ᠵᠤᠬᠢᠶᠠᠭᠴᠢ:
ᠴᠠᠭ:2022-05-20
ᠥᠵᠡᠭᠰᠡᠨ : ℃
ᠢᠷᠡᠯᠲᠡ: 《ᠥᠪᠥᠷ ᠮᠣᠩᠭᠤᠯ ᠤᠨ ᠡᠳᠦᠷ ᠤᠨ ᠰᠣᠨᠢᠨ》
ᠸᠠᠩ ᠯᠢ ᠰᠢᠶᠠ ᠬᠥᠬᠡᠬᠤᠲᠠ ᠳᠤ ᠲᠦᠷᠦᠯ ᠲᠡᠮᠳᠡᠭ ᠬᠢᠬᠡᠳ ᠢᠳᠡᠭᠡᠨ ᠤ ᠠᠮᠤᠷ ᠲᠦᠪᠰᠢᠨ ᠵᠢᠴᠢ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ
2022 5 ᠳ᠋ᠤᠭᠠᠷ ᠰᠠᠷ᠎ᠠ ᠶᠢᠨ 10 ᠤ ᠡᠳᠦᠷ ᠪᠤᠯ ᠳᠤᠮᠳᠠᠳᠤ ᠤᠯᠤᠰ ᠤᠨ ᠲᠦᠷᠦᠯ ᠲᠡᠮᠳᠡᠭ ᠤᠨ ᠡᠳᠦᠷ ᠮᠦᠨ᠃ ᠳᠤᠰ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠲᠦᠷᠦᠯ ᠲᠡᠮᠳᠡᠭ ᠬᠢᠬᠡᠤᠨ ᠢᠳᠡᠭᠡᠨ ᠤ ᠠᠮᠤᠷ ᠲᠦᠪᠰᠢᠨ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠬᠤ ᠳᠠᠭᠠᠨ᠂ ᠲᠦᠷᠦᠯ ᠲᠡᠮᠳᠡᠭ ᠤᠨ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠲᠦᠷᠦᠯ ᠲᠡᠮᠳᠡᠭ ᠤᠨ ᠨᠥᠯᠥᠭᠡᠯᠡᠬᠦ ᠬᠦᠴᠦᠨ ᠢ ᠶᠡᠭᠡ ᠪᠠᠷ ᠳᠡᠭᠡᠭᠰᠢᠯᠡᠭᠦᠯᠵᠦ᠂ ᠲᠦᠷᠦᠯ ᠲᠡᠮᠳᠡᠭ ᠢᠶᠠᠷ ᠴᠢᠨᠠᠷ ᠰᠠᠶᠢᠲᠠᠢ ᠬᠥᠭᠵᠢᠯᠲᠡ ᠳᠤ ᠡᠨᠧᠷᠭᠢ ᠣᠯᠭᠤᠬᠤ ᠬᠡᠷᠡᠭᠲᠡᠢ ᠭᠡᠵᠦ ᠴᠢᠬᠤᠯᠠᠴᠢᠯᠠᠪᠠ᠃
ᠸᠠᠩ ᠯᠢ ᠰᠢᠶᠠ ᠬᠠᠮᠤᠭ ᠤᠨ ᠲᠦᠷᠦᠭᠦᠨ ᠳᠤ ᠡᠷᠳᠡᠨᠢ ᠬᠤᠨᠢᠨ ᠤ ᠦᠢᠯᠡᠰ ᠤᠨ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠬᠥᠭᠵᠢᠯᠲᠡ ᠶᠢᠨ ᠥᠩᠭᠡᠷᠡᠯᠲᠡ ᠪᠣᠯᠤᠨ ᠲᠦᠷᠦᠯ ᠲᠡᠮᠳᠡᠭ ᠤᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠴᠢᠨᠠᠷ ᠴᠢᠨᠰᠠᠭ᠎ᠠ ᠪᠠᠶᠢᠪᠠᠯ ᠲᠦᠷᠦᠯ ᠳᠡᠮᠳᠡᠭ ᠲᠠᠢ ᠪᠤᠯᠵᠤ᠂ ᠪᠠᠷᠢᠮᠵᠢᠶ᠎ᠠ ᠪᠠᠶᠢᠪᠠᠯ ᠤᠷᠤᠰᠢᠨ ᠲᠤᠭᠲᠠᠨᠢᠵᠤ ᠴᠢᠳᠠᠨ᠎ᠠ᠃ ᠦᠢᠯᠡᠳᠪᠦᠷᠢᠯᠡᠯ ᠠᠴᠠ ᠦᠢᠯᠡᠴᠢᠯᠡᠭᠡ ᠬᠦᠷᠲᠡᠯᠡᠬᠢ ᠪᠦᠬᠦ ᠶᠠᠪᠤᠴᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠨᠡᠷ᠎ᠡ ᠴᠤᠤᠲᠠᠢ ᠦᠢᠯᠡᠳᠬᠦᠨ ᠤ ᠲᠦᠷᠦᠯ ᠲᠡᠮᠳᠡᠭ ᠢ ᠡᠭᠦᠳᠬᠦ ᠬᠡᠷᠡᠭᠲᠡᠢ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠣᠯᠠᠨ ᠨᠡᠶᠢᠲᠡ ᠶᠢᠨ ᠲᠦᠷᠦᠯ ᠲᠡᠮᠳᠡᠭ ᠢ ᠶᠡᠭᠡ ᠪᠠᠷ ᠪᠣᠶᠢᠵᠢᠭᠤᠯᠵᠤ᠂ ᠪᠦᠬᠦᠯᠢ ᠴᠣᠭᠴᠠ ᠶᠢᠨ ᠤᠬᠠᠭᠤᠯᠭ᠎ᠠ ᠶᠢᠨ ᠦᠶᠯᠡᠳᠦᠯ ᠢ ᠥᠷᠭᠡᠳᠭᠡᠨ᠂ ᠲᠦᠷᠦᠯ ᠲᠡᠮᠳᠡᠭ ᠤᠨ ᠠᠯᠳᠠᠷᠰᠢᠯ ᠢ ᠳᠡᠭᠡᠭᠰᠢᠯᠡᠭᠦᠯᠵᠦ᠂ 《ᠵᠠᠭᠤᠨ ᠵᠢᠯ ᠤᠨ ᠨᠡᠷᠡᠲᠤ ᠳᠡᠯᠭᠡᠭᠦᠷ》 ᠢ ᠴᠣᠭᠴᠠᠯᠠᠬᠤ ᠬᠡᠷᠡᠭᠲᠡᠶ᠃ ᠲᠦᠷᠦᠯ ᠲᠡᠮᠳᠡᠭ ᠢ ᠬᠠᠮᠠᠭᠠᠯᠠᠬᠤ ᠡᠷᠴᠢᠮ ᠢ ᠴᠢᠩᠭᠠᠷᠠᠭᠤᠯᠵᠦ᠂ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠲᠦᠷᠦᠯ ᠲᠡᠮᠳᠡᠭ ᠤᠨ ᠬᠥᠭᠵᠢᠯᠲᠡ ᠳᠤ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ ᠯᠠᠨ ᠲᠠᠢ ᠡᠮ ᠤᠨ ᠦᠢᠯᠡᠰ ᠲᠤ᠂ ᠸᠠᠩ ᠯᠢ ᠰᠢᠶᠠ ᠦᠢᠯᠡᠳᠬᠦᠨ ᠰᠤᠳᠤᠯᠤᠨ ᠨᠡᠭᠡᠭᠡᠬᠦ᠂ ᠶᠠᠰᠤ ᠴᠢᠨᠠᠷ ᠢ ᠮᠥᠷᠳᠡᠬᠦ᠂ ᠲᠦᠷᠦᠯ ᠲᠡᠮᠳᠡᠭ ᠡᠭᠦᠳᠬᠦ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠡᠬᠢ ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠣᠷᠣᠭᠤᠯᠤᠯᠲᠠ ᠪᠠᠨ ᠨᠡᠮᠡᠭᠳᠡᠭᠦᠯᠵᠦ᠂ ᠵᠠᠬ᠎ᠠ ᠳᠡᠯᠭᠡᠭᠦᠷ ᠤᠨ ᠬᠦᠷᠢᠶᠡᠯᠡᠯ ᠢ ᠣᠯᠤᠭᠰᠠᠨ ᠰᠢᠨ᠎ᠡ ᠦᠢᠯᠡᠳᠬᠦᠨ ᠢ ᠨᠡᠩ ᠤᠯᠠᠨ ᠨᠡᠭᠡᠭᠡᠨ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃
ᠣᠳᠣᠬᠠᠨ ᠳᠤ᠂ ᠮᠠᠨ ᠤ ᠣᠷᠣᠨ ᠨᠢᠭᠡᠨᠲᠡ ᠪᠠᠷᠢᠯᠭ᠎ᠠ ᠶᠢᠨ ᠠᠵᠢᠯ ᠤᠨ ᠰᠢᠵᠢᠷ ᠠᠯᠲᠠᠨ ᠬᠤᠭᠤᠴᠠᠭᠠᠨ ᠳᠤ ᠣᠷᠣᠪᠠ᠃ ᠸᠠᠩ ᠯᠢ ᠰᠢᠶᠠ ᠢᠯᠢ ᠣᠲᠣ ᠦᠶ᠎ᠡ ᠶᠢᠨ ᠤᠶᠤᠨᠴᠢ ᠡᠷᠡᠭᠦᠯ ᠮᠡᠨᠳᠦ ᠶᠢᠨ ᠬᠦᠨᠳᠡᠢ ᠶᠢᠨ ᠤᠯᠤᠰ ᠤᠨ ᠰᠦ ᠶᠢᠨ ᠦᠶᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠣᠯᠤᠨ ᠰᠢᠩᠭᠡᠨ ᠰᠦ ᠶᠢ ᠤᠶᠤᠨᠴᠢ ᠪᠠᠷ ᠦᠢᠯᠡᠳᠪᠦᠷᠢᠯᠡᠬᠦ ᠪᠥᠬᠦ ᠪᠥᠮᠪᠥᠷᠴᠡᠭ ᠤᠨ ᠬᠡᠪ ᠳᠠᠭᠤᠷᠢᠶᠠᠯ ᠤᠨ ᠰᠠᠭᠤᠷᠢᠨ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ ᠬᠦᠷᠴᠦ᠂ ᠲᠥᠷᠥᠯ ᠵᠦᠶᠯ ᠤᠨ ᠲᠣᠶᠢᠮᠣ ᠪᠠᠶᠢᠳᠠᠯ᠂ ᠪᠥᠲᠥᠭᠡᠨ ᠪᠠᠶᠢᠭᠤᠯᠤᠯᠲᠠ ᠶᠢᠨ ᠠᠬᠢᠴᠠ ᠵᠢᠴᠢ ᠢᠯᠢ ᠪᠦᠯᠦᠭᠯᠡᠯ ᠤᠨ ᠲᠥᠷᠥᠯ ᠲᠡᠮᠳᠡᠭ ᠤᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠡᠬᠢ ᠪᠠᠶᠠᠯᠢᠭ ᠤᠨ ᠬᠦᠴᠦᠨ ᠢᠶᠠᠨ ᠲᠥᠪᠯᠡᠷᠡᠭᠦᠯᠦᠨ ᠰᠦ ᠶᠢᠨ ᠦᠶᠯᠡᠰ ᠤᠨ ᠬᠥᠭᠵᠢᠯᠲᠡ ᠶᠢᠨ ᠳᠤᠮᠳᠠᠬᠢ ᠠᠰᠠᠭᠤᠳᠠᠯ ᠢ ᠰᠢᠶᠳᠪᠦᠷᠢᠯᠡᠵᠦ᠂ ᠪᠥᠬᠦ ᠣᠷᠣᠨ ᠤ ᠬᠦᠴᠦᠨ ᠢ ᠳᠠᠶᠢᠴᠢᠯᠠᠨ ᠰᠦ ᠶᠢᠨ ᠦᠶᠯᠡᠰ ᠢ ᠰᠢᠯᠢᠳᠡᠭᠵᠢᠭᠦᠯᠦᠨ ᠬᠦᠴᠦᠷᠬᠡᠭᠵᠢᠭᠦᠯᠬᠦ ᠬᠡᠷᠡᠭᠲᠡᠶ᠃ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠭᠡᠵᠦ᠂ ᠨᠠᠩ ᠣᠯᠠᠨ ᠡᠬᠢ ᠪᠠᠶᠠᠯᠢᠭ ᠤᠨ ᠬᠦᠴᠦᠨ ᠢ ᠬᠤᠷᠠᠮᠳᠤᠭᠤᠯᠵᠤ᠂ ᠢᠯᠢ ᠣᠲᠣ ᠦᠶ᠎ᠡ ᠶᠢᠨ ᠣᠶᠤᠨᠴᠢ ᠡᠷᠡᠭᠦᠯ ᠮᠡᠨᠳᠦ ᠶᠢᠨ ᠬᠥᠨᠳᠡᠶ ᠶᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠴᠢᠳᠠᠪᠤᠷᠢᠲᠠᠨ ᠬᠤᠷᠠᠨ ᠴᠤᠭᠯᠠᠷᠠᠭᠰᠠᠨ ᠥᠨᠳᠦᠷᠯᠢᠭ ᠭᠠᠵᠠᠷ ᠪᠣᠯᠭᠠᠨ ᠪᠥᠲᠥᠭᠡᠨ ᠪᠠᠶᠢᠭᠤᠯᠬᠤ ᠬᠡᠷᠡᠭᠲᠡᠶ ᠭᠡᠵᠦ ᠴᠢᠬᠤᠯᠠᠴᠢᠯᠠᠵᠠᠢ᠃
ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠣᠣ ᠭᠠᠩ᠂ ᠴᠢ᠊ ᠪᠠᠲᠤ ᠬᠠᠮᠲᠤ ᠪᠠᠶᠢᠴᠠᠭᠠᠨ ᠰᠤᠳᠤᠯᠤᠯᠲᠠ ᠬᠢᠪᠠ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠬᠥᠬᠡᠬᠤᠲᠠ ᠶᠢᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃