᠪᠣᠯᠤᠨ ᠲᠣᠭᠲᠠᠭᠠᠯᠲᠤ ᠴᠢᠨᠠᠷ ᠨᠡᠮᠡᠷᠢᠯᠡᠬᠦ ᠶᠢ ᠲᠤᠯᠭᠠᠮ ᠱᠠᠭᠠᠷᠳᠠᠵᠤ ᠪᠠᠶᠢᠨ᠎ᠠ᠃ ᠳᠤᠮᠳᠠᠳᠤ ᠤᠯᠤᠰ ᠪᠣᠯᠤᠨ ᠭᠧᠷᠮᠠᠨ ᠪᠣᠯ   ᠴᠢᠬᠤᠯᠠ ᠨᠥᠯᠥᠭᠡᠯᠡᠬᠦ ᠬᠦᠴᠦᠨ ᠲᠠᠢ ᠲᠣᠮᠣ ᠤᠯᠤᠰ ᠪᠣᠯᠤᠨ᠎ᠠ᠃ ᠣᠳᠣᠬᠠᠨ ᠤ ᠪᠠᠶᠢᠳᠠᠯ ᠳᠣᠣᠷ᠎ᠠ᠂ ᠨᠡᠩ ᠴᠦ ᠳᠤᠮᠳᠠᠳᠤ ᠭᠧᠷᠮᠠᠨ ᠬᠤᠶᠠᠷ ᠤᠯᠤᠰ ᠤᠨ ᠬᠠᠷᠢᠯᠴᠠᠭ᠎ᠠ ᠶᠢᠨ ᠡᠷᠡᠭᠦᠯ ᠲᠣᠭᠲᠠᠭᠤᠨ ᠬᠥᠭᠵᠢᠯᠲᠡ ᠶᠢ ᠪᠠᠲᠤᠯᠠᠵᠤ᠂ ᠳᠤᠮᠳᠠᠳᠤ ᠭᠧᠷᠮᠠᠨ ᠤ ᠬᠠᠷᠢᠯᠴᠠᠭ᠎ᠠ ᠶᠢᠨ ᠲᠣᠭᠲᠠᠭᠤᠨ ᠴᠢᠨᠠᠷ᠂ ᠪᠦᠲᠦᠭᠡᠯᠴᠢ ᠴᠢᠨᠠᠷ᠂ ᠬᠦᠳᠦᠯᠥᠨ ᠳᠠᠭᠠᠭᠤᠯᠬᠤ ᠴᠢᠨᠠᠷ ᠤᠨ ᠦᠢᠯᠡᠳᠦᠯ ᠢ ᠰᠠᠶᠢᠲᠤᠷ ᠪᠠᠳᠠᠷᠠᠭᠤᠯᠬᠤ ᠶᠢ ᠱᠠᠭᠠᠷᠳᠠᠵᠤ ᠪᠠᠶᠢᠨ᠎ᠠ᠂ ᠡᠨᠡ ᠨᠢ ᠬᠤᠶᠠᠷ ᠤᠯᠤᠰ ᠤᠨ ᠠᠷᠠᠳ ᠲᠦᠮᠡᠨ ᠳᠤ ᠠᠰᠢᠭᠲᠠᠢ ᠪᠠᠷ ᠪᠠᠷᠠᠬᠤ ᠦᠬᠡᠢ᠂ ᠳᠡᠯᠡᠬᠡᠢ ᠶᠢᠨ ᠡᠩᠬᠡ ᠲᠠᠶᠢᠪᠤᠩ ᠠᠮᠤᠷ ᠲᠣᠭᠲᠠᠭᠤᠨ ᠳᠤ ᠴᠤ ᠴᠢᠬᠤᠯᠠ ᠬᠤᠪᠢ ᠨᠡᠮᠡᠷᠢ ᠦᠵᠡᠭᠦᠯᠬᠦ ᠪᠣᠯᠤᠨ᠎ᠠ ᠭᠡᠵᠦ ᠵᠢᠭᠠᠵᠤ ᠭᠠᠷᠭᠠᠪᠠ᠃    

ᠰᠢ ᠶᠢᠨ ᠫᠢᠩ᠂ ᠥᠩᠭᠡᠷᠡᠭᠰᠡᠨ 50 ᠵᠢᠯ ᠤᠨ ᠲᠤᠷᠰᠢ᠂ ᠳᠤᠮᠳᠠᠳᠤ ᠭᠧᠷᠮᠠᠨ ᠤ ᠬᠠᠷᠢᠯᠴᠠᠭ᠎ᠠ ᠥᠨᠳᠥᠷ ᠲᠦᠪᠰᠢᠨ ᠪᠦᠬᠦᠢ ᠠᠵᠢᠯᠯᠠᠭᠠᠨ ᠢᠶᠠᠨ ᠪᠠᠲᠤᠯᠠᠵᠤ᠂ ᠬᠤᠶᠠᠷ ᠲᠠᠯ᠎ᠠ ᠪᠠᠷ ᠢᠶᠠᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠬᠦ ᠪᠠᠷ ᠲᠠᠮᠵᠢᠨ ᠬᠠᠮᠲᠤ ᠪᠠᠷ ᠬᠥᠭᠵᠢᠬᠦ᠂ ᠬᠠᠷᠢᠯᠴᠠᠨ ᠠᠮᠵᠢᠯᠲᠠ ᠳᠤ ᠬᠦᠷᠭᠡᠬᠦ ᠶᠢ ᠪᠡᠶᠡᠯᠡᠭᠦᠯᠪᠡ᠂ ᠵᠠᠩᠭᠢᠯᠠᠭ᠎ᠠ ᠨᠢ ᠬᠠᠷᠢᠯᠴᠠᠨ ᠬᠦᠨᠳᠦᠳᠭᠡᠬᠦ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠬᠦ ᠶᠢ ᠪᠠᠷᠢᠮᠲᠠᠯᠠᠭᠰᠠᠨ ᠳᠤ ᠪᠠᠶᠢᠨ᠎ᠠ᠂ ᠡᠨᠡ ᠬᠦ ᠡᠷᠬᠢᠮ ᠨᠠᠨᠳᠢᠨ ᠲᠤᠷᠰᠢᠯᠭ᠎ᠠ ᠪᠣᠯᠤᠨ ᠴᠢᠬᠤᠯᠠ ᠵᠠᠷᠴᠢᠮ ᠢ ᠢᠮᠠᠭᠲᠠ ᠪᠠᠷᠢᠮᠲᠠᠯᠠᠶ᠎ᠡ᠃ ᠳᠤᠮᠳᠠᠳᠤ ᠶᠢᠨ ᠲᠠᠯ᠎ᠠ ᠶᠢᠨ ᠬᠢᠨ ᠤ ᠳᠤᠮᠳᠠᠳᠤ ᠭᠧᠷᠮᠠᠨ ᠤ ᠬᠠᠷᠢᠯᠴᠠᠭ᠎ᠠ ᠶᠢ ᠬᠥᠭᠵᠢᠭᠦᠯᠬᠦ ᠤᠭ ᠰᠠᠨᠠᠭ᠎ᠠ ᠬᠤᠪᠢᠷᠠᠬᠤ ᠦᠭᠡᠢ᠂ ᠭᠧᠷᠮᠠᠨ ᠯᠤᠭ᠎ᠠ ᠬᠠᠮᠲᠤᠷᠠᠯᠴᠠᠭ᠎ᠠ ᠪᠠᠨ ᠴᠢᠩᠭᠠᠳᠬᠠᠬᠤ ᠴᠢᠩ ᠦᠨᠡᠨᠴᠢ ᠬᠦᠰᠡᠯ ᠬᠤᠪᠢᠷᠠᠬᠤ ᠦᠭᠡᠢ᠂ ᠳᠤᠮᠳᠠᠳᠤ ᠭᠧᠷᠮᠠᠨ ᠤ ᠨᠡᠩ ᠤᠯᠠᠨ ᠠᠴᠢ ᠬᠤᠯᠪᠣᠭᠳᠠᠯ ᠲᠠᠢ ᠶᠡᠭᠡ ᠶᠠᠪᠤᠳᠠᠯ ᠢ ᠬᠠᠮᠲᠤ ᠪᠠᠷ ᠪᠦᠲᠦᠭᠡᠬᠦ ᠢᠲᠡᠭᠡᠯ ᠬᠤᠪᠢᠷᠠᠬᠤ ᠦᠭᠡᠢ ᠶᠤᠮ᠃ ᠬᠤᠶᠠᠷ ᠲᠠᠯ᠎ᠠ ᠪᠠᠷ ᠢᠶᠠᠨ ᠶᠠᠷᠢᠯᠴᠠᠭ᠎ᠠ ᠬᠠᠮᠲᠤᠷᠠᠯᠴᠠᠭ᠎ᠠ ᠶᠢᠨ ᠭᠤᠣᠯ ᠬᠦᠭ ᠠᠶᠠᠰ ᠢ ᠪᠠᠷᠢᠮᠲᠠᠯᠠᠵᠤ᠂ ᠬᠤᠶᠠᠷ ᠲᠠᠯ᠎ᠠ ᠶᠢᠨ ᠶᠠᠷᠢᠯᠴᠠᠭ᠎ᠠ ᠬᠠᠮᠲᠤᠷᠠᠯᠴᠠᠭ᠎ᠠ ᠶᠢᠨ ᠲᠣᠭᠲᠠᠴᠠ ᠶᠢ ᠰᠠᠶᠢᠲᠤᠷ ᠠᠰᠢᠭᠯᠠᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠂ ᠬᠤᠷᠸ᠎ᠠ ᠠᠵᠤ ᠠᠬᠤᠢ ᠶᠢᠨ ᠲᠦᠷᠦ ᠶᠢᠨ ᠪᠤᠳᠤᠯᠭ᠎ᠠ᠂ ᠮᠥᠩᠭᠦᠨ ᠭᠦᠢᠯᠭᠡᠭᠡ ᠶᠢ ᠲᠣᠭᠲᠠᠭᠤᠨ ᠪᠠᠶᠢᠯᠭᠠᠬᠤ᠂ ᠡᠨᠧᠷᠭᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠲᠣᠭᠲᠠᠭᠤᠨ ᠪᠠᠶᠢᠯᠭᠠᠬᠤ ᠵᠡᠷᠭᠡ ᠡᠯ᠎ᠡ ᠬᠦᠷᠢᠶᠡᠨ ᠳᠤ ᠶᠠᠷᠢᠯᠴᠠᠭ᠎ᠠ ᠥᠷᠨᠢᠭᠦᠯᠵᠦ᠂ ᠳᠤᠮᠳᠠᠳᠤ ᠭᠧᠷᠮᠠᠨ ᠤ ᠬᠠᠷᠢᠯᠴᠠᠭᠠᠨ ᠤ ᠠᠭᠤᠯᠤᠭᠳᠠᠬᠤᠨ ᠢ ᠲᠠᠰᠤᠷᠠᠯᠳᠠ ᠦᠭᠡᠢ ᠪᠠᠶᠠᠯᠢᠭᠵᠢᠭᠤᠯᠪᠠᠯ ᠵᠣᠬᠢᠨ᠎ᠠ᠃ ᠬᠠᠷᠢᠯᠴᠠᠨ ᠠᠰᠢᠭᠲᠠᠢ ᠬᠠᠮᠲᠤᠷᠠᠯᠴᠠᠭᠠᠨ ᠤ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠪᠣᠬᠢᠷᠲᠤᠯ ᠦᠭᠡᠢ ᠣᠷᠴᠢᠨ ᠲᠣᠭᠤᠷᠢᠨ ᠤ ᠬᠠᠮᠠᠭᠠᠯᠠᠯᠲᠠ᠂ ᠦᠢᠯᠡᠴᠢᠯᠡᠭᠡᠨ ᠤ ᠠᠷᠠᠯᠵᠢᠶ᠎ᠠ᠂ ᠵᠣᠬᠢᠶᠠᠮᠠᠯ ᠤᠶᠤᠨ ᠴᠢᠳᠠᠪᠤᠷᠢ᠂ ᠲᠣᠭᠠᠴᠢᠯᠠᠯᠲᠠ ᠵᠡᠷᠭᠡ ᠰᠢᠨ᠎ᠡ ᠮᠡᠷᠭᠡᠵᠢᠯ ᠤᠨ ᠬᠦᠷᠢᠶᠡᠨ ᠤ ᠬᠠᠮᠲᠤᠷᠠᠯᠴᠠᠭ᠎ᠠ ᠶᠢ ᠢᠳᠡᠪᠬᠢᠲᠡᠢ ᠥᠷᠭᠡᠳᠭᠡᠶ᠎ᠡ᠃ ᠳᠤᠮᠳᠠᠳᠤ ᠤᠯᠤᠰ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠬᠤ ᠨᠢ ᠭᠧᠷᠮᠠᠨ ᠢ ᠪᠠᠭᠲᠠᠭᠠᠭᠰᠠᠨ ᠡᠯ᠎ᠡ ᠤᠯᠤᠰ ᠲᠤ ᠨᠡᠩ ᠥᠷᠭᠡᠨ ᠠᠭᠤᠳᠠᠮ ᠵᠠᠬ᠎ᠠ ᠳᠡᠯᠭᠡᠭᠦᠷ ᠤᠨ ᠠᠵᠠ ᠲᠣᠬᠢᠶᠠᠯ ᠬᠠᠩᠭᠠᠬᠤ ᠪᠣᠯᠤᠨ᠎ᠠ᠃ ᠵᠢᠩᠬᠢᠨᠢ ᠤᠯᠠᠨ ᠲᠠᠯᠠᠲᠤ ᠦᠵᠡᠯ ᠢ ᠰᠠᠨᠠᠭᠠᠴᠢᠯᠠᠵᠤ᠂ ᠤᠯᠠᠨ ᠤᠯᠤᠰ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠤᠯᠠᠨ ᠤᠯᠤᠰ ᠤᠨ ᠬᠡᠷᠡᠭ ᠶᠠᠪᠤᠳᠠᠯ ᠳᠠᠬᠢ ᠭᠤᠣᠯᠯᠠᠬᠤ ᠪᠠᠶᠢᠷᠢ ᠰᠠᠭᠤᠷᠢ ᠶᠢ ᠭᠠᠷ ᠬᠤᠯᠪᠣᠨ ᠬᠠᠮᠠᠭᠠᠯᠠᠵᠤ᠂ ᠤᠯᠠᠨ ᠤᠯᠤᠰ ᠤᠨ ᠬᠠᠷᠢᠴᠠᠭᠠᠨ ᠤ ᠦᠨᠳᠦᠰᠦᠨ ᠪᠠᠷᠢᠮᠵᠢᠶ᠎ᠡ ᠶᠢ ᠬᠠᠮᠠᠭᠠᠯᠠᠨ᠂ ᠨᠡᠭᠡᠭᠡᠯᠲᠡᠲᠦ ᠬᠡᠯᠪᠡᠷᠢ ᠶᠢᠨ ᠳᠡᠯᠡᠬᠡᠢ ᠶᠢᠨ ᠠᠵᠤ ᠠᠬᠤᠢ ᠶᠢ ᠪᠠᠶᠢᠭᠤᠯᠬᠤ ᠶᠢ ᠠᠬᠢᠭᠤᠯᠵᠤ᠂ ᠪᠦᠬᠦ ᠪᠥᠮᠪᠥᠷᠴᠡᠭ ᠤᠨ ᠲᠡᠩᠴᠡᠭᠦᠷᠢᠲᠡᠢ᠂ ᠵᠣᠬᠢᠴᠠᠩᠭᠤᠢ᠂ ᠪᠠᠭᠲᠠᠭᠠᠮᠵᠢᠲᠠᠢ ᠬᠥᠭᠵᠢᠯᠲᠡ ᠶᠢ ᠠᠬᠢᠭᠤᠯᠤᠶ᠎ᠡ᠃ ᠭᠧᠷᠮᠠᠨ ᠤ ᠬᠢᠨ ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠪᠣᠯᠤᠨ ᠪᠦᠬᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ ᠢᠳᠡᠪᠬᠢᠲᠡᠢ ᠳᠡᠮᠵᠢᠬᠦ ᠶᠢᠨ ᠬᠠᠮᠲᠤ ᠣᠷᠣᠯᠴᠠᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠶᠢ ᠪᠠᠶᠠᠷᠯᠠᠨ ᠤᠭᠲᠤᠵᠤ ᠪᠠᠶᠢᠨ᠎ᠠ ᠭᠡᠵᠦ ᠴᠢᠬᠤᠯᠠᠴᠢᠯᠠᠵᠠᠢ᠃

ᠰᠢ ᠶᠢᠨ ᠫᠢᠩ᠂ ᠳᠤᠮᠳᠠᠳᠤ ᠧᠦ᠋ᠷᠣᠫᠠ ᠪᠣᠯ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠮᠥᠨ᠂ ᠳᠤᠮᠳᠠᠳᠤ ᠧᠦ᠋ᠷᠣᠫᠠ ᠪᠣᠯ ᠬᠠᠷᠢᠯᠴᠠᠨ ᠲᠤᠰ ᠲᠤᠰ ᠤᠨ ᠢᠶᠠᠨ ᠬᠦᠭᠵᠢᠯᠲᠡ ᠶᠢᠨ ᠠᠵᠠ ᠲᠣᠬᠢᠶᠠᠯ ᠮᠥᠨ᠂ ᠳᠤᠮᠳᠠᠳᠤ ᠧᠦ᠋ᠷᠣᠫᠠ ᠶᠢᠨ ᠬᠠᠮᠲᠤ ᠶᠢᠨ ᠠᠰᠢᠭ ᠲᠤᠰᠠ ᠨᠢ ᠵᠥᠷᠢᠯᠳᠦᠭᠡᠨ ᠠᠴᠠ ᠬᠤᠯᠠ ᠶᠡᠭᠡ ᠶᠤᠮ᠃ ᠳᠤᠮᠳᠠᠳᠤ ᠶᠢᠨ ᠲᠠᠯ᠎ᠠ ᠧᠦ᠋ᠷᠣᠫᠠ ᠲᠢᠪ ᠤᠨ ᠤᠯᠤᠰ ᠤᠳ ᠤᠨ ᠬᠤᠯᠪᠣᠭ᠎ᠠ ᠶᠢᠨ ᠪᠠᠶᠢᠯᠳᠤᠬᠤ ᠪᠤᠳᠤᠯᠭ᠎ᠠ ᠶᠢᠨ ᠪᠡᠶ᠎ᠡ ᠪᠠᠨ ᠳᠠᠭᠠᠭᠠᠬᠤ ᠶᠢ ᠳᠡᠮᠵᠢᠨ᠎ᠠ᠃ ᠳᠤᠮᠳᠠᠳᠤ ᠧᠦ᠋ᠷᠣᠫᠠ ᠶᠢᠨ ᠬᠠᠷᠢᠯᠴᠠᠭ᠎ᠠ ᠨᠢ ᠵᠤᠷᠢᠭᠤᠳᠠ ᠬᠠᠨᠳᠤᠭᠤᠯᠬᠤ ᠦᠭᠡᠢ᠂ ᠲᠦᠰᠢᠭᠯᠡᠬᠦ ᠦᠭᠡᠢ᠂ ᠪᠠᠰᠠ ᠭᠤᠷᠪᠠᠳᠠᠭᠴᠢ ᠲᠠᠯ᠎ᠠ ᠳᠤ ᠬᠢᠵᠠᠭᠠᠷᠯᠠᠭᠳᠠᠬᠤ ᠦᠭᠡᠢ ᠶᠤᠮ᠃ ᠡᠨᠡ ᠪᠣᠯ ᠬᠤᠶᠠᠷ ᠲᠠᠯ᠎ᠠ ᠪᠠᠷ ᠢᠶᠠᠨ ᠤᠷᠳᠤ ᠬᠤᠭᠤᠴᠠᠭ᠎ᠠ ᠪᠠᠷ ᠪᠠᠷᠢᠮᠲᠠᠯᠠᠪᠠᠯ ᠵᠣᠬᠢᠬᠤ ᠪᠠᠶᠢᠯᠳᠤᠬᠤ ᠪᠤᠳᠤᠯᠭ᠎ᠠ ᠶᠢᠨ ᠬᠠᠮᠲᠤ ᠶᠢᠨ ᠲᠠᠨᠢᠯᠲᠠ ᠪᠣᠯᠤᠨ᠎ᠠ᠃ ᠬᠤᠶᠠᠷ ᠲᠠᠯ᠎ᠠ ᠪᠠᠷ ᠢᠶᠠᠨ ᠬᠤᠪᠢᠰᠤᠩᠭᠤᠢ᠂ ᠠᠯᠤᠰ ᠬᠡᠳᠤ ᠶᠢᠨ ᠬᠠᠷᠠᠴᠠ ᠶᠢ ᠪᠠᠷᠢᠮᠲᠠᠯᠠᠵᠤ᠂ ᠬᠠᠷᠢᠯᠴᠠᠨ ᠬᠦᠨᠳᠦᠳᠭᠡᠬᠦ ᠶᠢ ᠪᠠᠷᠢᠮᠲᠠᠯᠠᠵᠤ᠂ ᠵᠥᠪ ᠲᠠᠨᠢᠯᠲᠠ ᠶᠢ ᠪᠠᠲᠤ ᠰᠠᠬᠢᠵᠤ᠂ ᠤᠯᠤᠯᠴᠠᠭ᠎ᠠ ᠪᠠᠨ ᠴᠢᠩᠭᠠᠳᠬᠠᠵᠤ᠂ ᠢᠲᠡᠭᠡᠯᠴᠡᠭᠡ ᠪᠠᠨ ᠨᠡᠮᠡᠭᠳᠡᠭᠦᠯᠪᠡᠯ ᠵᠣᠬᠢᠨ᠎ᠠ᠃ ᠭᠠᠵᠠᠷ ᠤᠷᠤᠨ ᠢᠶᠠᠷ ᠰᠢᠯᠳᠠᠭᠠᠯᠠᠬᠳᠠᠬᠤ ᠤᠯᠤᠰ ᠲᠦᠷᠦ ᠶᠢᠨ ᠬᠢᠮᠤᠷᠠᠯ ᠤᠨ ᠡᠮᠦᠨ᠎ᠡ᠂ ᠶᠠᠷᠢᠯᠴᠠᠭ᠎ᠠ ᠪᠠ ᠬᠠᠮᠲᠤᠷᠠᠯᠴᠠᠭ᠎ᠠ ᠶᠢ ᠰᠠᠨᠠᠭᠠᠴᠢᠯᠠᠵᠤ᠂ ᠳᠤᠮᠳᠠᠳᠤ ᠧᠦ᠋ᠷᠣᠫᠠ ᠶᠢᠨ ᠬᠠᠷᠢᠯᠴᠠᠭᠠᠨ ᠤ ᠲᠣᠭᠲᠠᠪᠤᠷᠢᠲᠤ ᠴᠢᠨᠠᠷ ᠢᠶᠠᠷ ᠳᠡᠯᠡᠬᠡᠢ ᠶᠢᠨ ᠪᠠᠶᠢᠳᠠᠯ ᠤᠨ ᠨᠠᠷᠢᠨ ᠪᠤᠳᠤᠯᠢᠶᠠᠨᠲᠠᠢ ᠬᠤᠪᠢᠷᠠᠯᠲᠠ ᠶᠢ ᠠᠷᠭᠠᠴᠠᠶ᠎ᠠ︔ ᠬᠢᠵᠢᠭ ᠤᠨ ᠳᠠᠷᠠᠭᠠᠬᠢ ᠰᠡᠷᠭᠦᠯᠲᠡ ᠶᠢᠨ ᠬᠦᠴᠢᠷ ᠠᠰᠠᠭᠤᠳᠠᠯ ᠤᠨ ᠡᠮᠦᠨ᠎ᠡ᠂ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠵᠣᠯᠭᠠᠯᠴᠠᠭ᠎ᠠ ᠪᠠ ᠲᠦᠷᠦ ᠶᠢᠨ ᠪᠤᠳᠤᠯᠭ᠎ᠠ ᠶᠢᠨ ᠵᠣᠬᠢᠴᠠᠭᠤᠯᠭ᠎ᠠ ᠪᠠᠨ ᠴᠢᠩᠭᠠᠳᠬᠠᠵᠤ᠂ ᠳᠤᠮᠳᠠᠳᠤ ᠧᠦ᠋ᠷᠣᠫᠠ ᠶᠢᠨ ᠬᠠᠮᠲᠤᠷᠠᠯᠴᠠᠭᠠᠨ ᠤ ᠨᠡᠭᠡᠭᠡᠯᠲᠡᠲᠦ ᠴᠢᠨᠠᠷ ᠢᠶᠠᠷ ᠳᠡᠯᠡᠬᠡᠢ ᠶᠢᠨ ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠠᠬᠢᠭᠤᠯᠤᠶ᠎ᠠ︔ ᠪᠦᠬᠦ ᠪᠥᠮᠪᠥᠷᠴᠡᠭ ᠤᠨ ᠴᠢᠨᠠᠷᠲᠠᠢ ᠥᠷᠢᠰᠥᠯᠳᠦᠭᠡᠨ ᠤ ᠡᠮᠦᠨ᠎ᠡ᠂ ᠠᠭᠤᠷ ᠠᠮᠢᠰᠬᠤᠯ ᠤᠨ ᠬᠤᠪᠢᠷᠠᠯᠲᠠ᠂ ᠦᠷᠭᠦᠯᠵᠢᠯᠡᠬᠦ ᠬᠥᠭᠵᠢᠯᠲᠡ ᠵᠡᠷᠭᠡ ᠬᠥᠮᠦᠨ ᠲᠥᠷᠥᠯᠬᠢᠲᠡᠨ ᠤ ᠢᠷᠡᠭᠡᠳᠦᠢ ᠳᠤ ᠬᠤᠯᠪᠣᠭᠳᠠᠬᠤ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠧᠦ᠋ᠷᠣᠫᠠ ᠶᠢᠨ ᠶᠠᠷᠢᠯᠴᠠᠭ᠎ᠠ ᠶᠢᠨ ᠥᠷᠭᠡᠨ ᠳᠡᠯᠭᠡᠷ ᠴᠢᠨᠠᠷ ᠢᠶᠠᠷ ᠪᠦᠬᠦ ᠪᠥᠮᠪᠥᠷᠴᠡᠭ ᠤᠨ ᠵᠠᠰᠠᠯᠲᠠ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠤᠶ᠎ᠠ᠃ ᠭᠧᠷᠮᠠᠨ ᠤ ᠬᠢᠨ ᠳᠤᠮᠳᠠᠳᠤ ᠧᠦ᠋ᠷᠣᠫᠠ ᠶᠢᠨ ᠬᠠᠷᠢᠯᠴᠠᠭ᠎ᠠ ᠶᠢᠨ ᠲᠣᠭᠲᠠᠭᠤᠨ ᠡᠷᠡᠭᠦᠯ ᠬᠥᠭᠵᠢᠯᠲᠡ ᠳᠤ ᠢᠳᠡᠪᠬᠢᠲᠡᠢ ᠨᠥᠯᠥᠭᠡ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃    

ᠱᠦᠸᠧᠷᠽᠢ᠂ ᠤᠢᠢᠷ᠎ᠠ ᠶᠢᠨ ᠵᠢᠯ ᠠᠴᠠ ᠨᠠᠭᠠᠰᠢ ᠭᠧᠷᠮᠠᠨ ᠳᠤᠮᠳᠠᠳᠤ ᠶᠢᠨ ᠬᠠᠷᠢᠯᠴᠠᠭ᠎ᠠ ᠶᠢᠨ ᠬᠥᠭᠵᠢᠯᠲᠡ ᠮᠠᠰᠢ ᠰᠠᠶᠢᠨ ᠪᠣᠯᠵᠠᠢ᠂ ᠬᠤᠶᠠᠷ ᠲᠠᠯ᠎ᠠ ᠪᠠᠷ ᠢᠶᠠᠨ ᠰᠠᠶᠢᠨ ᠰᠠᠶᠢᠬᠠᠨ ᠤᠯᠠᠮᠵᠢᠯᠠᠯ ᠢᠶᠠᠨ ᠵᠠᠯᠭᠠᠮᠵᠢᠯᠠᠵᠤ᠂ ᠬᠤᠶᠠᠷ ᠤᠯᠤᠰ ᠤᠨ ᠬᠠᠷᠢᠯᠴᠠᠭ᠎ᠠ ᠶᠢᠨ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠶᠢ ᠦᠷᠭᠦᠯᠵᠢᠯᠡᠨ ᠠᠬᠢᠭᠤᠯᠪᠠᠯ ᠵᠣᠬᠢᠨ᠎ᠠ᠃ ᠭᠧᠷᠮᠠᠨ ᠤ ᠲᠠᠯ᠎ᠠ ᠳᠤᠷᠠᠲᠠᠶ᠎ᠠ ᠳᠤᠮᠳᠠᠳᠤ ᠤᠯᠤᠰ ᠯᠤᠭ᠎ᠠ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠶᠢ ᠬᠠᠮᠲᠤ ᠪᠠᠷ ᠪᠡᠯᠭᠡᠯᠡᠵᠦ᠂ ᠡᠯ᠎ᠡ ᠲᠡᠰ ᠳᠠᠪᠬᠤᠷᠭ᠎ᠠ ᠶᠢᠨ ᠨᠢᠭᠲᠠ ᠤᠯᠤᠯᠴᠠᠭ᠎ᠠ ᠶᠠᠪᠤᠯᠴᠠᠭ᠎ᠠ ᠶᠢ ᠪᠠᠲᠤᠯᠠᠵᠤ᠂ ᠰᠢᠨ᠎ᠡ ᠨᠢᠭᠡ ᠡᠭᠡᠯᠵᠢ ᠶᠢᠨ ᠭᠧᠷᠮᠠᠨ ᠳᠤᠮᠳᠠᠳᠤ ᠶᠢᠨ ᠵᠠᠰᠠᠭ ᠤᠨ ᠣᠷᠳᠣᠨ ᠤ ᠵᠥᠪᠳᠡᠯᠴᠡᠭᠡ ᠶᠢ ᠰᠠᠶᠢᠲᠤᠷ ᠡᠷᠬᠢᠯᠡᠵᠦ᠂ ᠪᠦᠬᠦ ᠪᠥᠮᠪᠥᠷᠴᠡᠭ ᠤᠨ ᠬᠠᠩᠭᠠᠯᠭ᠎ᠠ ᠶᠢᠨ ᠬᠡᠯᠬᠢᠶ᠎ᠡ ᠶᠢ ᠲᠣᠭᠲᠠᠭᠤᠨ ᠪᠠᠶᠢᠯᠭᠠᠬᠤ᠂ ᠬᠤᠷᠸ᠎ᠠ ᠠᠵᠤ ᠠᠬᠤᠢ ᠶᠢᠨ ᠲᠦᠷᠦ ᠶᠢᠨ ᠪᠤᠳᠤᠯᠭ᠎ᠠ ᠶᠢᠨ ᠵᠣᠬᠢᠴᠠᠭᠤᠯᠭ᠎ᠠ ᠵᠡᠷᠭᠡ ᠴᠢᠬᠤᠯᠠ ᠵᠥᠪᠯᠡᠬᠦ ᠵᠦᠢᠯ ᠤᠨ ᠲᠤᠬᠠᠢ ᠶᠠᠷᠢᠯᠴᠠᠭ᠎ᠠ ᠥᠷᠨᠢᠭᠦᠯᠵᠦ᠂ ᠠᠷᠠᠯᠵᠢᠶ᠎ᠠ ᠪᠡᠯᠡ ᠣᠷᠣᠭᠤᠯᠤᠯᠲᠠ᠂ ᠠᠭᠤᠷ ᠠᠮᠢᠰᠬᠤᠯ ᠤᠨ ᠬᠤᠪᠢᠷᠠᠯᠲᠠ᠂ ᠬᠢᠵᠢᠭ ᠲᠠᠢ ᠲᠡᠮᠡᠴᠡᠬᠦ᠂ ᠡᠷᠡᠭᠦᠯ ᠬᠠᠮᠠᠭᠠᠯᠠᠯ ᠡᠮ ᠡᠮᠨᠡᠯᠭᠡ᠂ ᠰᠤᠷᠭᠠᠨ ᠬᠥᠮᠦᠵᠢᠯ ᠰᠣᠶᠣᠯ ᠵᠡᠷᠭᠡ ᠥᠷᠭᠡᠨ ᠬᠦᠷᠢᠶᠡᠨ ᠤ ᠬᠠᠮᠲᠤᠷᠠᠯᠴᠠᠭ᠎ᠠ ᠶᠢ ᠴᠢᠩᠭᠠᠳᠬᠠᠨ᠎ᠠ᠃ ᠭᠧᠷᠮᠠᠨ ᠤ ᠬᠢᠨ ᠳᠤᠮᠳᠠᠳᠤ ᠶᠢᠨ ᠲᠠᠯ᠎ᠠ ᠶᠢᠨ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠳᠠ ᠪᠠᠨ ᠥᠷᠭᠡᠳᠭᠡᠬᠦ ᠪᠠᠷ ᠴᠢᠷᠮᠠᠶᠢᠬᠤ ᠶᠢ ᠪᠠᠶᠠᠷᠯᠠᠨ ᠤᠭᠲᠤᠵᠤ ᠪᠠᠶᠢᠨ᠎ᠠ᠂ ᠡᠨᠡ ᠨᠢ ᠭᠧᠷᠮᠠᠨ ᠤ ᠲᠠᠯ᠎ᠠ ᠳᠤ ᠨᠡᠩ ᠤᠯᠠᠨ ᠠᠵᠠ ᠲᠣᠬᠢᠶᠠᠯ ᠠᠪᠴᠢᠷᠠᠬᠤ ᠪᠣᠯᠤᠨ᠎ᠠ᠃ ᠭᠧᠷᠮᠠᠨ ᠤ  ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠠᠨ ᠲᠠᠯ᠎ᠠ ᠶᠢᠨ ᠬᠦᠷᠢᠶᠡᠨ ᠤ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠧᠦ᠋ᠷᠣᠫᠠ ᠳᠤᠮᠳᠠᠳᠤ ᠶᠢᠨ ᠬᠠᠷᠢᠯᠴᠠᠭ᠎ᠠ ᠶᠢᠨ ᠢᠳᠡᠪᠬᠢᠲᠡᠢ ᠬᠥᠭᠵᠢᠯᠲᠡ ᠶᠢ ᠠᠬᠢᠭᠤᠯᠤᠨ᠎ᠠ ᠭᠡᠵᠦ ᠢᠯᠡᠳᠭᠡᠪᠡ᠃    

ᠬᠤᠶᠠᠷ ᠤᠯᠤᠰ ᠤᠨ ᠤᠳᠤᠷᠢᠳᠬᠤ ᠬᠥᠮᠦᠨ ᠪᠠᠰᠠ ᠦᠺᠷᠠᠶᠢᠨ ᠤ ᠪᠠᠶᠢᠳᠠᠯ ᠤᠨ ᠲᠤᠬᠠᠶ ᠰᠠᠨᠠᠯ ᠢᠶᠠᠨ ᠭᠦᠨᠵᠡᠭᠡᠶ ᠪᠥᠭᠡᠳ ᠦᠨᠡᠨᠴᠢ ᠪᠠᠷ ᠰᠣᠯᠢᠯᠴᠠᠵᠠᠶ᠃ ᠰᠢ  ᠶᠢᠨ ᠫᠢᠩ᠂ ᠳᠤᠮᠳᠠᠳᠤ ᠶᠢᠨ ᠲᠠᠯ᠎ᠠ ᠢᠮᠠᠭᠲᠠ ᠡᠩᠬᠡ ᠲᠠᠶᠢᠪᠤᠩ ᠢ ᠡᠷᠬᠢᠮᠯᠡᠵᠤ᠂ ᠬᠡᠷᠡᠭ ᠶᠠᠪᠤᠳᠠᠯ ᠤᠨ ᠲᠤᠰ ᠪᠡᠶ᠎ᠡ ᠶᠢᠨ ᠵᠥᠪ ᠪᠤᠷᠤᠭᠤ ᠦᠨᠡᠨ ᠬᠤᠳᠠᠯ ᠠᠴᠠ ᠡᠭᠦᠰᠴᠦ᠂ ᠪᠡᠶ᠎ᠡ ᠪᠠᠨ ᠳᠠᠭᠠᠭᠠᠵᠤ ᠡᠵᠡᠨ ᠮᠡᠳᠡᠨ ᠮᠠᠭᠠᠳᠯᠠᠯᠲᠠ ᠬᠢᠬᠦ ᠪᠦᠭᠡᠳ ᠥᠪᠡᠷ ᠤᠨ ᠠᠷᠭ᠎ᠠ ᠬᠡᠯᠪᠡᠷᠢ ᠪᠠᠷ ᠢᠶᠠᠨ ᠢᠳᠬᠠᠨ ᠡᠪᠰᠡᠭᠦᠯᠵᠤ ᠬᠡᠯᠡᠯᠴᠡᠭᠡ ᠬᠢᠬᠦ ᠶᠢ ᠠᠬᠢᠭᠤᠯᠵᠤ᠂ ᠪᠠᠶᠢᠳᠠᠯ ᠢ ᠨᠠᠮᠳᠠᠭᠤᠯᠬᠤ ᠶᠢ ᠠᠬᠢᠭᠤᠯᠤᠭᠰᠠᠭᠠᠷ ᠢᠷᠡᠵᠠᠢ᠃ ᠦᠺᠷᠠᠶᠢᠨ ᠤ ᠬᠢᠮᠤᠷᠠᠯ ᠨᠢ ᠧᠦ᠋ᠷᠣᠫᠠ ᠲᠢᠪ ᠤᠨ ᠠᠮᠤᠷ ᠲᠦᠪᠰᠢᠨ ᠢ ᠳᠠᠬᠢᠨᠲᠠ ᠵᠠᠩᠭᠢᠯᠠᠭ᠎ᠠ ᠶᠢᠨ ᠲᠣᠨᠣᠯᠵᠢᠨ ᠵᠠᠮ ᠳᠤ ᠣᠷᠣᠭᠤᠯᠪᠠ᠃ ᠮᠥᠷᠭᠦᠯᠳᠦᠭᠡᠨ ᠢ ᠰᠢᠷᠦᠭᠦᠰᠦᠭᠦᠯᠤᠨ ᠥᠷᠭᠡᠳᠬᠡᠵᠤ᠂ ᠠᠪᠬᠤ ᠶᠢᠨ ᠳᠠᠮᠳᠤᠬ ᠦᠭᠡᠢ ᠪᠠᠶᠢᠳᠠᠯ ᠡᠭᠦᠰᠬᠦ ᠠᠴᠠ ᠵᠠᠶᠢᠯᠠᠰᠬᠢᠬᠦ ᠬᠡᠷᠡᠭᠲᠡᠢ᠃ ᠧᠦ᠋ᠷᠣᠫᠠ ᠶᠢᠨ ᠲᠠᠯ᠎ᠠ ᠲᠡᠦᠬᠡ ᠶᠢᠨ ᠬᠠᠷᠢᠭᠤᠴᠠᠯᠭ᠎ᠠ ᠡᠭᠦᠷᠭᠡᠯᠡᠯ ᠪᠣᠯᠤᠨ ᠤᠯᠤᠰ ᠲᠦᠷᠦ ᠶᠢᠨ ᠤᠶᠤᠨ ᠤᠬᠠᠭᠠᠨ ᠢᠶᠠᠨ ᠭᠠᠷᠭᠠᠵᠤ᠂ ᠧᠦ᠋ᠷᠣᠫᠠ ᠲᠢᠪ ᠤᠨ ᠠᠯᠤᠰ ᠬᠡᠳᠤ ᠶᠢᠨ ᠠᠮᠤᠷ ᠲᠣᠭᠲᠠᠭᠤᠨ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠢᠭᠤᠴᠠᠯᠭ᠎ᠠ ᠲᠠᠢ ᠠᠷᠭ᠎ᠠ ᠬᠡᠯᠪᠡᠷᠢ ᠪᠠᠷ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠪᠠᠯ ᠵᠤᠬᠢᠨ᠎ᠠ᠃ ᠧᠦ᠋ᠷᠣᠫᠠ ᠲᠢᠪ ᠤᠨ ᠠᠮᠤᠷ ᠲᠦᠪᠰᠢᠨ ᠨᠢ ᠧᠦ᠋ᠷᠣᠫᠠᠴᠤᠳ ᠤᠨ ᠭᠠᠷ ᠲᠤ ᠪᠠᠶᠢᠬᠤ ᠬᠡᠷᠡᠭᠲᠡᠶ᠃ ᠧᠦ᠋ᠷᠣᠫᠠ ᠲᠢᠪ ᠤᠨ  ᠬᠢᠨ ᠢᠳᠬᠠᠨ ᠡᠪᠰᠡᠭᠦᠯᠵᠤ ᠬᠡᠯᠡᠯᠴᠡᠭᠡ ᠬᠢᠬᠦ ᠶᠢ ᠠᠬᠢᠭᠤᠯᠬᠤ ᠠᠬᠢᠴᠠ ᠳᠤ ᠢᠳᠡᠪᠬᠢᠲᠡᠢ ᠦᠢᠯᠡᠳᠦᠯ ᠦᠵᠡᠭᠦᠯᠵᠤ᠂ ᠡᠴᠦᠰ ᠲᠡᠭᠡᠨ ᠲᠡᠩᠴᠡᠭᠦᠷᠢᠲᠡᠢ᠂ ᠪᠦᠲᠦᠮᠵᠢᠲᠡᠢ᠂ ᠦᠷᠭᠦᠯᠵᠢᠯᠡᠬᠦ ᠧᠦ᠋ᠷᠣᠫᠠ ᠲᠢᠪ ᠤᠨ ᠠᠮᠤᠷ ᠲᠦᠪᠰᠢᠨ ᠤ ᠪᠣᠷᠣ ᠲᠥᠯᠥᠪ ᠢ ᠠᠬᠢᠭᠤᠯᠤᠨ ᠪᠠᠶᠢᠭᠤᠯᠬᠤ ᠶᠢ ᠳᠤᠮᠳᠠᠳᠤ ᠤᠯᠤᠰ ᠳᠡᠮᠵᠢᠨ᠎ᠠ᠃ ᠳᠤᠮᠳᠠᠳᠤ ᠤᠯᠤᠰ ᠳᠡᠯᠡᠬᠡᠢ ᠨᠡᠶᠢᠭᠡᠮ ᠤᠨ ᠢᠳᠬᠠᠨ ᠡᠪᠰᠡᠭᠦᠯᠵᠦ ᠬᠡᠯᠡᠯᠴᠡᠭᠡ ᠶᠢ ᠠᠬᠢᠭᠤᠯᠬᠤ ᠳᠤ ᠠᠰᠢᠭᠲᠠᠢ ᠠᠯᠢᠪᠠ ᠴᠢᠷᠮᠠᠶᠢᠯᠭ᠎ᠠ ᠶᠢ ᠪᠠᠶᠠᠷᠯᠠᠨ ᠤᠭᠲᠤᠵᠤ᠂ ᠬᠤᠯᠪᠣᠭᠳᠠᠯ ᠪᠦᠬᠦᠢ ᠡᠯ᠎ᠡ ᠲᠠᠯ᠎ᠠ ᠶᠢᠨ ᠬᠢᠨ ᠤᠷᠤᠰ ᠦᠺᠷᠠᠶᠢᠨ ᠬᠤᠶᠠᠷ ᠲᠠᠯ᠎ᠠ ᠶᠢᠨ ᠬᠡᠯᠡᠯᠴᠡᠭᠡ ᠪᠠᠷ ᠳᠠᠮᠵᠢᠨ ᠡᠩᠬᠡ ᠲᠠᠶᠢᠪᠤᠩ ᠢ ᠪᠡᠶᠡᠯᠡᠭᠦᠯᠬᠦ ᠶᠢ ᠳᠡᠮᠵᠢᠪᠡᠯ ᠵᠣᠬᠢᠨ᠎ᠠ ᠭᠡᠵᠤ ᠴᠢᠬᠤᠯᠠᠴᠢᠯᠠᠵᠠᠢ᠃    

ᠳ᠋ᠢᠩ ᠰᠢᠤᠸᠠᠢ ᠰᠢᠶᠠᠩ᠂ ᠶᠠᠩ ᠵᠢᠶᠧ ‍ᠤᠤᠢ᠂ ᠸᠠᠩ ᠢ᠂ ᠡᡁᠧ ᠯᠢ ᠹᠧᠩ ᠨᠠᠷ ᠠᠭᠤᠯᠵᠠᠯᠲᠠ ᠳᠤ ᠣᠷᠣᠯᠴᠠᠪᠠ᠃

 

 

 


   :                    
   :           
备案序号:蒙ICP备05003250号 公安备案15010502000173