ᠵᠤᠬᠢᠶᠠᠭᠴᠢ:
ᠴᠠᠭ:2022-07-01
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠰᠢ ᠶᠢᠨ ᠫᠢᠩ ᠰᠦᠯᠵᠢᠶᠡᠨ ᠢᠷᠭᠡᠳ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠬᠤᠯᠪᠣᠭᠳᠠᠯ ᠪᠦᠬᠦᠢ ᠠᠵᠢᠯ ᠳᠠᠬᠢ ᠰᠠᠨᠠᠯ ᠰᠠᠨᠠᠭᠤᠯᠭ᠎ᠠ ᠶᠢ ᠰᠤᠳᠤᠯᠤᠨ ᠰᠢᠩᠭᠡᠭᠡᠨ ᠠᠪᠬᠤ ᠲᠤᠬᠠᠢ ᠴᠢᠬᠤᠯᠠ ᠵᠢᠭᠠᠪᠤᠷᠢ ᠥᠭᠴᠦ ᠴᠢᠬᠤᠯᠠᠴᠢᠯᠠᠬᠰᠠᠨ ᠨᠢ᠄ ᠢᠨᠲ᠋ᠧᠷ ᠰᠦᠯᠵᠢᠶ᠎ᠡ ᠵᠡᠷᠭᠡ ᠡᠯ᠎ᠡ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠬᠡᠷᠡᠭᠴᠡᠭᠡ ᠱᠠᠭᠠᠷᠳᠠᠯᠭ᠎ᠠ ᠶᠢ ᠠᠷᠠᠳ ᠠᠴᠠ ᠠᠰᠠᠭᠤᠵᠤ ᠠᠷᠭ᠎ᠠ ᠪᠤᠳᠤᠯᠭ᠎ᠠ ᠶᠢ ᠠᠷᠠᠳ ᠠᠴᠠ ᠠᠰᠠᠭᠤᠬᠤ ᠳᠠᠭᠠᠨ ᠴᠢᠳᠠᠮᠠᠭᠠᠢ ᠪᠠᠶᠢᠵᠤ ᠨᠡᠩ ᠰᠠᠶᠢᠳᠤᠷ ᠠᠷᠠᠳ ᠤᠨ ᠬᠦᠰᠡᠯ ᠰᠠᠨᠠᠯ ᠢ ᠰᠣᠨᠣᠰᠴᠤ ᠠᠷᠠᠳ ᠤᠨ ᠰᠠᠨᠠᠭ᠎ᠠ ᠶᠢ ᠬᠦᠨᠳᠦᠳᠭᠡᠵᠦ ᠠᠷᠠᠳ ᠤᠨ ᠰᠡᠳᠭᠢᠯ ᠳᠤ ᠨᠡᠶᠢᠴᠡᠭᠦᠯᠬᠦ ᠬᠡᠷᠡᠭᠲᠡᠢ
ᠰᠢᠨᠬᠤᠸᠠ ᠬᠤᠷᠢᠶᠠᠨ ᠤ ᠪᠡᠭᠡᠵᠢᠩ ᠤᠨ 2022 6 ᠰᠠᠷ᠎ᠠ ᠶᠢᠨ 26 ᠤ ᠴᠠᠬᠢᠯᠭᠠᠨ ᠮᠡᠳᠡᠭᠡ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠤᠶᠢᠷ᠎ᠠ ᠳᠤ ᠰᠦᠯᠵᠢᠶᠠᠨ ᠢᠷᠭᠡᠳ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠬᠤᠯᠪᠤᠬᠳᠠᠯ ᠪᠦᠬᠦᠢ ᠠᠵᠢᠯ ᠳᠠᠬᠢ ᠰᠠᠨᠠᠯ ᠰᠠᠨᠠᠭᠤᠯᠭ᠎ᠠ ᠶᠢ ᠰᠤᠳᠤᠯᠤᠨ ᠰᠢᠩᠭᠡᠭᠡᠨ ᠠᠪᠬᠤ ᠲᠤᠬᠠᠢ ᠴᠢᠬᠤᠯᠠ ᠵᠢᠭᠠᠪᠤᠷᠢ ᠦᠭᠴᠤ᠂ ᠨᠠᠮ ᠤᠨ ᠬᠤᠷᠢᠳᠤᠭᠠᠷ ᠶᠡᠭᠡ ᠬᠤᠷᠠᠯ ᠪᠤᠯ ᠨᠠᠮ ᠪᠤᠯᠤᠨ ᠤᠯᠤᠰ ᠤᠨ ᠤᠯᠤᠰ ᠲᠦᠷᠦ ᠶᠢᠨ ᠠᠮᠢᠳᠤᠷᠠᠯ ᠲᠤᠮᠳᠠᠬᠢ ᠨᠢᠭᠡᠨ ᠲᠤᠮᠤ ᠶᠠᠪᠤᠳᠠᠯ ᠮᠦᠨ᠃ ᠨᠠᠮ ᠤᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠯᠪᠣᠭᠳᠠᠯ ᠪᠦᠬᠦᠢ ᠠᠵᠢᠯ ᠤᠨ ᠲᠤᠭᠤᠷᠢᠨ ᠳᠤ ᠰᠦᠯᠵᠢᠶᠡᠨ ᠳᠡᠭᠡᠷ᠎ᠡ ᠰᠠᠨᠠᠯ ᠬᠤᠷᠢᠶᠠᠬᠤ ᠪᠣᠯ ᠪᠦᠬᠦ ᠨᠠᠮ ᠪᠦᠬᠦ ᠨᠡᠶᠢᠭᠡᠮ ᠢᠶᠠᠷ ᠢᠶᠠᠨ ᠤᠯᠤᠰ ᠤᠷᠤᠨ ᠤ ᠬᠥᠭᠵᠢᠯᠲᠡ᠂ ᠦᠨᠳᠦᠰᠦᠲᠡᠨ ᠤ ᠰᠡᠷᠭᠦᠨ ᠮᠠᠨᠳᠤᠯᠲᠠ ᠳᠤ ᠠᠷᠭ᠎ᠠ ᠤᠬᠠᠭᠠᠨ ᠭᠠᠷᠭᠠᠵᠤ ᠥᠭᠬᠦ ᠨᠢᠭᠡ ᠵᠦᠢᠯ ᠤᠨ ᠪᠦᠲᠦᠮᠵᠢᠲᠡᠢ ᠠᠷᠭ᠎ᠠ ᠬᠡᠯᠪᠡᠷᠢ ᠪᠤᠯᠬᠤ ᠪᠦᠭᠡᠳ ᠪᠠᠰᠠ ᠴᠤ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠠᠮᠢᠳᠤᠯᠢᠭ ᠢᠯᠡᠷᠡᠯ ᠮᠥᠨ᠃ ᠡᠨᠡ ᠤᠳᠠᠭ᠎ᠠ ᠶᠢᠨ ᠠᠵᠢᠯᠯᠠᠭ᠎ᠠ ᠶᠢ ᠥᠷᠭᠡᠨ ᠤᠯᠠᠨ ᠺᠠᠳ᠋ᠷ ᠤᠯᠠᠨ ᠲᠦᠮᠡᠨ ᠬᠠᠯᠠᠭᠤᠨ ᠢᠶᠠᠷ ᠠᠩᠬᠠᠷᠤᠨ ᠢᠳᠡᠪᠬᠢᠲᠡᠢ ᠣᠷᠣᠯᠴᠠᠵᠤ᠂ ᠮᠠᠰᠢ ᠤᠯᠠᠨ ᠪᠦᠲᠦᠭᠡᠯᠴᠢ ᠴᠢᠨᠠᠷᠲᠠᠢ ᠰᠠᠨᠠᠯ ᠪᠠ ᠰᠠᠨᠠᠭᠤᠯᠭ᠎ᠠ ᠳᠤᠷᠠᠳᠪᠠ᠂ ᠬᠤᠯᠪᠣᠭᠳᠠᠯ ᠪᠦᠬᠦᠢ ᠲᠠᠯ᠎ᠠ ᠶᠢᠨ ᠬᠢᠨ ᠬᠢᠨᠠᠮᠠᠭᠠᠢ ᠰᠤᠳᠤᠯᠵᠤ᠂ ᠭᠦᠢᠴᠡᠳ ᠰᠢᠩᠭᠡᠭᠡᠨ ᠠᠪᠬᠤ ᠬᠡᠷᠡᠭᠲᠡᠢ᠃ ᠡᠨᠡ ᠤᠳᠠᠭ᠎ᠠ ᠶᠢᠨ ᠠᠵᠢᠯᠯᠠᠭ᠎ᠠ ᠶᠢᠨ ᠠᠮᠵᠢᠯᠲᠠ ᠲᠠᠢ ᠠᠷᠭ᠎ᠠ ᠬᠢᠳᠡᠯ ᠢ ᠳ᠋ᠦᠩᠨᠡᠵᠦ᠂ ᠰᠢᠨ᠎ᠡ ᠪᠠᠶᠢᠳᠠᠯ ᠳᠣᠣᠷᠠᠬᠢ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠢᠨᠲ᠋ᠧᠷ ᠰᠦᠯᠵᠢᠶ᠎ᠡ ᠵᠡᠷᠭᠡ ᠡᠯ᠎ᠡ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠬᠡᠷᠡᠭᠴᠡᠭᠡ ᠱᠠᠭᠠᠷᠳᠠᠯᠭ᠎ᠠ ᠶᠢ ᠠᠷᠠᠳ ᠠᠴᠠ ᠠᠰᠠᠭᠤᠵᠤ᠂ ᠠᠷᠭ᠎ᠠ ᠪᠤᠳᠤᠯᠭ᠎ᠠ ᠶᠢ ᠠᠷᠠᠳ ᠠᠴᠠ ᠠᠰᠠᠭᠤᠵᠤ᠂ ᠨᠡᠩ ᠰᠠᠶᠢᠲᠤᠷ ᠠᠷᠠᠳ ᠤᠨ ᠬᠦᠰᠡᠯ ᠰᠠᠨᠠᠯ ᠢ ᠰᠣᠨᠣᠰᠴᠤ᠂ ᠠᠷᠠᠳ ᠤᠨ ᠰᠠᠨᠠᠭ᠎ᠠ ᠶᠢ ᠬᠦᠨᠳᠦᠳᠭᠡᠵᠦ᠂ ᠠᠷᠠᠳ ᠤᠨ ᠰᠡᠳᠭᠢᠯ ᠳᠤ ᠨᠡᠶᠢᠴᠡᠭᠦᠯᠵᠦ᠂ ᠨᠠᠮ ᠪᠣᠯᠤᠨ ᠤᠯᠤᠰ ᠤᠨ ᠡᠯ᠎ᠡ ᠵᠦᠢᠯ ᠤᠨ ᠠᠵᠢᠯ ᠢ ᠨᠡᠩ ᠰᠠᠶᠢᠲᠤᠷ ᠬᠢᠬᠦ ᠬᠡᠷᠡᠭᠲᠡᠢ ᠭᠡᠵᠤ ᠴᠢᠬᠤᠯᠠᠴᠢᠯᠠᠪᠠ᠃
ᠶᠡᠷᠦᠩᠬᠡᠶ ᠱᠦᠵᠢ ᠰᠢ ᠶᠢᠨ ᠫᠢᠩ ᠤᠨ ᠡᠨᠡ ᠵᠢᠯ ᠤᠨ 2 ᠳ᠋ᠤᠭᠠᠷ ᠰᠠᠷ᠎ᠠ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠦᠨᠳᠦᠰᠦᠯᠡᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠬᠤᠯᠪᠣᠭᠳᠠᠯ ᠪᠥᠬᠦᠶ ᠠᠵᠢᠯ ᠳᠤ ᠰᠦᠯᠵᠢᠶᠡᠨ ᠲᠡᠬᠡᠷ᠎ᠡ ᠰᠠᠨᠠᠯ ᠬᠤᠷᠢᠶᠠᠬᠤ ᠠᠵᠢᠯᠯᠠᠭ᠎ᠠ ᠶᠢ 4 ᠰᠠᠷ᠎ᠠ ᠶᠢᠨ 15 ᠤ ᠡᠳᠦᠷ ᠠᠴᠠ 5 ᠰᠠᠷ᠎ᠠ ᠶᠢᠨ 16 ᠤ ᠡᠳᠦᠷ ᠪᠣᠯᠲᠠᠯ᠎ᠠ ᠥᠷᠨᠢᠭᠦᠯᠵᠦ᠂ ᠠᠷᠠᠳ ᠤᠨ ᠡᠳᠦᠷ ᠤᠨ ᠰᠣᠨᠢᠨ ᠤ ᠬᠤᠷᠢᠶ᠎ᠠ᠂ ᠰᠢᠨᠬᠤᠸᠠ ᠬᠤᠷᠢᠶ᠎ᠠ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ ᠶᠢᠨ ᠬᠠᠷᠢᠶ᠎ᠠ ᠠᠯᠪᠠᠨ ᠤ ᠰᠦᠯᠵᠢᠶ᠎ᠡ᠂ ᠰᠣᠨᠢᠨ ᠮᠡᠳᠡᠭᠡᠨ ᠤ ᠰᠢᠯᠵᠢᠶ᠎ᠠ ᠵᠢᠴᠢ 《ᠰᠤᠷᠤᠯᠴᠠᠯᠭ᠎ᠠ ᠶᠢᠨ ᠬᠦᠴᠦᠷᠬᠡᠭ ᠤᠯᠤᠰ》 ᠰᠤᠷᠤᠯᠴᠠᠯᠭ᠎ᠠ ᠶᠢᠨ ᠲᠠᠪᠴᠠᠩ ᠳᠤ ᠲᠣᠰ ᠲᠣᠰ ᠲᠤᠰᠬᠠᠶ ᠪᠤᠯᠤᠩ ᠭᠠᠷᠭᠠᠵᠤ᠂ ᠨᠡᠶᠢᠭᠡᠮ ᠳᠠᠶᠠᠭᠠᠷ ᠤᠨ ᠰᠠᠨᠠᠯ ᠰᠠᠨᠠᠭᠤᠯᠭ᠎ᠠ ᠶᠢ ᠰᠣᠨᠣᠰᠪᠠ᠃ ᠠᠵᠢᠯᠯᠠᠭ᠎ᠠ ᠨᠢ ᠥᠷᠭᠡᠨ ᠤᠯᠠᠨ ᠠᠷᠠᠳ ᠲᠦᠮᠡᠨ ᠤ ᠥᠷᠭᠡᠨ ᠳᠡᠯᠭᠡᠷ ᠠᠩᠬᠠᠷᠤᠯ ᠪᠠ ᠤᠷᠤᠯᠴᠠᠯᠭ᠎ᠠ ᠶᠢ ᠣᠯᠵᠤ᠂ ᠰᠦᠯᠵᠢᠶᠡᠨ ᠢᠷᠭᠡᠳ ᠤᠨ ᠳᠤᠷᠠᠳᠤᠭᠰᠠᠨ 854.2 ᠲᠦᠮᠡᠨ ᠵᠤᠷᠪᠤᠰ ᠰᠠᠨᠠᠯ ᠰᠠᠨᠠᠭᠤᠯᠭ᠎ᠠ ᠶᠢ ᠬᠦᠯᠢᠶᠡᠨ ᠠᠪᠴᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠬᠤᠯᠪᠣᠭᠳᠠᠯ ᠪᠦᠬᠦᠢ ᠠᠵᠢᠯ ᠳᠤ ᠠᠰᠢᠭᠲᠠᠢ ᠯᠠᠪᠯᠠᠯᠲᠠ ᠬᠠᠩᠭᠠᠪᠠ᠃