ᠵᠤᠬᠢᠶᠠᠭᠴᠢ:
ᠴᠠᠭ:2022-05-27
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠮᠠᠨ ᠤ ᠣᠷᠣᠨ ᠬᠦᠷᠦᠯᠴᠡᠬᠦ ᠴᠢᠨᠠᠷᠲᠠᠢ ᠴᠤᠭᠯᠠᠷᠠᠬᠤ ᠴᠢᠨᠠᠷᠲᠠᠢ ᠦᠢᠯᠡᠴᠢᠯᠡᠭᠡᠨ ᠤ ᠦᠢᠯᠡᠰ ᠤᠨ ᠬᠦᠴᠢᠷᠳᠡᠯ ᠢ ᠨᠠᠷᠢᠯᠢᠭ ᠣᠨᠣᠴᠠᠲᠠᠢ ᠪᠠᠷ ᠰᠢᠢᠳᠪᠦᠷᠢᠯᠡᠵᠦ ᠪᠣᠶ
ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠤᠨᠤᠭ ᠪᠠᠭᠤᠳᠠᠯ᠂ ᠬᠤᠭᠤᠯᠠ ᠤᠮᠳᠠ᠂ ᠵᠢᠵᠢᠭᠯᠡᠨ ᠬᠤᠳᠠᠯᠳᠤᠬᠤ᠂ ᠵᠢᠭᠤᠯᠴᠢᠯᠠᠯ ᠵᠡᠷᠭᠡ ᠬᠦᠷᠦᠯᠴᠡᠬᠦ ᠴᠢᠨᠠᠷᠲᠠᠢ ᠴᠤᠭᠯᠠᠷᠠᠬᠤ ᠴᠢᠨᠠᠷᠲᠠᠢ ᠦᠢᠯᠡᠴᠢᠯᠡᠭᠡᠨ ᠤ ᠦᠢᠯᠡᠰ ᠲᠤ ᠦᠵᠡᠭᠦᠯᠬᠦ ᠨᠥᠯᠥᠭᠡ ᠶᠢ ᠠᠷᠭᠠᠴᠠᠵᠤ᠂ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠵᠤ᠂ ᠵᠠᠬ᠎ᠠ ᠳᠡᠯᠭᠡᠭᠦᠷ ᠤᠨ ᠵᠢᠱᠢᠯᠲᠡ ᠶᠢᠨ ᠬᠤᠭᠤᠴᠠᠭ᠎ᠠ ᠶᠢ ᠲᠣᠭᠲᠠᠪᠤᠷᠢᠵᠢᠭᠤᠯᠤᠨ᠂ ᠵᠠᠬ᠎ᠠ ᠳᠡᠯᠭᠡᠭᠦᠷ ᠤᠨ ᠢᠲᠡᠭᠡᠯ ᠢ ᠨᠡᠮᠡᠭᠳᠡᠭᠦᠯᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢᠶᠠᠨ ᠰᠡᠷᠭᠦᠭᠡᠬᠦ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠣᠶᠢᠷ᠎ᠠ ᠳᠤ 《ᠬᠦᠷᠦᠯᠴᠡᠬᠦ ᠴᠢᠨᠠᠷᠲᠠᠢ ᠴᠤᠭᠯᠠᠷᠠᠬᠤ ᠴᠢᠨᠠᠷᠲᠠᠢ ᠦᠢᠯᠡᠴᠢᠯᠡᠭᠡᠨ ᠤ ᠦᠢᠯᠡᠰ ᠤᠨ ᠬᠦᠴᠢᠷᠳᠡᠯ ᠢ ᠨᠠᠷᠢᠯᠢᠭ ᠣᠨᠣᠴᠠᠲᠠᠢ ᠪᠠᠷ ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠳᠡᠯ》 ︵ᠳᠣᠷᠣᠭᠰᠢ 《ᠮᠡᠳᠡᠭᠳᠡᠯ》 ᠭᠡᠵᠦ ᠲᠣᠪᠴᠢᠯᠠᠨ᠎ᠠ︶ ᠢ ᠪᠠᠭᠤᠯᠭᠠᠪᠠ᠃
《ᠮᠡᠳᠡᠭᠳᠡᠯ》 ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠡᠵᠡᠩᠨᠡᠯᠲᠡ ᠶᠢᠨ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠬᠤ᠂ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠳᠡᠮᠵᠢᠯᠭᠡ ᠶᠢ ᠴᠢᠩᠭᠠᠳᠬᠠᠬᠤ᠂ ᠬᠡᠷᠡᠭᠯᠡᠭᠡᠨ ᠤ ᠵᠠᠬ᠎ᠠ ᠳᠡᠯᠭᠡᠭᠦᠷ ᠢ ᠪᠥᠬᠦ ᠲᠠᠯ᠎ᠠ ᠪᠠᠷ ᠬᠥᠭᠵᠢᠭᠡᠬᠦ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠬᠤ ᠵᠡᠷᠭᠡ ᠲᠠᠪᠤᠨ ᠲᠠᠯ᠎ᠠ ᠪᠠᠷ ᠱᠠᠲᠤ ᠱᠠᠲᠤ ᠪᠠᠷ ᠬᠦᠴᠦᠯᠡᠵᠦ᠂ ᠪᠥᠬᠦ ᠣᠷᠣᠨ ᠤ ᠬᠦᠷᠦᠯᠴᠡᠬᠦ ᠴᠢᠨᠠᠷᠲᠠᠢ ᠴᠤᠭᠯᠠᠷᠠᠬᠤ ᠴᠢᠨᠠᠷᠲᠠᠢ ᠦᠢᠯᠡᠴᠢᠯᠡᠭᠡᠨ ᠤ ᠦᠢᠯᠡᠰ ᠤᠨ ᠬᠦᠴᠢᠷᠳᠡᠯ ᠢ ᠨᠢ ᠨᠠᠷᠢᠯᠢᠭ ᠣᠨᠣᠴᠠᠲᠠᠢ ᠪᠠᠷ ᠰᠢᠢᠳᠪᠦᠷᠢᠯᠡᠬᠦ ᠪᠠᠷ ᠪᠣᠢ᠃
《ᠮᠡᠳᠡᠭᠳᠡᠯ》 ᠳᠤ ᠵᠢᠭᠠᠭᠰᠠᠨ ᠨᠢ᠂ ᠬᠦᠷᠦᠯᠴᠡᠬᠦ ᠴᠢᠨᠠᠷᠲᠠᠢ ᠴᠤᠭᠯᠠᠷᠠᠬᠤ ᠴᠢᠨᠠᠷᠲᠠᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠠᠵᠢᠯᠲᠠᠨ ᠠᠵᠢᠯᠴᠢᠨ ᠳᠤ ᠲᠣᠭᠲᠠᠮᠠᠯ ᠬᠤᠭᠤᠴᠠᠭ᠎ᠠ ᠲᠠᠢ ᠪᠥᠭᠡᠮ ᠬᠦᠴᠢᠯ ᠤᠨ ᠪᠠᠶᠢᠴᠠᠭᠠᠯᠲᠠ ᠶᠢ ᠰᠦᠢᠳᠬᠡᠯ ᠬᠤᠷᠢᠶᠠᠬᠤ ᠦᠭᠡᠢ ᠪᠠᠷ ᠬᠢᠵᠦ᠂ ᠬᠢᠵᠢᠭ ᠢ ᠰᠡᠷᠭᠡᠶᠢᠯᠡᠬᠦ᠂ ᠠᠷᠢᠭᠤᠳᠬᠠᠬᠤ ᠵᠠᠷᠤᠯᠭ᠎ᠠ ᠳᠤ ᠨᠥᠬᠦᠪᠦᠷᠢ ᠶᠢᠨ ᠳᠡᠮᠵᠢᠯᠭᠡ ᠦᠵᠡᠭᠦᠯᠬᠦ ᠬᠡᠷᠡᠭᠲᠡᠢ᠃ ᠠᠵᠢᠯᠲᠠᠨ ᠢᠶᠠᠨ ᠬᠠᠰᠤᠬᠤ ᠦᠭᠡᠢ᠂ ᠠᠵᠢᠯᠲᠠᠨ ᠢᠶᠠᠨ ᠳᠤᠲᠠᠭᠤ ᠬᠠᠰᠤᠬᠤ ᠬᠦᠷᠦᠯᠴᠡᠬᠦ ᠴᠢᠨᠠᠷᠲᠠᠢ ᠴᠤᠭᠯᠠᠷᠠᠬᠤ ᠴᠢᠨᠠᠷᠲᠠᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠳᠤ ᠲᠦᠭᠡᠮᠡᠯ ᠬᠠᠷᠠᠭᠠᠯᠵᠠᠯ ᠤᠨ ᠴᠢᠨᠠᠷᠲᠠᠢ ᠠᠵᠢᠯ ᠠᠯᠳᠠᠯᠲᠠ ᠶᠢᠨ ᠳᠠᠭᠠᠳᠬᠠᠯ ᠢᠶᠠᠷ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠠᠵᠤ ᠠᠬᠤᠶᠢᠯᠠᠯ ᠤᠨ ᠳᠡᠭᠡᠷ᠎ᠡ ᠵᠢᠯ ᠤᠨ ᠪᠣᠳᠠᠲᠠᠢ ᠲᠤᠰᠢᠶᠠᠭᠰᠠᠨ ᠲᠣᠰ ᠵᠢᠯ ᠤᠨ ᠠᠵᠢᠯ ᠠᠯᠳᠠᠯᠲᠠ ᠶᠢᠨ ᠳᠠᠭᠠᠳᠬᠠᠯ ᠤᠨ ᠰᠦᠢᠳᠬᠡᠯ ᠤᠨ 90% ᠪᠠᠷ ᠪᠤᠴᠠᠭᠠᠨ ᠥᠭᠴᠦ᠂ 《ᠭᠤᠶᠤᠴᠢᠯᠠᠬᠤ ᠦᠭᠡᠢ ᠪᠠᠷ ᠰᠢᠭᠤᠳ ᠪᠤᠴᠠᠭᠠᠬᠤ》 ᠪᠠᠷ ᠳᠠᠮᠵᠢᠭᠤᠯᠤᠨ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠳᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠪᠡᠯᠡ ᠮᠥᠩᠭᠦ ᠶᠢ ᠨᠠᠷᠢᠯᠢᠭ ᠣᠨᠣᠴᠠᠲᠠᠢ ᠪᠠᠷ ᠣᠯᠭᠤᠵᠤ᠂ ᠨᠢᠭᠡᠴᠢ ᠶᠢᠨ ᠬᠡᠯᠪᠡᠷᠢ ᠪᠠᠷ ᠳᠠᠭᠠᠳᠬᠠᠯ ᠳᠤ ᠣᠷᠣᠯᠴᠠᠭᠰᠠᠨ ᠬᠤᠪᠢ ᠶᠢᠨ ᠠᠵᠤ ᠠᠬᠤᠢ ᠨᠢ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠢᠳᠡᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠬᠦ ᠬᠡᠷᠡᠭᠲᠡᠢ᠃ ᠬᠦᠷᠦᠯᠴᠡᠬᠦ ᠴᠢᠨᠠᠷᠲᠠᠢ ᠴᠤᠭᠯᠠᠷᠠᠬᠤ ᠴᠢᠨᠠᠷᠲᠠᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ᠂ ᠰᠦᠢᠳᠬᠡᠯ ᠥᠷᠢᠲᠦᠪᠡᠴᠦ ᠬᠠᠩᠭᠠᠯᠭ᠎ᠠ ᠲᠠᠰᠤᠯᠳᠠᠬᠤ ᠦᠭᠡᠢ ᠠᠷᠭ᠎ᠠ ᠬᠡᠮᠵᠢᠶ᠎ᠡ ᠠᠪᠴᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠠᠴᠠ ᠡᠭᠦᠰᠦᠭᠰᠡᠨ ᠤᠰᠤ᠂ ᠴᠠᠬᠢᠯᠭᠠᠨ᠂ ᠰᠢᠲᠠᠮᠠᠬᠠᠢ ᠬᠡᠢ ᠶᠢᠨ ᠵᠠᠷᠤᠳᠠᠯ ᠢ 3 ᠰᠠᠷ᠎ᠠ ᠬᠤᠶᠢᠰᠢᠯᠠᠭᠤᠯᠤᠨ ᠲᠤᠰᠢᠶᠠᠵᠤ ᠪᠣᠯᠬᠤ ᠶᠢᠨ ᠬᠠᠮᠲᠤ᠂ ᠡᠨᠡ ᠬᠦ ᠬᠤᠭᠤᠴᠠᠭᠠᠨ ᠳᠤ ᠡᠭᠦᠰᠦᠭᠰᠡᠨ ᠰᠦᠢᠳᠬᠡᠯ ᠥᠷᠢᠲᠦᠵᠦ ᠭᠡᠷ᠎ᠡ ᠵᠥᠷᠢᠴᠡᠭᠰᠡᠨ ᠮᠥᠩᠭᠦ ᠶᠢ ᠬᠠᠰᠤᠨ ᠬᠡᠯᠲᠦᠷᠢᠭᠦᠯᠵᠦ ᠪᠣᠯᠣᠨ᠎ᠠ᠃ ᠨᠡᠪᠲᠡᠷᠡᠬᠦ ᠦᠨᠡᠮᠯᠡᠯ ᠤᠨ ᠪᠥᠬᠦ ᠤᠯᠤᠰ ᠲᠤ ᠨᠢᠭᠡᠳᠦᠯᠲᠡᠢ ᠮᠡᠳᠡᠷᠡᠬᠦ ᠶᠢ ᠲᠦᠷᠭᠡᠳᠬᠡᠵᠦ᠂ ᠨᠡᠪᠲᠡᠷᠡᠬᠦ ᠦᠨᠡᠮᠯᠡᠯ ᠢ ᠂ ᠰᠦᠯᠵᠢᠶᠡᠨ ᠳᠡᠭᠡᠷ᠎ᠡ ᠭᠦᠢᠴᠡᠳᠬᠡᠬᠦ ᠶᠢ ᠳᠡᠯᠭᠡᠷᠡᠭᠦᠯᠬᠦ ᠬᠡᠷᠡᠭᠲᠡᠢ᠃ ᠠᠴᠢᠶᠠᠨ ᠤ ᠮᠠᠰᠢᠨ ᠤ ᠵᠢᠯᠣᠭᠤᠴᠢ ᠳᠤ 《ᠪᠠᠷᠢᠨ ᠪᠠᠶᠢᠴᠠᠭᠠᠵᠤ ᠪᠠᠷᠢᠨ ᠶᠠᠪᠤᠭᠤᠯᠵᠤ ᠪᠠᠷᠢᠨ ᠨᠡᠬᠡᠬᠦ》 ᠬᠠᠮᠢᠶᠠᠷᠤᠯᠲᠠ ᠶᠢ ᠬᠡᠷᠡᠭᠵᠢᠭᠦᠯᠵᠦ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠳ᠋ᠦᠩ ᠢ ᠪᠥᠬᠦ ᠤᠯᠤᠰ ᠲᠤ ᠬᠠᠷᠢᠯᠴᠠᠨ ᠮᠡᠳᠡᠷᠡᠵᠦ ᠨᠡᠶᠢᠳᠡᠮ ᠬᠡᠷᠡᠭᠯᠡᠨ᠂ ᠨᠡᠪᠲᠡᠷᠡᠬᠦ ᠶᠢ ᠬᠢᠵᠠᠭᠠᠷᠯᠠᠵᠤ ᠪᠣᠯᠬᠤ ᠦᠭᠡᠢ᠂ ᠬᠦᠴᠦᠨ ᠲᠠᠢ ᠬᠤᠭᠤᠴᠠᠭᠠᠨ ᠳᠤ ᠪᠠᠶᠢᠴᠠᠭᠠᠯᠲᠠ ᠬᠢᠯᠭᠡᠬᠦ ᠪᠠᠷ ᠳᠠᠬᠢᠨ ᠳᠠᠪᠲᠠᠨ ᠱᠠᠭᠠᠷᠳᠠᠵᠤ ᠪᠣᠯᠬᠤ ᠦᠭᠡᠢ᠂ ᠠᠴᠢᠶᠠᠨ ᠤ ᠮᠠᠰᠢᠨ ᠤ ᠵᠢᠯᠣᠭᠤᠴᠢ ᠶᠢᠨ ᠠᠵᠢᠯ ᠠᠮᠢᠳᠤᠷᠠᠯ ᠤᠨ ᠦᠢᠯᠡᠴᠢᠯᠡᠭᠡᠨ ᠤ ᠪᠠᠲᠤᠯᠠᠭ᠎ᠠ ᠶᠢ ᠪᠥᠬᠦ ᠲᠠᠯ᠎ᠠ ᠪᠠᠷ ᠴᠢᠩᠭᠠᠳᠬᠠᠬᠤ ᠬᠡᠷᠡᠭᠲᠡᠢ ᠭᠡᠵᠡᠢ᠃
《ᠮᠡᠳᠡᠭᠳᠡᠯ》 ᠳᠤ ᠱᠠᠭᠠᠷᠳᠠᠭᠰᠠᠨ ᠨᠢ᠂ 《ᠲᠤᠰᠠᠯᠠᠮᠵᠢ ᠶᠢᠨ ᠪᠠᠲᠤᠯᠠᠭᠠᠲᠤ ᠵᠢᠭᠡᠯᠡᠯᠭᠡ》 ᠶᠢᠨ ᠳᠡᠮᠵᠢᠯᠭᠡ ᠶᠢᠨ ᠬᠡᠪᠴᠢᠶ᠎ᠡ ᠶᠢ ᠥᠷᠭᠡᠳᠬᠡᠬᠦ᠂ ᠬᠦᠷᠦᠯᠴᠡᠬᠦ ᠴᠢᠨᠠᠷᠲᠠᠢ ᠴᠤᠭᠯᠠᠷᠠᠬᠤ ᠴᠢᠨᠠᠷᠲᠠᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠳᠤ ᠳᠠᠭᠠᠭᠠᠯᠲᠠ ᠬᠠᠩᠭᠠᠬᠤ ᠵᠡᠷᠭᠡ ᠲᠠᠯ᠎ᠠ ᠪᠠᠷ ᠪᠡᠯᠡ ᠲᠣᠬᠢᠷᠠᠭᠤᠯᠭ᠎ᠠ ᠳᠤ ᠳᠠᠭᠠᠭᠠᠯᠲᠠ ᠬᠢᠬᠦ ᠳᠡᠮᠵᠢᠯᠭᠡ ᠶᠢ ᠪᠥᠬᠦ ᠲᠠᠯ᠎ᠠ ᠪᠠᠷ ᠴᠢᠩᠭᠠᠳᠬᠠᠬᠤ ᠬᠡᠷᠡᠭᠲᠡᠢ᠃ ᠡᠭᠦᠨ ᠤ ᠬᠠᠮᠲᠤ᠂ ᠲᠣᠮᠣ ᠬᠡᠯᠪᠡᠷᠢ ᠶᠢᠨ ᠡᠯᠧᠺᠲᠷᠣᠨ ᠬᠤᠳᠠᠯᠳᠤᠭᠠᠨ ᠤ ᠲᠠᠪᠴᠠᠩ ᠤᠨ ᠰᠦᠢᠳᠬᠡᠯ ᠢ ᠪᠠᠭᠤᠷᠠᠭᠤᠯᠤᠨ ᠬᠦᠴᠢᠷᠳᠡᠯ ᠢ ᠰᠢᠢᠳᠪᠦᠷᠢᠯᠡᠬᠦ ᠲᠥᠷᠥ ᠶᠢᠨ ᠪᠣᠳᠣᠯᠭ᠎ᠠ ᠲᠣᠭᠲᠠᠭᠠᠬᠤ ᠶᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ᠂ ᠡᠯ᠎ᠡ ᠲᠥᠷᠥᠯ ᠤᠨ ᠦᠨ᠎ᠡ ᠵᠠᠰᠠᠬᠤ ᠵᠣᠭᠤᠰ ᠢ ᠤᠯᠠᠮ ᠨᠢᠭᠡ ᠠᠯᠬᠤᠮ ᠪᠠᠭᠤᠷᠠᠭᠤᠯᠵᠤ᠂ ᠬᠤᠳᠠᠯᠳᠤᠭᠠᠨ ᠤ ᠡᠷᠦᠬᠡ ᠶᠢᠨ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠬᠡᠷᠡᠭᠲᠡᠢ᠃ ᠲᠠᠪᠤᠨ ᠰᠠᠷ᠎ᠠ ᠶᠢᠨ ᠨᠢᠭᠡᠨ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠵᠡᠷᠭᠡ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠲᠤ ᠠᠩᠬᠠᠷᠤᠯ ᠢᠶᠠᠨ ᠲᠥᠪᠯᠡᠷᠡᠭᠦᠯᠵᠦ᠂ 《ᠨᠡᠷᠡᠲᠦ ᠲᠡᠮᠳᠡᠭᠲᠦ ᠪᠠ ᠶᠠᠰᠤ ᠴᠢᠨᠠᠷ ᠤᠨ ᠰᠦᠯᠵᠢᠶᠡᠨ ᠤ ᠬᠤᠳᠠᠯᠳᠤᠭᠠᠨ ᠤ ᠪᠠᠶᠠᠷ》《ᠲᠠᠪᠤᠨ ᠰᠠᠷ᠎ᠠ ᠶᠢᠨ ᠨᠢᠭᠡᠨ ᠤ ᠪᠠᠶᠠᠷᠲᠤ ᠬᠤᠳᠠᠯᠳᠤᠭ᠎ᠠ》《ᠮᠠᠰᠢᠨ ᠤ ᠪᠥᠭᠡᠮ ᠬᠤᠳᠠᠯᠳᠤᠭ᠎ᠠ》 《ᠠᠮᠲᠠᠲᠤ ᠢᠳᠡᠭᠡᠨ ᠤ ᠴᠤᠭᠯᠠᠭᠠᠨ》 ᠵᠡᠷᠭᠡ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ 600 ᠭᠠᠷᠤᠢ ᠲᠠᠯᠠᠪᠤᠷ ᠠᠴᠠ ᠳᠡᠭᠡᠭᠰᠢ ᠵᠣᠬᠢᠶᠠᠨ ᠪᠠᠶᠢᠭᠤᠯᠤᠨ᠎ᠠ᠃ ᠡᠯ᠎ᠡ ᠭᠠᠵᠠᠷ ᠣᠷᠣᠨ ᠵᠣᠬᠢᠬᠤ ᠬᠡᠪᠴᠢᠶᠡᠨ ᠤ ᠡᠳ᠋ ᠤᠨ ᠵᠠᠰᠠᠭ ᠤᠨ ᠪᠡᠯᠡ ᠮᠥᠩᠭᠦ ᠲᠣᠬᠢᠷᠠᠭᠤᠯᠬᠤ᠂ ᠬᠡᠷᠡᠭᠯᠡᠭᠡᠨ ᠤ ᠲᠤᠯᠭᠠᠨ ᠬᠡᠷᠡᠭᠯᠡᠬᠦ ᠲᠡᠮᠳᠡᠭᠲᠦ ᠲᠠᠷᠬᠠᠭᠠᠬᠤ ᠪᠠᠷ ᠳᠠᠮᠵᠢᠭᠤᠯᠤᠨ᠂ ᠬᠤᠨᠤᠭ ᠪᠠᠭᠤᠳᠠᠯ᠂ ᠢᠳᠡᠭᠡᠨ ᠤᠮᠳᠠᠭᠠᠨ᠂ ᠵᠢᠵᠢᠭᠯᠡᠨ ᠬᠤᠳᠠᠯᠳᠤᠬᠤ᠂ ᠵᠢᠭᠤᠯᠴᠢᠯᠠᠯ ᠵᠡᠷᠭᠡ ᠬᠡᠷᠡᠭᠯᠡᠭᠡᠨ ᠤ ᠬᠡᠪᠴᠢᠶ᠎ᠡ ᠶᠢ ᠥᠷᠭᠡᠳᠬᠡᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠢ ᠪᠥᠬᠦ ᠲᠠᠯ᠎ᠠ ᠪᠠᠷ ᠬᠥᠭᠵᠢᠭᠡᠬᠦ ᠬᠡᠷᠡᠭᠲᠡᠢ ᠭᠡᠵᠡᠢ᠃