ᠵᠤᠬᠢᠶᠠᠭᠴᠢ:
ᠴᠠᠭ:2022-06-17
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠳᠤ ᠲᠤᠰᠠᠭᠠᠷᠯᠠᠬᠤ ᠪᠠᠭᠤᠳᠠᠯ ᠢ ᠪᠠᠶᠢᠴᠠᠭᠠᠪᠠ
2022 6 ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠳᠤ ᠬᠦᠷᠴᠦ ᠲᠤᠰᠠᠭᠠᠷᠯᠠᠬᠤ ᠪᠠᠭᠤᠳᠠᠯ ᠢ ᠪᠠᠶᠢᠴᠠᠭᠠᠪᠠ᠃
ᠤᠷᠢᠳ ᠬᠤᠵᠢᠳ ᠬᠤᠸᠠ ᠰᠢ ᠪᠠᠭᠤᠳᠠᠯ᠂ ᠶᠡᠭᠡ ᠪᠠᠭᠤᠳᠠᠯ ᠳᠤ ᠬᠦᠷᠴᠦ᠂ ᠬᠢᠨᠠᠨ ᠡᠵᠡᠮᠳᠡᠬᠦ ᠳᠦᠷᠰᠦ ᠰᠢᠩᠭᠡᠭᠡᠯᠲᠡ ᠶᠢ ᠨᠠᠷᠢᠨ ᠬᠢᠨᠠᠮᠠᠭᠠᠶ ᠪᠠᠶᠢᠴᠠᠭᠠᠨ ᠦᠵᠡᠵᠦ᠂ ᠠᠵᠢᠯ ᠤᠨ ᠡᠬᠡ ᠲᠠᠩᠰᠠ ᠶᠢ ᠨᠢᠭᠡᠳ ᠨᠢᠭᠡ ᠪᠠᠷ ᠤᠷᠪᠠᠭᠤᠯᠤᠨ ᠦᠵᠡᠵᠦ᠂ ᠡᠷᠢᠶᠡᠨ ᠬᠤᠲᠠ ᠠᠴᠠ ᠰᠢᠯᠵᠢᠭᠦᠯᠦᠨ ᠵᠥᠭᠡᠭᠡᠪᠦᠷᠢᠯᠡᠵᠦ ᠠᠪᠴᠢᠷᠠᠭᠠᠳ ᠲᠤᠰᠠᠭᠠᠷᠯᠠᠵᠤ ᠪᠠᠶᠢᠭ᠎ᠠ ᠬᠥᠮᠦᠰ ᠤᠨ ᠮᠡᠳᠡᠭᠡ ᠵᠠᠩᠭᠢ ᠶᠢ ᠨᠠᠷᠢᠨ ᠣᠶᠢᠯᠠᠭᠠᠵᠤ᠂ ᠠᠷᠢᠭᠤᠳᠬᠠᠨ ᠤᠰᠠᠳᠬᠠᠵᠤ᠂ ᠬᠤᠭ ᠨᠣᠪᠰᠢ ᠶᠢ ᠰᠢᠶᠳᠪᠦᠷᠢᠯᠡᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠪᠠ᠃ ᠲᠡᠷᠡ᠂ ᠲᠤᠰᠠᠭᠠᠷᠯᠠᠬᠤ ᠴᠡᠭ ᠤᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠠᠵᠢᠯᠲᠠᠨ ᠤ ᠪᠣᠯᠪᠠᠰᠤᠷᠠᠯ ᠢ ᠴᠢᠩᠭᠠᠳᠬᠠᠨ᠂ 《ᠭᠤᠷᠪᠠᠨ ᠲᠣᠭᠤᠷᠢᠭ ᠬᠤᠶᠠᠷ ᠨᠡᠪᠳᠡᠷᠡᠬᠦ ᠵᠠᠮ》 ᠵᠡᠷᠭᠡ ᠵᠢᠷᠤᠮᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠱᠠᠯᠠᠪᠳᠠᠭᠤᠯᠤᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠳᠠᠷᠤᠶᠢᠬᠠᠨ ᠰᠠᠶᠢᠵᠢᠷᠠᠭᠤᠯᠤᠨ ᠬᠦᠢᠴᠡᠳᠭᠡᠵᠦ᠂ ᠡᠳᠦᠷ ᠪᠦᠷᠢ ᠴᠡᠪᠡᠷᠯᠡᠨ ᠳ᠋ᠦᠡᠭᠨᠡᠬᠦ ᠭᠡᠷᠡᠭᠳᠠᠢ᠃ ᠬᠥᠮᠦᠨ ᠬᠠᠷ᠎ᠠ᠂ ᠡᠳ᠋ ᠪᠣᠳᠠᠰ᠂ ᠬᠤᠭ ᠨᠣᠪᠰᠢ ᠶᠢ ᠰᠢᠢᠳᠪᠦᠷᠢᠯᠡᠬᠦ ᠪᠦᠬᠦ ᠬᠡᠯᠬᠢᠶᠡᠨ ᠳᠤ ᠪᠢᠲᠡᠭᠦᠮᠵᠢᠯᠡᠭᠰᠡᠨ ᠬᠠᠮᠢᠶᠠᠷᠤᠯᠲᠠ ᠬᠢᠵᠦ᠂ ᠰᠣᠯᠪᠢᠴᠠᠨ ᠬᠠᠯᠳᠠᠪᠤᠷᠢᠯᠠᠬᠤ ᠶᠢ ᠰᠡᠷᠭᠡᠶᠢᠯᠡᠬᠦ ᠬᠡᠷᠡᠭᠲᠡᠢ᠃ ᠲᠤᠰᠠᠭᠠᠷᠯᠠᠭᠳᠠᠵᠤ ᠪᠠᠶᠢᠭ᠎ᠠ ᠬᠥᠮᠦᠰ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠦᠨᠡᠨ ᠬᠦ ᠴᠢᠩᠭᠠᠳᠬᠠᠵᠤ᠂ ᠢᠯᠠᠩᠭᠤᠶ᠎ᠠ ᠨᠠᠰᠤᠲᠠᠶᠢᠴᠤᠳ ᠪᠣᠯᠤᠨ ᠬᠡᠦᠬᠡᠳ ᠢ ᠰᠠᠶᠢᠲᠤᠷ ᠬᠠᠷᠠᠭᠠᠯᠵᠠᠵᠤ᠂ ᠲᠡᠳᠡᠨ ᠢ ᠬᠠᠪᠰᠤᠷᠤᠨ ᠰᠡᠳᠭᠢᠯ ᠤᠨ ᠳᠠᠷᠤᠭᠠᠰᠤ ᠶᠢ ᠨᠢ ᠬᠥᠩᠭᠡᠷᠡᠭᠦᠯᠵᠦ᠂ ᠨᠡᠩ ᠪᠠᠲᠤ ᠴᠢᠩᠭ᠎ᠠ ᠢᠲᠡᠭᠡᠯ ᠵᠣᠷᠢᠭ ᠢᠶᠠᠷ ᠲᠤᠰᠠᠭᠠᠷᠯᠠᠬᠤ ᠬᠤᠭᠤᠴᠠᠭ᠎ᠠ ᠶᠢ ᠥᠩᠭᠡᠷᠡᠭᠦᠯᠬᠦ ᠬᠡᠷᠡᠭᠲᠡᠢ ᠭᠡᠵᠤ ᠲᠠᠬᠢᠨ ᠲᠠᠪᠳᠠᠨ ᠵᠡᠬᠢᠪᠠ᠃