ᠵᠤᠬᠢᠶᠠᠭᠴᠢ:
ᠴᠠᠭ:2022-07-01
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠰᠢᠶᠠᠩᠭᠠᠩ ᠡᠬᠡ ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠵᠢᠴᠢ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠢᠷᠭᠤᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠳᠤ ᠭᠠᠷᠬᠤ ᠶᠣᠰᠣᠯᠠᠯ ᠳᠤ ᠣᠷᠣᠯᠴᠠᠬᠤ ᠶᠢᠨ ᠬᠠᠮᠳᠤ ᠰᠢᠶᠠᠩᠭᠠᠩ ᠳᠤ ᠰᠢᠨᠵᠢᠯᠡᠨ ᠪᠠᠶᠢᠴᠠᠭᠠᠬᠤ ᠪᠠᠷ ᠰᠢ ᠶᠢᠨ ᠫᠢᠩ ᠰᠢᠶᠠᠩᠭᠠᠩ ᠳᠤ ᠬᠦᠷᠪᠡ
ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠯᠢᠨ ᠵᠧᠩ ᠶᠤᠸᠠᠢ ᠧ ᠨᠡᠷ ᠲᠦᠷᠭᠡᠨ ᠤ ᠲᠡᠮᠦᠷ ᠵᠠᠮ ᠤᠨ ᠰᠢ ᠵᠢᠦ ᠯᠦᠩ ᠦᠷᠳᠡᠭᠡ ᠳᠤ ᠬᠦᠷᠴᠦ ᠤᠭᠲᠤᠪᠠ
ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 2022 6 30 ᠤ ᠦᠳᠡ ᠶᠢᠨ ᠬᠤᠶᠢᠨ᠎ᠠ ᠲᠤᠰᠬᠠᠢ ᠭᠠᠯᠲᠤ ᠲᠡᠷᠭᠡ ᠪᠠᠷ ᠰᠢᠶᠠᠩᠭᠠᠩ ᠳᠤ ᠬᠦᠷᠴᠦ᠂ 2022 7 ᠰᠠᠷ᠎ᠠ ᠶᠢᠨ 1 ᠤ ᠡᠳᠦᠷ ᠶᠠᠪᠤᠭᠳᠠᠬᠤ ᠰᠢᠶᠠᠩᠭᠠᠩ ᠡᠬᠡ ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠵᠢᠴᠢ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠢᠷᠭᠤᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠳᠤ ᠭᠠᠷᠬᠤ ᠶᠣᠰᠣᠯᠠᠯ ᠳᠤ ᠣᠷᠣᠯᠴᠠᠬᠤ ᠶᠢᠨ ᠬᠠᠮᠲᠤ ᠰᠢᠶᠠᠩᠭᠠᠩ ᠳᠤ ᠰᠢᠨᠵᠢᠯᠡᠨ ᠪᠠᠶᠢᠴᠠᠭᠠᠬᠤ ᠪᠠᠷ ᠪᠤᠯᠪᠠ᠃
15 ᠴᠠᠭ 10 ᠮᠢᠨᠦ᠋ᠲ ᠤᠨ ᠦᠶ᠎ᠡ ᠪᠠᠷ᠂ ᠰᠢ ᠶᠢᠨ ᠫᠢᠩ ᠤᠨ ᠰᠠᠭᠤᠭᠰᠠᠨ ᠲᠤᠰᠬᠠᠶ ᠭᠠᠯᠲᠤ ᠲᠡᠷᠭᠡ ᠳᠦᠷᠬᠡᠨ ᠤ ᠳᠡᠮᠤᠷ ᠵᠠᠮ ᠤᠨ ᠰᠢᠶᠠᠩᠭᠠᠩ ᠤᠨ ᠰᠢ ᠵᠢᠦ ᠯᠦᠩ ᠥᠷᠲᠡᠭᠡ ᠳᠤ ᠬᠥᠷᠪᠡ᠃ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠸᠠᠭᠤᠨ ᠠᠴᠠ ᠠᠯᠬᠤᠨ ᠭᠠᠷᠬᠤ ᠳᠤ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠯᠢᠨ ᠵᠧᠩ ᠶᠤᠸᠠᠢ ᠧ ᠡᠷ᠎ᠡ ᠨᠥᠬᠦᠷ ᠯᠢᠨ ᠵᠤᠤ ᠪᠥᠸᠧ ᠲᠠᠢ ᠪᠠᠨ ᠤᠭᠲᠤᠨ ᠠᠪᠤᠪᠠ᠃ ᠤᠭᠲᠤᠬᠤ ᠶᠣᠰᠣᠯᠠᠯ ᠳᠡᠭᠡᠷ᠎ᠡ᠂ ᠰᠢᠶᠠᠩᠭᠠᠩ ᠤᠨ ᠴᠠᠭᠳᠠᠭᠠᠨ ᠤ ᠬᠥᠭᠵᠢᠮ ᠤᠨ ᠠᠩᠬᠢ ᠬᠠᠯᠠᠭᠤᠮᠰᠤᠭ ᠤᠭᠲᠤᠬᠤ ᠠᠶᠠᠰ ᠬᠥᠭᠵᠢᠮᠳᠡᠵᠦ᠂ ᠴᠤᠭ ᠵᠢᠪᠬᠤᠭ᠎ᠠ ᠲᠡᠭᠦᠯᠳᠡᠷ ᠠᠷᠰᠯᠠᠨ ᠤ ᠪᠦᠵᠢᠭ ᠪᠥᠵᠢᠭᠯᠡᠵᠦ᠂ ᠬᠡᠳᠦᠨ ᠵᠠᠭᠤᠨ ᠨᠡᠷᠡᠰ ᠰᠢᠶᠠᠩᠭᠠᠩ ᠤᠨ ᠵᠠᠯᠠᠭᠤᠴᠤᠳ ᠪᠠᠭᠠᠴᠤᠳ ᠪᠣᠯᠤᠨ ᠡᠯ᠎ᠡ ᠡᠲᠡᠭᠡᠳ ᠤᠨ ᠤᠯᠠᠨ ᠲᠦᠮᠡᠨ ᠤ ᠲᠥᠯᠥᠭᠡᠯᠡᠭᠴᠢ ᠤᠯᠤᠰ ᠤᠨ ᠲᠤᠭ᠂ ᠣᠨᠴᠠᠭᠠᠢ ᠵᠠᠰᠠᠭ ᠵᠠᠬᠢᠷᠭᠠᠨ ᠤ ᠣᠷᠣᠨ ᠤ ᠲᠤᠭ ᠪᠣᠯᠤᠨ ᠰᠣᠷᠭᠤᠭ ᠴᠡᠴᠡᠭ ᠠᠳᠬᠤᠵᠥ᠂ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠭᠡᠪᠡ᠃ ᠰᠢ ᠶᠢᠨ ᠫᠢᠩ ᠪᠣᠯᠤᠨ ᠫᠧᠩ ᠯᠢ ᠶᠤᠸᠠᠨ ᠤᠭᠲᠤᠬᠤ ᠪᠠᠷ ᠢᠷᠡᠭᠰᠡᠨ ᠬᠥᠮᠦᠰ ᠤᠨ ᠵᠦᠭ ᠭᠠᠷ ᠳᠠᠯᠠᠯᠤᠨ ᠮᠡᠨᠳᠦᠴᠢᠯᠡᠯ ᠬᠦᠷᠭᠡᠪᠡ᠃
ᠰᠢ ᠶᠢᠨ ᠫᠢᠩ ᠤᠨ ᠡᠨᠡ ᠤᠳᠠᠭ᠎ᠠ ᠶᠢᠨ ᠰᠢᠶᠠᠩᠭᠠᠩ ᠳᠤ ᠬᠦᠷᠦᠭᠰᠡᠨ ᠶᠠᠪᠤᠳᠠᠯ ᠨᠢ ᠤᠯᠤᠰ ᠤᠨ ᠳᠣᠲᠣᠭᠠᠳᠤ ᠭᠠᠳᠠᠭᠠᠳᠤ ᠶᠢᠨ ᠬᠢᠨ ᠤ ᠳᠡᠭᠡᠳᠦ ᠬᠡᠮᠵᠢᠶᠡᠨ ᠤ ᠠᠩᠬᠠᠷᠤᠯ ᠢ ᠲᠠᠲᠠᠵᠤ᠂ ᠳᠤᠮᠳᠠᠳᠤ ᠭᠠᠳᠠᠭᠠᠳᠤ ᠶᠢᠨ ᠰᠤᠷᠪᠤᠯᠵᠢᠯᠠᠭᠴᠢᠳ ᠲᠤᠬᠠᠢ ᠶᠢᠨ ᠲᠠᠯᠠᠪᠠᠢ ᠳᠤ ᠬᠦᠯᠢᠶᠡᠵᠦ ᠪᠠᠶᠢᠯ᠎ᠠ᠃ ᠰᠢ ᠶᠢᠨ ᠫᠢᠩ ᠰᠤᠷᠪᠤᠯᠵᠢᠯᠠᠭ᠎ᠠ ᠬᠦᠯᠢᠶᠡᠬᠦ ᠲᠣᠭᠤᠷᠢᠭ ᠲᠤ ᠬᠦᠷᠴᠦ᠂ ᠲᠤᠬᠠᠢ ᠶᠢᠨ ᠲᠠᠯᠠᠪᠠᠢ ᠳᠤ ᠪᠠᠶᠢᠭ᠎ᠠ ᠰᠤᠷᠪᠤᠯᠵᠢᠯᠠᠭᠴᠢᠳ ᠲᠠᠢ ᠮᠡᠨᠳᠦᠴᠢᠯᠡᠪᠡ᠃ ᠲᠡᠷᠡ᠂ ᠮᠠᠷᠭᠠᠰᠢ ᠪᠣᠯ ᠰᠢᠶᠠᠩᠭᠠᠩ ᠡᠬᠡ ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ ᠤᠢ ᠶᠢ ᠪᠡᠯᠬᠡᠯᠡᠬᠦ ᠪᠠᠶᠠᠷ ᠤᠨ ᠡᠳᠦᠷ ᠪᠣᠯᠤᠨ᠎ᠠ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠰᠢᠶᠠᠩᠭᠠᠩ ᠤᠨ ᠠᠬ᠎ᠠ ᠳᠡᠭᠦᠦ ᠨᠡᠷ ᠲᠠᠢ ᠬᠠᠮᠲᠤ ᠡᠨᠡ ᠬᠦ ᠪᠠᠶᠠᠷ ᠤᠨ ᠶᠠᠪᠤᠳᠠᠯ ᠢ ᠪᠡᠯᠭᠡᠯᠡᠬᠦ ᠪᠣᠯᠤᠨ᠎ᠠ᠃ ᠪᠢ ᠰᠢᠶᠠᠩᠭᠠᠩ ᠤᠨ ᠠᠬ᠎ᠠ ᠳᠡᠭᠦᠦ ᠨᠡᠷ ᠲᠤ ᠬᠠᠯᠠᠭᠤᠨ ᠪᠠᠶᠠᠷ ᠬᠦᠷᠭᠡᠵᠦ ᠰᠠᠶᠢᠨ ᠰᠠᠶᠢᠬᠠᠨ ᠵᠥᠩᠨᠡᠯ ᠳᠡᠪᠰᠢᠭᠦᠯᠵᠦ ᠪᠠᠶᠢᠨ᠎ᠠ ᠬᠡᠵᠥ ᠢᠯᠡᠳᠬᠡᠪᠡ᠃
ᠰᠢ ᠶᠢᠨ ᠫᠢᠩ᠂ ᠪᠢ ᠰᠢᠶᠠᠩᠭᠠᠩ ᠢ ᠢᠮᠠᠭᠲᠠ ᠠᠩᠬᠠᠷᠴᠤ᠂ ᠰᠢᠶᠠᠩᠭᠠᠩ ᠢ ᠢᠮᠠᠭᠲᠠ ᠰᠠᠨᠠᠭᠠᠯᠵᠠᠵᠤ᠂ ᠮᠢᠨᠦ ᠰᠡᠳᠭᠢᠯ ᠪᠣᠯᠤᠨ ᠲᠥᠪ ᠵᠠᠰᠠᠭ ᠤᠨ ᠣᠷᠳᠣᠨ ᠤ ᠰᠡᠳᠭᠢᠯ ᠢᠮᠠᠭᠲᠠ ᠰᠢᠶᠠᠩᠭᠠᠩ ᠤᠨ ᠠᠬ᠎ᠠ ᠳᠡᠭᠦᠦ ᠨᠡᠷ ᠲᠠᠢ ᠬᠠᠮᠲᠤ ᠪᠠᠶᠢᠨ᠎ᠠ᠃ ᠥᠩᠭᠡᠷᠡᠭᠰᠡᠨ ᠨᠢᠭᠡ ᠬᠤᠭᠤᠴᠠᠭᠠᠨ ᠳᠤ᠂ ᠰᠢᠶᠠᠩᠭᠠᠩ ᠤᠳᠠᠭ᠎ᠠ ᠪᠦᠷᠢ ᠶᠢᠨ ᠬᠠᠲᠠᠭᠤ ᠴᠢᠩᠭ᠎ᠠ ᠰᠢᠯᠭᠠᠯᠲᠠ ᠶᠢ ᠲᠤᠭᠤᠯᠵᠥ᠂ ᠨᠢᠬᠡᠳ ᠨᠢᠬᠡ ᠶᠢᠨ ᠠᠶᠤᠯ ᠲᠦᠭᠰᠢᠭᠦᠷᠢ ᠥᠷᠢᠰᠥᠯᠳᠦᠭᠡᠨ ᠢ ᠢᠯᠠᠨ ᠳᠠᠪᠠᠵᠤ᠂ ᠰᠠᠯᠬᠢ ᠪᠣᠷᠣᠭᠠᠨ ᠤ ᠲᠠᠷᠠᠭ᠎ᠠ ᠰᠢᠶᠠᠩᠭᠠᠩ ᠲᠠᠬᠢᠨᠳᠠ ᠠᠮᠢᠯᠠᠵᠤ᠂ ᠴᠤᠭ ᠪᠠᠳᠠᠷᠠᠩᠭᠤᠢ ᠠᠮᠢᠵᠢᠷᠠᠯ ᠤᠨ ᠬᠦᠴᠦᠨ ᠢᠶᠠᠨ ᠢᠯᠡᠷᠡᠭᠦᠯᠪᠡ᠃ 《ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ》 ᠨᠢ ᠬᠦᠴᠦᠷᠬᠡᠭ ᠶᠡᠭᠡ ᠠᠮᠢᠵᠢᠷᠠᠯ ᠤᠨ ᠬᠦᠴᠦᠨ ᠲᠠᠢ ᠪᠠᠶᠢᠵᠤ᠂ ᠰᠢᠶᠠᠩᠭᠠᠩ ᠤᠨ ᠤᠷᠳᠤ ᠬᠤᠭᠤᠴᠠᠭᠠᠨ ᠤ ᠴᠡᠴᠡᠭᠯᠡᠯ ᠬᠥᠭᠵᠢᠯ ᠪᠠ ᠲᠣᠭᠲᠠᠭᠤᠨ ᠪᠠᠶᠢᠳᠠᠯ ᠢ ᠪᠠᠲᠤᠯᠠᠬᠤ᠂ ᠰᠢᠶᠠᠩᠭᠠᠩ ᠤᠨ ᠠᠬ᠎ᠠ ᠳᠡᠭᠦᠦ ᠨᠡᠷ ᠤᠨ ᠠᠵᠠ ᠵᠢᠷᠭᠠᠯ ᠢ ᠬᠠᠮᠠᠭᠠᠯᠠᠬᠤ ᠰᠠᠶᠢᠨ ᠪᠠᠶᠢᠭᠤᠯᠤᠯ ᠪᠣᠯᠬᠤ ᠶᠢ ᠪᠣᠳᠠᠲᠤ ᠶᠠᠪᠤᠳᠠᠯ ᠭᠡᠷᠡᠴᠢᠯᠡᠪᠡ ᠬᠡᠵᠥ ᠵᠢᠭᠠᠵᠥ ᠭᠠᠷᠭᠠᠪᠠ᠃
ᠰᠢ ᠶᠢᠨ ᠫᠢᠩ᠂ ᠡᠭᠦᠷᠢᠳᠡ ᠰᠢᠨᠳᠠᠷᠠᠰᠢ ᠦᠭᠡᠢ ᠤᠷᠤᠭᠰᠢᠯᠠᠪᠡᠯ ᠢᠷᠡᠭᠡᠳᠦᠢ ᠬᠦᠰᠡᠯ ᠡᠷᠡᠮᠡᠯᠵᠡᠯ ᠲᠠᠢ ᠪᠤᠯᠬᠤ ᠶᠤᠮ᠃ 《ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ》 ᠶᠢ ᠭᠤᠶᠢᠪᠢᠰᠢ ᠦᠭᠡᠢ ᠪᠠᠷᠢᠮᠲᠠᠯᠠᠳᠠᠭ ᠯᠡ ᠶᠤᠮ ᠪᠤᠯ ᠰᠢᠶᠠᠩᠭᠠᠩ ᠤᠨ ᠢᠷᠡᠭᠡᠳᠦᠢ ᠯᠠᠪᠲᠠᠢ ᠨᠡᠩ ᠰᠠᠶᠢᠨ ᠰᠠᠶᠢᠬᠠᠨ ᠪᠤᠯᠵᠤ᠂ ᠰᠢᠶᠠᠩᠭᠠᠩ ᠯᠠᠪᠲᠠᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠪᠣᠯᠤᠨ᠎ᠠ ᠬᠡᠵᠥ ᠴᠢᠬᠤᠯᠠᠴᠢᠯᠠᠪᠠ᠃
ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠱᠦᠵᠢ ᠨᠡᠷ ᠤᠨ ᠭᠠᠵᠠᠷ ᠤᠨ ᠱᠦᠵᠢ᠂ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠡᠷᠬᠢᠯᠡᠭᠴᠢ ᠳ᠋ᠢᠩ ᠰᠢᠤᠸᠠᠢ ᠰᠢᠶᠠᠩ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠳᠡᠳ᠋ ᠲᠡᠷᠢᠭᠦᠯᠡᠭᠴᠢ ᠰᠢᠤᠢ ᠴᠢ ᠯᠢᠶᠠᠩ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ ᠱᠧᠨ ᠶᠤᠸᠠᠢ ᠶᠤᠸᠠᠢ᠂ ᠲᠦᠷᠦ ᠶᠢᠨ ᠶᠠᠪᠤᠳᠠᠯ ᠤᠨ ᠭᠡᠰᠢᠭᠦᠨ ᠪᠥᠭᠡᠳ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠸᠠᠩ ᠢ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠶᠠᠩᠭᠠᠩ ᠣᠣᠮᠧᠨ ᠤ ᠬᠡᠷᠡᠭ ᠡᠷᠬᠢᠯᠡᠬᠦ ᠠᠯᠪᠠᠨ ᠭᠡᠷ ᠤᠨ ᠡᠷᠬᠢᠯᠡᠭᠴᠢ ᠰᠢᠶᠠ ᠪᠣᠣ ᠯᠦᠩ ᠵᠡᠷᠭᠡ ᠪᠠᠷ᠎ᠠ ᠪᠣᠯᠤᠭᠰᠠᠳ ᠬᠠᠮᠲᠤ ᠬᠦᠷᠪᠡ᠃
ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠶᠠᠩ ᠵᠧᠨ ᠶᠢᠩ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠶᠢᠨ ᠲᠤᠰᠢᠶᠠᠯ ᠳᠤ ᠭᠠᠷᠬᠤ ᠪᠠᠷ ᠪᠠᠶᠢᠭ᠎ᠠ ᠯᠢ ᠵᠢᠶᠠ ᠴᠤᠤ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠡᠴᠦᠰ ᠤᠨ ᠰᠢᠭᠦᠯᠲᠡ ᠶᠢᠨ ᠰᠢᠭᠦᠬᠦ ᠬᠤᠷᠢᠶᠠᠨ ᠤ ᠲᠡᠷᠢᠭᠦᠨ ᠰᠢᠭᠦᠭᠴᠢ ᠵᠠᠩ ᠵᠢᠤᠢ ᠨᠧᠩ᠂ ᠡᠳ᠋ ᠤᠨ ᠵᠠᠰᠠᠭ ᠤᠨ ᠵᠤᠷᠭᠠᠨ ᠤ ᠳᠠᠷᠤᠭ᠎ᠠ ᠴᠧᠨ ᠮᠤᠤ ᠪᠥᠸᠧ᠂ ᠬᠠᠤᠯᠢ ᠴᠠᠭᠠᠵᠠ ᠶᠢᠨ ᠵᠠᠰᠠᠭ ᠤᠨ ᠶᠠᠪᠤᠳᠠᠯ ᠤᠨ ᠵᠤᠷᠭᠠᠨ ᠤ ᠳᠠᠷᠤᠭ᠎ᠠ ᠵᠧᠩ ᠷᠦᠸᠧ ᠬᠤᠸᠠ᠂ ᠬᠠᠤᠯᠢ ᠲᠣᠭᠲᠠᠭᠠᠬᠤ ᠬᠤᠷᠠᠯ ᠤᠨ ᠲᠡᠷᠢᠭᠦᠯᠡᠭᠴᠢ ᠯᠢᠶᠠᠩ ᠵᠢᠶᠦ᠋ᠨ ᠶᠠᠨ᠂ ᠵᠠᠰᠠᠭ ᠵᠠᠬᠢᠷᠭᠠᠨ ᠤ ᠬᠤᠷᠠᠯ ᠤᠨ ᠠᠯᠪᠠᠨ ᠲᠤᠰᠢᠶᠠᠯᠲᠠᠨ ᠪᠤᠰᠤ ᠵᠥᠪᠯᠡᠯᠭᠡᠨ ᠤ ᠭᠡᠰᠢᠭᠦᠨ ᠴᠤᠭᠯᠠᠭᠤᠯᠤᠭᠴᠢ ᠴᠧᠨ ᡁᠢ ᠨᠡᠷ ᠲᠡᠷᠭᠡᠨ ᠥᠷᠲᠡᠭᠡᠨ ᠳᠤ ᠬᠦᠷᠴᠦ ᠤᠭᠲᠤᠪᠠ᠃
ᠲᠥᠪ ᠵᠠᠰᠠᠭ ᠤᠨ ᠣᠷᠳᠣᠨ ᠤ ᠰᠢᠶᠠᠩᠭᠠᠩ ᠳᠤ ᠰᠠᠭᠤᠭ᠎ᠠ ᠬᠤᠯᠪᠣᠭ᠎ᠠ ᠠᠪᠬᠤ ᠠᠯᠪᠠᠨ ᠭᠡᠷ ᠤᠨ ᠡᠷᠬᠢᠯᠡᠭᠴᠢ ᠯᠦᠸᠧ ᠨᠢᠩ᠂ ᠲᠥᠪ ᠵᠠᠰᠠᠭ ᠤᠨ ᠣᠷᠳᠣᠨ ᠤ ᠰᠢᠶᠠᠩᠭᠠᠩ ᠳᠤ ᠰᠠᠭᠤᠭ᠎ᠠ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠵᠠᠬᠢᠷᠭ᠎ᠠ ᠶᠢᠨ ᠳᠠᠷᠤᠭ᠎ᠠ ᠵᠧᠩ ᠶᠠᠨ ᠰᠢᠶᠦ᠋ᠩ᠂ ᠭᠠᠳᠠᠭᠠᠳᠤ ᠶᠠᠪᠤᠳᠠᠯ ᠤᠨ ᠶᠠᠮᠤᠨ ᠤ ᠰᠢᠶᠠᠩᠭᠠᠩ ᠳᠤ ᠰᠠᠭᠤᠭ᠎ᠠ ᠤᠨᠴᠠ ᠲᠤᠮᠢᠯᠠᠬᠴᠢ ᠶᠢᠨ ᠵᠠᠬᠢᠷᠭ᠎ᠠ ᠶᠢᠨ ᠣᠨᠴᠠ ᠲᠣᠮᠢᠯᠠᠭᠳᠠᠭᠴᠢ ᠯᠢᠦ ᠭᠤᠸᠠᠩ ᠶᠤᠸᠠᠨ᠂ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ ᠰᠢᠶᠠᠩᠭᠠᠩ ᠳᠤ ᠰᠠᠭᠤᠭ᠎ᠠ ᠴᠡᠷᠢᠭ ᠠᠩᠬᠢ ᠶᠢᠨ ᠺᠤᠮᠠᠨᠳ᠋ᠯᠠᠭᠴᠢ ᠫᠧᠩ ᠵᠢᠩ ᠲᠠᠩ᠂ ᠺᠣᠮᠢᠰᠰᠠᠷ ᠯᠠᠢ ᠷᠥ᠋ ᠰᠢᠨ ᠨᠡᠷ ᠴᠦ ᠲᠡᠷᠭᠡᠨ ᠥᠷᠲᠡᠭᠡᠨ ᠳᠤ ᠬᠦᠷᠴᠦ ᠤᠭᠲᠤᠪᠠ᠃