ᠵᠤᠬᠢᠶᠠᠭᠴᠢ:
ᠴᠠᠭ:2022-06-17
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠸᠠᠩ ᠯᠢ ᠰᠢᠶᠠ ᠡᠷᠢᠶᠡᠨ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠤᠨ ᠠᠵᠢᠯᠲᠠᠳ ᠢ ᠪᠤᠯᠭᠤᠭᠠᠨ ᠦᠵᠡᠵᠦ ᠲᠣᠬᠤᠨᠢᠭᠤᠯᠪᠠ
2022 6 ᠰᠠᠷ᠎ᠠ ᠶᠢᠨ 13 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠡᠷᠢᠶᠡᠨ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠵᠢᠭᠦᠷᠯᠡᠬᠦ ᠴᠡᠭ ᠪᠣᠯᠤᠨ ᠡᠮᠴᠢᠯᠡᠭᠡᠨ ᠤ ᠠᠵᠢᠯᠳᠠᠳ ᠤᠨ ᠰᠠᠭᠤᠭ᠎ᠠ ᠭᠠᠵᠠᠷ ᠲᠤ ᠬᠦᠷᠴᠦ᠂ ᠡᠮᠦᠨ᠎ᠡ ᠹᠷᠣᠨᠲ ᠤᠨ ᠠᠵᠢᠯᠲᠠᠳ ᠢ ᠪᠣᠯᠭᠤᠭᠠᠨ ᠦᠵᠡᠵᠥ ᠲᠣᠬᠤᠨᠢᠭᠤᠯᠪᠠ᠃
ᠸᠠᠩ ᠯᠢ ᠰᠢᠶᠠ ᠡᠷᠢᠶᠡᠨ ᠬᠤᠳᠠ ᠶᠢ ᠳᠤᠰᠠᠯᠠᠬᠤ ᠬᠢᠩᠭᠠᠨ ᠠᠶᠢᠮᠠᠬ ᠤᠨ ᠡᠮᠴᠢᠯᠡᠭᠡᠨ ᠤ ᠠᠩᠬᠢ ᠶᠢᠨ ᠰᠠᠭᠤᠭ᠎ᠠ ᠭᠠᠵᠠᠷ ᠲᠤ ᠬᠦᠷᠴᠤ᠂ ᠲᠣᠬᠤᠨᠢᠭᠤᠯᠬᠤ ᠪᠣᠳᠠᠰ ᠬᠦᠷᠭᠡᠵᠦ᠂ ᠤᠯᠠᠨ ᠢᠶᠠᠷ ᠢᠶᠠᠨ ᠠᠮᠤᠷ ᠲᠦᠪᠰᠢᠨ ᠤ ᠬᠠᠮᠠᠭᠠᠯᠠᠯᠲᠠ ᠶᠢ ᠨᠠᠷᠢᠨ ᠬᠢᠨᠠᠮᠠᠭᠠᠢ ᠰᠠᠶᠢᠲᠤᠷ ᠬᠢᠵᠦ᠂ ᠬᠠᠯᠳᠠᠪᠤᠷᠢᠯᠠᠭᠳᠠᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠥᠨᠥᠭᠡᠯᠳᠡ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠬᠡᠷᠡᠭᠲᠡᠢ ᠭᠡᠵᠦ ᠵᠠᠬᠢᠪᠠ᠃ ᠲᠡᠷᠡ᠂ ᠡᠷᠢᠶᠡᠨ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠵᠠᠩᠭᠢᠯᠠᠭ᠎ᠠ ᠶᠢᠨ ᠦᠶ᠎ᠡ ᠳᠤ᠂ ᠲᠠ ᠨᠠᠷ ᠪᠠᠭ᠎ᠠ ᠭᠡᠷ ᠢᠶᠠᠨ ᠠᠷᠤ ᠳᠠᠭᠠᠨ ᠬᠠᠶᠠᠵᠥ᠂ ᠤᠯᠤᠰ ᠤᠷᠤᠨ ᠤ ᠪᠠᠨ ᠲᠥᠯᠥᠭᠡ ᠴᠡᠭᠡᠵᠢ ᠲᠦᠷᠢᠨ ᠵᠢᠳᠬᠦᠵᠦ᠂ ᠡᠮᠦᠨ᠎ᠡ ᠹᠷᠣᠨᠲ ᠲᠤ ᠭᠠᠪᠰᠢᠭᠠᠶᠢᠯᠠᠵᠥ᠂ ᠴᠠᠭᠠᠨ ᠬᠤᠶᠠᠭ ᠢᠶᠠᠨ ᠬᠡᠳᠦᠷᠤᠨ ᠲᠡᠰᠪᠦᠷᠢ ᠬᠠᠲᠠᠭᠤᠵᠢᠯᠲᠠᠢ ᠲᠡᠮᠡᠴᠡᠵᠦ᠂ ᠡᠯ᠎ᠡ ᠵᠦᠢᠯ ᠤᠨ ᠠᠵᠢᠯ ᠤᠨ ᠡᠭᠦᠷᠭᠡ ᠪᠠᠨ ᠭᠠᠷᠮᠠᠭᠠᠢ ᠪᠡᠶᠡᠯᠡᠭᠦᠯᠵᠦ᠂ ᠠᠷᠠᠳ ᠤᠯᠠᠨ ᠤ ᠠᠮᠢ ᠨᠠᠰᠤ ᠡᠷᠡᠭᠦᠯ ᠮᠡᠨᠳᠤ ᠶᠢᠨ ᠠᠮᠤᠷ ᠲᠦᠪᠰᠢᠨ ᠢ ᠬᠠᠮᠠᠭᠠᠯᠠᠪᠠ᠂ ᠲᠠ ᠨᠠᠷ ᠪᠣᠯ ᠬᠠᠮᠤᠭ ᠤᠨ ᠭᠤᠶᠤ ᠰᠥᠷᠭᠡᠦ ᠤᠷᠤᠬᠰᠢᠯᠠᠬᠴᠢᠳ ᠮᠦᠨ ᠬᠡᠪᠡ᠃
ᠶᠠᠪᠠᠭᠠᠨ ᠵᠡᠭᠡᠯᠢ ᠶᠢᠨ ᠳᠤᠮᠳᠠ ᠬᠡᠰᠡᠭ ᠤᠨ ᠵᠢᠵᠢᠭᠦᠷᠯᠡᠬᠦ ᠴᠡᠭ ᠲᠤ᠂ ᠸᠠᠩ ᠯᠢ ᠰᠢᠶᠠ ᠵᠢᠵᠢᠭᠦᠷᠯᠡᠵᠦ ᠪᠠᠶᠢᠭ᠎ᠠ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠨᠠᠷ ᠢ ᠳᠣᠲᠣᠨᠣ ᠪᠠᠷ ᠲᠣᠬᠤᠨᠢᠭᠤᠯᠪᠠ᠃ ᠲᠡᠷᠡ᠂ ᠬᠢᠵᠢᠭ ᠤᠨ ᠪᠠᠶᠢᠳᠠᠯ ᠭᠠᠷᠤᠬᠰᠠᠨ ᠤ ᠳᠠᠷᠠᠭ᠎ᠠ᠂ ᠥᠷᠭᠡᠨ ᠣᠯᠠᠨ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠵᠠᠷᠯᠢᠭ ᠢ ᠲᠤᠰᠤᠮᠠᠭᠴᠠ ᠪᠠᠨ ᠬᠥᠳᠡᠯᠦᠯᠴᠡᠵᠦ᠂ ᠡᠳᠦᠷᠵᠢᠨ ᠰᠥᠨᠢᠵᠢᠨ ᠠᠵᠢᠯ ᠢᠶᠠᠨ ᠥᠷᠨᠢᠭᠦᠯᠵᠦ᠂ ᠳᠠᠭᠤᠳᠠᠮᠠᠬᠴᠠ ᠢᠷᠡᠵᠦ ᠂ ᠢᠷᠡᠮᠡᠭᠴᠡ ᠪᠠᠶᠢᠯᠳᠤᠵᠤ ᠂ ᠶᠢ ᠪᠡᠶᠡᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠲᠣᠪᠣᠶᠢᠮ᠎ᠠ ᠬᠤᠪᠢ ᠨᠡᠮᠡᠷᠢ ᠦᠵᠡᠭᠦᠯᠪᠡ᠃ ᠲᠠ ᠨᠠᠷ ᠤᠨ ᠬᠢᠵᠢᠭ ᠲᠠᠢ ᠲᠡᠮᠡᠴᠡᠬᠦ ᠠᠭᠤᠤ ᠶᠡᠭᠡ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠬᠦᠴᠢᠷ ᠠᠴᠠ ᠠᠶᠤᠬᠤ ᠦᠭᠡᠢ ᠪᠠᠷ ᠦᠷᠭᠦᠯᠵᠢᠯᠡᠨ ᠴᠢᠷᠮᠠᠶᠢᠵᠤ᠂ ᠦᠷᠭᠦᠯᠵᠢᠯᠡᠨ ᠪᠣᠭᠤᠮᠲᠠ ᠰᠢᠪᠲᠤᠯᠵᠤ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠦᠬᠦ ᠲᠠᠯ᠎ᠠ ᠶᠢᠨ ᠢᠯᠠᠯᠲᠠ ᠶᠢ ᠲᠡᠮᠡᠴᠡᠨ ᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃
ᠸᠠᠩ ᠯᠢ ᠰᠢᠶᠠ ᠪᠠᠰᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠡᠮᠦᠨ᠎ᠡ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠢ ᠪᠠᠲᠤ ᠰᠠᠬᠢᠵᠤ ᠪᠠᠶᠢᠭ᠎ᠠ ᠪᠦᠬᠦ ᠠᠵᠢᠯᠳᠠᠨ ᠳᠤ ᠲᠣᠬᠤᠨᠢᠭᠤᠯᠤᠯ ᠬᠦᠷᠭᠡᠪᠡ᠃