ᠵᠤᠬᠢᠶᠠᠭᠴᠢ:
ᠴᠠᠭ:2022-07-01
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠨᠡᠶᠢᠭᠡᠮ ᠤᠨ ᠰᠢᠨᠵᠢᠯᠡᠬᠦ ᠤᠬᠠᠭᠠᠨ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠤ ᠬᠢᠴᠢᠶᠡᠯ ᠲᠥᠷᠥᠯ ᠬᠤᠪᠢᠶᠠᠬᠤ ᠶᠢ ᠬᠦᠴᠦᠨ ᠦᠭᠡᠢ ᠪᠣᠯᠭᠠᠵᠤ ︽ 3+1+2︾ ᠤᠨ ᠵᠠᠭᠪᠤᠷ ᠢ ᠬᠡᠷᠡᠭᠵᠢᠭᠦᠯᠦᠨ᠎ᠡ ᠮᠠᠨ ᠤ ᠣᠷᠣᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠬᠡᠳᠦᠯᠳᠡᠢ ᠰᠢᠯᠭᠠᠯᠲᠠ ᠶᠢᠨ ᠶᠡᠷᠦᠩᠬᠡᠶᠢᠯᠡᠭᠰᠡᠨ ᠦᠬᠡᠷᠡᠴᠢᠯᠡᠯᠳᠡ ᠶᠢ ᠡᠬᠢᠯᠡᠬᠦᠯᠪᠡ
ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠡᠷᠭᠢᠯᠡᠭᠰᠡᠨ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ》 ᠶᠢᠨ ᠰᠣᠨᠢᠨ ᠮᠡᠳᠡᠭᠡ ᠨᠡᠶᠢᠳᠡᠯᠡᠬᠦ ᠬᠤᠷᠠᠯ ᠠᠴᠠ ᠤᠶᠢᠯᠠᠭᠠᠭᠰᠠᠨ ᠢᠶᠠᠷ 《ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠪᠠᠷ ᠰᠣᠷᠣᠭᠴᠢ ᠡᠯᠰᠡᠬᠦ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠥᠰᠥᠯ》 ᠢ ᠵᠢᠩᠬᠢᠨᠢ ᠪᠠᠷ ᠳᠠᠷᠤᠮᠠᠯᠯᠠᠨ ᠲᠠᠷᠬᠠᠭᠠᠪᠠ᠂ ᠮᠠᠨ ᠤ ᠣᠷᠣᠨ ᠪᠥᠬᠦ ᠤᠯᠤᠰ ᠤᠨ ᠲᠠᠪᠤᠳᠤᠭᠠᠷ ᠪᠦᠯᠦᠭ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠡᠬᠢᠯᠡᠭᠦᠯᠦᠭᠰᠡᠨ ᠨᠠᠢᠮᠠᠨ ᠮᠤᠵᠢ ᠣᠷᠣᠨ ᠤ ᠨᠢᠭᠡ ᠪᠣᠯᠤᠭᠰᠠᠨ ᠤ ᠬᠤᠪᠢ ᠳᠤ᠂ 2022 ᠣᠨ ᠤ ᠨᠠᠮᠤᠷ ᠤᠨ ᠤᠯᠠᠷᠢᠯ ᠰᠤᠷᠭᠠᠭᠤᠯᠢ ᠳᠤ ᠣᠷᠣᠭᠰᠠᠨ ᠥᠨᠳᠥᠷ ᠳᠤᠮᠳᠠᠳᠤ ᠶᠢᠨ ᠨᠢᠭᠡᠳᠦᠭᠡᠷ ᠣᠨ ᠤ ᠰᠤᠷᠤᠭᠴᠢᠳ ᠠᠴᠠ ᠡᠬᠢᠯᠡᠨ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠦᠬᠡᠷᠡᠴᠢᠯᠡᠯᠳᠡ ᠶᠢ ᠬᠡᠷᠡᠭᠵᠢᠬᠦᠯᠦᠨ᠎ᠡ᠃
ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠤᠯᠤᠰ ᠤᠨ ᠨᠢᠬᠡᠳᠦᠯᠳᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠳᠤ ᠭᠤᠣᠯᠳᠠᠭᠤ ᠳᠥᠷᠪᠡᠨ ᠲᠠᠯ᠎ᠠ ᠶᠢᠨ ᠠᠭᠤᠯᠭ᠎ᠠ ᠪᠠᠭᠲᠠᠨ᠎ᠠ᠄ ᠨᠢᠭᠡ ᠳᠤ᠂ ᠡᠩ ᠤᠨ ᠥᠨᠳᠥᠷ ᠳᠤᠮᠳᠠᠳᠤ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠳᠠ ᠶᠢᠨ ᠲᠦᠷᠢᠮ ᠢ ᠲᠡᠬᠦᠯᠳᠡᠷᠵᠢᠬᠦᠯᠦᠨ᠎ᠡ︔ ᠬᠤᠶᠠᠷ ᠲᠤ᠂ ᠡᠩ ᠤᠨ ᠥᠨᠳᠥᠷ ᠳᠤᠮᠳᠠᠳᠤ ᠶᠢᠨ ᠰᠣᠷᠣᠭᠴᠢ ᠶᠢᠨ ᠶᠡᠷᠦᠩᠬᠡᠶᠢᠯᠡᠭᠰᠡᠨ ᠬᠡᠪ ᠴᠢᠨᠠᠷ ᠤᠨ ᠦᠨᠡᠯᠡᠯᠲᠡ ᠶᠢᠨ ᠳᠦᠷᠢᠮ ᠢ ᠃ ᠭᠤᠷᠪᠠ ᠳᠤ᠂ ᠤᠯᠤᠰ ᠤᠨ ᠨᠢᠭᠡᠳᠦᠯᠲᠡᠢ ᠰᠢᠯᠭᠠᠯᠲᠠ ᠶᠢᠨ ᠰᠢᠯᠭᠠᠯᠳᠠ ᠪᠠᠷ ᠰᠤᠷᠤᠭᠴᠢ ᠡᠯᠰᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ︔ ᠳᠥᠷᠪᠡ ᠳᠤ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠲᠦᠷᠦᠯ ᠬᠤᠪᠢᠶᠠᠨ ᠰᠢᠯᠭᠠᠵᠤ ᠰᠤᠷᠤᠭᠴᠢ ᠡᠯᠰᠡᠬᠦ ᠥᠭᠡᠷᠡᠴᠢᠯᠡᠯᠲᠡ ᠶᠢ ᠠᠬᠢᠭᠤᠯᠤᠨ᠎ᠠ᠃ 2025 ᠣᠨ ᠪᠣᠯᠬᠤ ᠳᠤ᠂ ᠲᠥᠷᠥᠯ ᠬᠤᠪᠢᠶᠠᠨ ᠰᠢᠯᠭᠠᠬᠤ᠂ ᠶᠡᠷᠦᠩᠬᠡᠶᠢᠯᠡᠨ ᠦᠨᠡᠯᠡᠬᠦ᠂ ᠣᠯᠠᠨ ᠡᠰᠢᠴᠢᠯᠡᠨ ᠡᠯᠰᠡᠬᠦ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠪᠠᠷ ᠰᠣᠷᠣᠭᠴᠢ ᠡᠯᠰᠡᠬᠦ ᠳᠦᠷᠢᠮ ᠢ ᠦᠨᠳᠦᠰᠦᠨ ᠳᠡᠭᠡᠨ ᠪᠦᠷᠢᠯᠳᠦᠬᠦᠯᠵᠦ᠂ ᠲᠥᠪ ᠭᠤᠣᠯᠴᠢ᠂ ᠰᠢᠨᠵᠢᠯᠡᠬᠦ ᠤᠬᠠᠭᠠᠨᠴᠢ ᠪᠠᠷ ᠴᠢᠳᠠᠪᠤᠷᠢᠲᠠᠨ ᠰᠣᠩᠭᠤᠬᠤ᠂ ᠬᠢᠨᠠᠯᠳᠠ ᠲᠠᠯᠪᠢᠯᠳᠠ ᠬᠦᠴᠦᠳᠡᠢ ᠪᠠᠶᠢᠬᠤ ᠲᠣᠭᠲᠠᠴᠠ ᠶᠢ ᠪᠦᠷᠢᠨᠰᠢᠭᠦᠯᠦᠨ ᠠᠬᠢᠭᠤᠯᠤᠨ᠎ᠠ᠃
ᠡᠩ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠢᠯᠭᠠᠯᠲᠠ ᠪᠠᠷ ᠰᠣᠷᠣᠭᠴᠢ ᠡᠯᠰᠡᠬᠦ ᠳᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠨᠢᠭᠡᠳᠦᠯᠲᠡᠢ ᠰᠢᠯᠭᠠᠯᠲᠠ ᠪᠠᠷ ᠰᠣᠷᠣᠭᠴᠢ ᠡᠯᠰᠡᠬᠦ ︵ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠬᠡᠳᠦᠯᠳᠡᠢ ᠰᠢᠯᠭᠠᠯᠲᠠ︶ ᠪᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠲᠦᠷᠦᠯ ᠬᠤᠪᠢᠶᠠᠨ ᠰᠤᠷᠤᠭᠴᠢ ᠡᠯᠰᠡᠬᠦ ᠪᠠᠭᠳᠠᠨ᠎ᠠ᠃ ᠮᠠᠨ ᠤ ᠣᠷᠣᠨ 《ᠰᠢᠨ᠎ᠡ ᠮᠠᠶ᠋ᠢᠭ ᠤᠨ ᠤᠯᠤᠰ ᠤᠨ ᠨᠢᠬᠡᠳᠦᠯᠳᠡᠢ ᠰᠢᠯᠭᠠᠯᠳᠠ》 ᠶᠢ ᠬᠡᠷᠡᠭᠵᠢᠭᠦᠯᠦᠭᠰᠡᠨ ᠤ ᠳᠠᠷᠠᠭ᠎ᠠ᠂ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠬᠡᠳᠦᠯᠳᠡᠢ ᠰᠢᠯᠭᠠᠯᠲᠠ ᠶᠢᠨ ᠬᠢᠴᠢᠶᠡᠯ ᠲᠥᠷᠥᠯ ᠢ ᠨᠡᠶᠢᠭᠡᠮ ᠤᠨ ᠰᠢᠨᠵᠢᠯᠡᠬᠦ ᠤᠬᠠᠭᠠᠨ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠤ ᠬᠢᠴᠢᠶᠡᠯ ᠲᠦᠷᠦᠯ ᠭᠡᠵᠦ ᠬᠤᠪᠢᠶᠠᠬᠤ ᠦᠭᠡᠢ᠂ ᠬᠠᠷᠢᠨ 《3+1+2》 ᠤᠨ ᠵᠠᠭᠪᠤᠷ ᠢ ᠬᠡᠷᠡᠭᠵᠢᠭᠦᠯᠦᠨ᠎ᠡ᠃ ᠣᠲᠣ ᠶᠢᠨ ᠬᠡᠷᠡᠭᠵᠢᠭᠦᠯᠵᠦ ᠪᠠᠶᠢᠭ᠎ᠠ 《ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠬᠢᠷᠢ ᠪᠦᠲᠦᠮᠵᠢ》 ᠶᠢ ᠦᠨᠳᠦᠰᠦᠯᠡᠭᠰᠡᠨ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠪᠠᠷ ᠰᠣᠷᠣᠭᠴᠢ ᠡᠯᠰᠡᠬᠦ ᠵᠠᠭᠪᠤᠷ ᠲᠠᠢ ᠠᠳᠠᠯᠢ ᠦᠭᠡᠢ ᠪᠠᠶᠢᠵᠤ᠂ ᠥᠭᠡᠷᠡᠴᠢᠯᠡᠯᠲᠡ ᠬᠢᠭᠰᠡᠨ ᠤ ᠳᠠᠷᠠᠭ᠎ᠠ᠂ ᠮᠠᠨ ᠤ ᠣᠷᠣᠨ 《ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠬᠢᠷᠢ ᠪᠦᠲᠦᠮᠵᠢ ᠪᠠ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠬᠢᠷᠢ ᠪᠦᠲᠦᠮᠵᠢ ᠶᠢ ᠦᠨᠳᠦᠰᠦᠯᠡᠬᠦ᠂ ᠶᠡᠷᠦᠩᠬᠡᠶᠢᠯᠡᠭᠰᠡᠨ ᠬᠡᠪ ᠴᠢᠨᠠᠷ ᠤᠨ ᠦᠨᠡᠯᠡᠯᠲᠡ ᠪᠠᠷ ᠯᠠᠪᠯᠠᠯᠲᠠ ᠪᠣᠯᠭᠠᠬᠤ》᠂ 《ᠬᠤᠶᠠᠷ ᠢ ᠦᠨᠳᠦᠰᠦᠯᠡᠨ᠂ ᠨᠢᠭᠡ ᠶᠢ ᠯᠠᠪᠯᠠᠬᠤ》 ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠪᠠᠷ ᠰᠣᠷᠣᠭᠴᠢ ᠡᠯᠰᠡᠬᠦ ᠵᠠᠭᠪᠤᠷ ᠢ ᠬᠡᠷᠡᠭᠯᠡᠬᠦ ᠶᠢᠨ ᠬᠠᠮᠲᠤ᠂ ᠵᠡᠷᠭᠡᠴᠡᠭᠡ ᠪᠠᠷ ᠡᠷᠡᠮᠡᠯᠵᠡᠯ ᠲᠠᠭᠯᠠᠨ ᠲᠠᠩᠰᠠ ᠡᠪᠬᠡᠮᠡᠯ ᠥᠭᠴᠦ ᠰᠣᠷᠣᠭᠴᠢ ᠡᠯᠰᠡᠬᠦ ᠠᠷᠭ᠎ᠠ ᠶᠢ ᠬᠡᠷᠡᠭᠵᠢᠭᠦᠯᠦᠨ᠎ᠡ᠃
《3+1+2》 ᠵᠠᠭᠪᠤᠷ ᠢ ᠬᠡᠷᠡᠭᠵᠢᠬᠦᠯᠪᠡᠯ᠂ ᠰᠢᠯᠭᠠᠭᠤᠯᠤᠭᠴᠢ ᠶᠢᠨ ᠰᠣᠶᠣᠯ ᠤᠨ ᠬᠢᠴᠢᠶᠡᠯ ᠤᠨ ᠶᠡᠷᠦᠩᠬᠡᠢ ᠬᠢᠷᠢ ᠪᠦᠲᠦᠮᠵᠢ ᠶᠢᠨ ᠪᠦᠷᠢᠨ ᠬᠤᠪᠢ 750 ᠬᠤᠪᠢ ᠪᠣᠯᠣᠨ᠎ᠠ᠃ ᠡᠭᠦᠨ ᠳᠤ᠂ ᠬᠡᠯᠡ ᠪᠢᠴᠢᠭ᠂ ᠲᠣᠭᠠᠨ ᠤ ᠤᠬᠠᠭᠠᠨ᠂ ᠭᠠᠳᠠᠭᠠᠳᠤ ᠬᠡᠯᠡ ᠵᠡᠷᠭᠡ ᠭᠤᠷᠪᠠᠨ ᠬᠢᠴᠢᠶᠡᠯ ᠲᠦᠷᠦᠯ ᠨᠢ ᠤᠯᠤᠰ ᠤᠨ ᠨᠢᠭᠡᠳᠦᠯᠲᠡᠢ ᠰᠢᠯᠭᠠᠯᠲᠠ ᠶᠢᠨ ᠨᠢᠬᠡᠳᠦᠯᠳᠡᠢ ᠬᠢᠴᠢᠶᠡᠯ ᠲᠦᠷᠦᠯ ᠪᠤᠯᠤᠨ᠎ᠠ᠃ ᠨᠡᠶᠢᠭᠡᠮ ᠤᠨ ᠰᠢᠨᠵᠢᠯᠡᠬᠦ ᠤᠬᠠᠭᠠᠨ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠤ ᠬᠢᠴᠢᠶᠡᠯ ᠭᠡᠵᠦ ᠬᠤᠪᠢᠶᠠᠬᠤ ᠦᠭᠡᠢ᠂ ᠰᠢᠯᠭᠠᠯᠲᠠ ᠶᠢᠨ ᠰᠡᠳᠦᠪ ᠢ ᠪᠥᠬᠦ ᠤᠯᠤᠰ ᠠᠴᠠ ᠨᠢᠭᠡᠳᠦᠯᠲᠡᠢ ᠰᠡᠳᠦᠪ ᠭᠠᠷᠭᠠᠵᠤ᠂ ᠬᠢᠴᠢᠶᠡᠯ ᠪᠦᠷᠢ ᠶᠢᠨ ᠪᠦᠷᠢᠨ ᠬᠤᠪᠢ ᠨᠢ ᠴᠥᠮ 150 ᠬᠤᠪᠢ ᠪᠣᠯᠣᠨ᠎ᠠ᠃ 《1》 ᠪᠠ 《2》 ᠪᠣᠯ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠳᠤᠳᠤᠷᠠᠬᠢ ᠰᠣᠩᠭᠤᠬᠤ ᠴᠢᠨᠠᠷᠲᠠᠢ ᠬᠢᠴᠢᠶᠡᠯ ᠲᠥᠷᠥᠯ ᠪᠣᠯᠣᠨ᠎ᠠ᠂ ᠰᠢᠯᠭᠠᠯᠲᠠ ᠶᠢᠨ ᠰᠡᠳᠦᠪ ᠢ ᠥᠪᠡᠷᠲᠡᠭᠡᠨ ᠵᠠᠰᠠᠬᠤ ᠣᠷᠣᠨ ᠠᠴᠠ ᠨᠢᠭᠡᠳᠦᠯᠲᠡᠢ ᠰᠡᠳᠦᠪ ᠭᠠᠷᠭᠠᠨ᠎ᠠ᠃ 《1》 ᠭᠡᠳᠡᠭ ᠨᠢ ᠳᠠᠷᠤᠢ ᠰᠢᠯᠭᠠᠭᠤᠯᠤᠭᠴᠢ ᠹᠢᠽᠢᠺ ᠪᠤᠶᠤ ᠲᠡᠦᠬᠡ ᠶᠢᠨ ᠬᠢᠴᠢᠶᠡᠯ ᠲᠥᠷᠥᠯ ᠤᠨ ᠳᠣᠲᠣᠷ᠎ᠠ ᠠᠴᠠ ᠨᠢᠭᠡ ᠶᠢ ᠨᠢ ᠰᠣᠩᠭᠤᠵᠤ ᠲᠡᠷᠢᠭᠦᠨ ᠰᠤᠩᠭᠤᠯᠳᠠ ᠶᠢᠨ ᠬᠢᠴᠢᠶᠡᠯ ᠪᠣᠯᠭᠠᠵᠤ᠂ ᠬᠢᠴᠢᠶᠡᠯ ᠪᠦᠷᠢ ᠶᠢᠨ ᠪᠦᠷᠢᠨ ᠬᠤᠪᠢ ᠨᠢ ᠴᠥᠮ 100 ᠬᠤᠪᠢ ᠪᠠᠶᠢᠵᠤ᠂ ᠰᠢᠯᠭᠠᠯᠲᠠ ᠶᠢᠨ ᠬᠤᠪᠢ ᠶᠢ ᠤᠯᠤᠰ ᠤᠨ ᠨᠢᠬᠡᠳᠦᠯᠳᠡᠢ ᠰᠢᠯᠭᠠᠯᠳᠠ ᠶᠢᠨ ᠰᠣᠶᠣᠯ ᠤᠨ ᠬᠢᠴᠢᠶᠡᠯ ᠤᠨ ᠶᠡᠷᠦᠩᠬᠡᠢ ᠬᠢᠷᠢ ᠪᠦᠲᠦᠮᠵᠢ ᠳᠤ ᠪᠤᠳᠤᠵᠤ ᠣᠷᠣᠭᠤᠯᠤᠨ᠎ᠠ᠃ 《2》 ᠭᠡᠳᠡᠭ ᠨᠢ ᠳᠠᠷᠤᠢ ᠰᠢᠯᠭᠠᠭᠤᠯᠤᠭᠴᠢ ᠦᠵᠡᠯ ᠰᠠᠨᠠᠭ᠎ᠠ ᠤᠯᠤᠰ ᠲᠥᠷᠥ᠂ ᠭᠠᠵᠠᠷ ᠵᠦᠢ᠂ ᠬᠢᠮᠢ᠂ ᠠᠮᠢᠳᠤ ᠪᠣᠳᠠᠰ ᠤᠨ ᠤᠬᠠᠭᠠᠨ ᠵᠡᠷᠭᠡ 4 ᠬᠢᠴᠢᠶᠡᠯ ᠲᠥᠷᠥᠯ ᠤᠨ ᠳᠣᠲᠣᠷ᠎ᠠ ᠠᠴᠠ 2 ᠬᠢᠴᠢᠶᠡᠯ ᠲᠥᠷᠥᠯ ᠢ ᠰᠣᠩᠭᠤᠵᠤ ᠳᠠᠬᠢᠨ ᠰᠣᠩᠭᠤᠬᠤ ᠬᠢᠴᠢᠶᠡᠯ ᠲᠥᠷᠥᠯ ᠪᠣᠯᠭᠠᠨ᠎ᠠ᠂ ᠬᠢᠴᠢᠶᠡᠯ ᠪᠦᠷᠢ ᠶᠢᠨ ᠪᠦᠷᠢᠨ ᠬᠤᠪᠢ ᠨᠢ ᠴᠥᠮ 100 ᠬᠤᠪᠢ ᠪᠠᠶᠢᠵᠤ᠂ ᠳᠡᠰ ᠢᠶᠠᠷ ᠨᠢ ᠬᠤᠪᠢ ᠬᠤᠪᠢᠷᠠᠭᠤᠯᠤᠨ ᠪᠤᠳᠤᠵᠤ᠂ ᠤᠯᠤᠰ ᠤᠨ ᠨᠢᠬᠡᠳᠦᠯᠳᠡᠢ ᠰᠢᠯᠭᠠᠯᠲᠠ ᠶᠢᠨ ᠰᠣᠶᠣᠯ ᠤᠨ ᠬᠢᠴᠢᠶᠡᠯ ᠤᠨ ᠶᠡᠷᠦᠩᠬᠡᠢ ᠬᠢᠷᠢ ᠪᠦᠲᠦᠮᠵᠢ ᠳᠤ ᠪᠤᠳᠤᠵᠤ ᠣᠷᠣᠭᠤᠯᠤᠨ᠎ᠠ᠃ 《3+1+2》 ᠵᠠᠭᠪᠤᠷ ᠲᠤ ᠨᠡᠶᠢᠲᠡ 12 ᠵᠦᠢᠯ ᠤᠨ ᠨᠡᠶᠢᠯᠡᠯ ᠬᠡᠯᠪᠡᠷᠢ ᠪᠠᠶᠢᠵᠤ᠂ ᠰᠣᠷᠣᠭᠴᠢ ᠪᠡᠶ᠎ᠡ ᠪᠠᠨ ᠳᠠᠭᠠᠭᠠᠵᠤ ᠰᠣᠩᠭᠤᠵᠤ ᠪᠤᠯᠤᠨ᠎ᠠ᠃ ᠡᠨᠡ ᠨᠢ ᠨᠡᠶᠢᠭᠡᠮ ᠤᠨ ᠰᠢᠨᠵᠢᠯᠡᠬᠦ ᠤᠬᠠᠭᠠᠨ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠢ ᠠᠭᠤᠰᠤᠯᠴᠠᠭᠤᠯᠵᠤ᠂ ᠰᠢᠯᠭᠠᠭᠤᠯᠤᠭᠴᠢ ᠶᠢᠨ ᠲᠠᠪᠠᠭᠤᠯᠢᠭ ᠢᠶᠠᠨ ᠪᠠᠳᠠᠷᠠᠭᠤᠯᠤᠨ ᠬᠦᠷᠦᠯᠴᠡᠬᠦ ᠦᠭᠡᠢ ᠵᠦᠢᠯ ᠢᠶᠠᠨ ᠲᠡᠪᠴᠢᠬᠦ ᠳᠤ ᠠᠰᠢᠭᠳᠠᠢ ᠪᠠᠶᠢᠵᠤ᠂ ᠰᠢᠯᠭᠠᠭᠤᠯᠤᠭᠴᠢ ᠶᠢᠨ ᠰᠣᠩᠭᠤᠯᠳᠠ ᠶᠢᠨ ᠣᠷᠣᠨ ᠵᠠᠢ ᠶᠢ ᠨᠡᠮᠡᠭᠳᠡᠭᠦᠯᠬᠦ ᠪᠤᠯᠤᠨ᠎ᠠ᠃
ᠰᠣᠷᠣᠭᠴᠢ ᠡᠯᠰᠡᠬᠦ ᠲᠠᠯ᠎ᠠ ᠪᠠᠷ᠂ 2025 ᠣᠨ ᠠᠴᠠ ᠡᠬᠢᠯᠡᠨ᠂ ᠡᠩ ᠤᠨ ᠶᠡᠭᠡ ᠳᠡᠭᠡᠳᠦ ᠰᠤᠷᠭᠠᠭᠤᠯᠢ ᠳᠤ ᠰᠢᠯᠭᠠᠯᠲᠠ ᠪᠠᠷ ᠰᠣᠷᠣᠭᠴᠢ ᠡᠯᠰᠡᠬᠦ ᠳᠤ 《 ᠬᠤᠶᠠᠷ ᠦᠨᠳᠦᠰᠦᠯᠡᠯ᠂ ᠨᠢᠭᠡ ᠯᠠᠪᠯᠠᠯᠲᠠ》 ᠶᠢᠨ ᠵᠠᠭᠪᠤᠷ ᠢ ᠬᠡᠷᠡᠭᠯᠡᠨ᠎ᠡ᠃ ᠨᠢᠭᠡ ᠳᠤ ᠪᠥᠬᠦ ᠤᠯᠤᠰ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠬᠡᠯᠡ ᠪᠢᠴᠢᠭ᠂ ᠲᠣᠭᠠᠨ ᠤ ᠤᠬᠠᠭᠠᠨ᠂ ᠭᠠᠳᠠᠭᠠᠳᠤ ᠬᠡᠯᠡ 3 ᠬᠢᠴᠢᠶᠡᠯ ᠲᠦᠷᠦᠯ ᠤᠨ ᠬᠢᠷᠢ ᠪᠦᠲᠦᠮᠵᠢ ᠶᠢ ᠦᠨᠳᠦᠰᠦᠯᠡᠨ᠎ᠡ︔ ᠬᠤᠶᠠᠷ ᠲᠤ ᠥᠨᠳᠥᠷ ᠳᠤᠮᠳᠠᠳᠤ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠰᠣᠩᠭᠤᠨ ᠰᠢᠯᠭᠠᠬᠤ 3 ᠬᠢᠴᠢᠶᠡᠯ ᠤᠨ ᠬᠢᠷᠢ ᠪᠦᠲᠦᠮᠵᠢ ᠶᠢ ᠦᠨᠳᠦᠰᠦᠯᠡᠨ᠎ᠡ᠃ ᠥᠨᠳᠥᠷ ᠳᠤᠮᠳᠠᠳᠤ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠬᠢᠷᠢ ᠪᠦᠲᠦᠮᠵᠢ ᠶᠢ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠶᠢᠨ ᠴᠢᠬᠤᠯᠠ ᠦᠨᠳᠦᠰᠦᠯᠡᠯ ᠪᠣᠯᠭᠠᠬᠤ ᠪᠣᠯ 《ᠰᠢᠨ᠎ᠡ ᠮᠠᠶ᠋ᠢᠭ ᠤᠨ ᠤᠯᠤᠰ ᠤᠨ ᠨᠢᠬᠡᠳᠦᠯᠳᠡᠢ ᠰᠢᠯᠭᠠᠯᠲᠠ》 ᠶᠢᠨ ᠨᠢᠭᠡᠨ ᠬᠢᠯᠠᠰ ᠴᠡᠭ ᠮᠥᠨ᠂ ᠡᠨᠡ ᠨᠢ ᠰᠤᠷᠤᠭᠴᠢᠳ ᠢ ᠬᠥᠲᠥᠯᠥᠨ ᠵᠢᠯᠤᠭᠤᠳᠴᠤ ᠬᠢᠴᠢᠶᠡᠯ ᠨᠢᠭᠡ ᠪᠦᠷᠢ ᠪᠠᠨ ᠨᠠᠷᠢᠨ ᠬᠢᠨᠠᠮᠠᠭᠠᠢ ᠰᠤᠷᠤᠯᠴᠠᠵᠤ᠂ ᠬᠦᠨᠳᠦ ᠨᠣᠴᠢᠲᠠᠢ ᠬᠢᠴᠢᠶᠡᠯ ᠲᠦᠷᠦᠯ ᠬᠡᠯᠪᠡᠶᠢᠬᠦ ᠦᠵᠡᠭᠳᠡᠯ ᠭᠠᠷᠬᠤ ᠠᠴᠠ ᠵᠠᠶᠢᠯᠠᠰᠬᠢᠨ᠂ ᠶᠡᠭᠡ ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠰᠢᠯᠢᠨ ᠰᠣᠩᠭᠤᠬᠤ ᠳᠤ ᠨᠥᠬᠦᠴᠡᠯ ᠪᠦᠷᠢᠯᠳᠦᠭᠦᠯᠵᠦ ᠥᠭᠬᠦ ᠶᠢᠨ ᠲᠥᠯᠥᠭᠡ ᠶᠤᠮ᠃
ᠡᠩ ᠤᠨ ᠥᠨᠳᠥᠷ ᠳᠤᠮᠳᠠᠳᠤ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢ ᠬᠢᠷᠢ ᠲᠡᠩᠴᠡᠬᠦ ᠴᠢᠨᠠᠷᠳᠠᠢ ᠰᠢᠯᠭᠠᠯᠲᠠ ᠪᠠ ᠰᠣᠩᠭᠤᠬᠤ ᠴᠢᠨᠠᠷᠲᠠᠢ ᠰᠢᠯᠭᠠᠯᠲᠠ ᠬᠡᠵᠦ ᠬᠤᠪᠢᠶᠠᠨ᠎ᠠ᠃ ᠬᠢᠷᠢ ᠲᠡᠩᠴᠡᠬᠦ ᠴᠢᠨᠠᠷᠳᠠᠢ ᠰᠢᠯᠭᠠᠯᠲᠠ ᠪᠣᠯ ᠡᠩ ᠤᠨ ᠥᠨᠳᠥᠷ ᠳᠤᠮᠳᠠᠳᠤ ᠶᠢᠨ ᠰᠣᠷᠣᠭᠴᠢ ᠶᠢᠨ ᠰᠤᠷᠤᠯᠭ᠎ᠠ ᠲᠡᠭᠦᠰᠬᠦ ᠵᠢᠴᠢ ᠥᠨᠳᠥᠷ ᠳᠤᠮᠳᠠᠳᠤ ᠲᠠᠢ ᠠᠳᠠᠯᠢ ᠲᠠᠰ ᠤᠨ ᠨᠠᠮᠳᠠᠷ ᠢ ᠬᠢᠨᠠᠨ ᠲᠣᠭᠲᠠᠭᠠᠬᠤ ᠭᠤᠣᠯ ᠦᠨᠳᠦᠰᠦᠯᠡᠯ ᠮᠥᠨ᠂ ᠤᠯᠤᠰ ᠤᠨ ᠡᠩ ᠤᠨ ᠥᠨᠳᠥᠷ ᠳᠤᠮᠳᠠᠳᠤ ᠶᠢᠨ ᠬᠢᠴᠢᠶᠡᠯ ᠲᠥᠷᠥᠯ ᠤᠨ ᠲᠥᠰᠥᠯ ᠳᠤ ᠲᠣᠭᠲᠠᠭᠠᠭᠰᠠᠨ ᠦᠵᠡᠯ ᠰᠠᠨᠠᠭ᠎ᠠ ᠤᠯᠤᠰ ᠲᠥᠷᠥ᠂ ᠬᠡᠯᠡ ᠪᠢᠴᠢᠭ᠂ ᠲᠣᠭᠠᠨ ᠤ ᠤᠬᠠᠭᠠᠨ᠂ ᠭᠠᠳᠠᠭᠠᠳᠤ ᠬᠡᠯᠡ ᠂ ᠲᠡᠦᠬᠡ᠂ ᠭᠠᠵᠠᠷ ᠵᠦᠢ᠂ ᠹᠢᠽᠢᠺ᠂ ᠬᠢᠮᠢ᠂ ᠠᠮᠢᠳᠤ ᠪᠣᠳᠠᠰ ᠤᠨ ᠤᠬᠠᠭᠠᠨ᠂ ᠮᠡᠳᠡᠭᠡ ᠵᠠᠩᠭᠢ ᠶᠢᠨ ᠮᠡᠷᠭᠡᠵᠢᠯ᠂ ᠨᠡᠶᠢᠳᠡᠮ ᠬᠡᠷᠡᠭᠯᠡᠭᠡᠨ ᠤ ᠮᠡᠷᠭᠡᠵᠢᠯ᠂ ᠤᠷᠠᠯᠢᠭ᠂ ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ ᠵᠡᠷᠭᠡ 13 ᠬᠢᠴᠢᠶᠡᠯ ᠲᠥᠷᠥᠯ ᠢ ᠪᠠᠭᠲᠠᠭᠠᠨ᠎ᠠ᠃ ᠰᠢᠯᠭᠠᠯᠲᠠ ᠨᠢ ᠵᠢᠭᠠᠨ ᠰᠤᠷᠭᠠᠯᠲᠠ ᠶᠢᠨ ᠠᠬᠢᠴᠠ ᠶᠢ ᠦᠨᠳᠦᠰᠦᠯᠡᠵᠦ᠂ ᠰᠤᠷᠴᠤ ᠪᠠᠷᠠᠭᠰᠠᠨ ᠤ ᠳᠠᠷᠠᠭ᠎ᠠ ᠰᠢᠯᠭᠠᠨ᠎ᠠ᠂ ᠰᠢᠯᠭᠠᠯᠲᠠ ᠶᠢᠨ ᠬᠢᠷᠢ ᠪᠦᠲᠦᠮᠵᠢ ᠨᠢ ᠬᠢᠷᠢ ᠲᠡᠩᠴᠡᠭᠰᠡᠨ᠂ ᠡᠰᠡ ᠬᠢᠷᠢ ᠲᠡᠩᠴᠡᠭᠰᠡᠨ ᠢᠶᠠᠷ ᠢᠯᠡᠷᠡᠨ᠎ᠡ᠂ ᠬᠢᠷᠢ ᠪᠦᠲᠦᠮᠵᠢ ᠶᠢ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠶᠡᠷᠦᠩᠬᠡᠢ ᠬᠢᠷᠢ ᠪᠦᠲᠦᠮᠵᠢ ᠳᠤ ᠪᠤᠳᠤᠵᠤ ᠣᠷᠣᠭᠤᠯᠬᠤ ᠦᠭᠡᠢ᠂ ᠬᠢᠷᠢ ᠲᠡᠩᠴᠡᠭᠰᠡᠳ ᠲᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠨ ᠦᠨᠡᠮᠯᠡᠯ ᠣᠯᠭᠤᠨ᠎ᠠ᠃
ᠰᠣᠩᠭᠤᠬᠤ ᠴᠢᠨᠠᠷᠲᠠᠢ ᠰᠢᠯᠭᠠᠯᠲᠠ ᠶᠢ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠴᠢᠬᠤᠯᠠ ᠦᠨᠳᠦᠰᠦᠯᠡᠯ ᠪᠣᠯᠭᠠᠵᠤ᠂ ᠪᠥᠬᠦ ᠤᠯᠤᠰ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠲᠠᠢ ᠠᠳᠠᠯᠢ ᠬᠤᠭᠤᠴᠠᠭᠠᠨ ᠳᠤ ᠶᠠᠪᠤᠭᠳᠠᠭᠤᠯᠵᠤ᠂ ᠬᠢᠷᠢ ᠪᠦᠲᠦᠮᠵᠢ ᠶᠢ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠶᠡᠷᠦᠩᠬᠡᠢ ᠬᠢᠷᠢ ᠪᠦᠲᠦᠮᠵᠢ ᠳᠤ ᠪᠤᠳᠤᠵᠤ ᠣᠷᠣᠭᠤᠯᠤᠨ᠎ᠠ᠃ ᠰᠢᠯᠭᠠᠯᠲᠠ ᠶᠢᠨ ᠬᠢᠴᠢᠶᠡᠯ ᠲᠥᠷᠥᠯ ᠳᠤ ᠦᠵᠡᠯ ᠰᠠᠨᠠᠭ᠎ᠠ ᠤᠯᠤᠰ ᠲᠥᠷᠥ᠂ ᠲᠡᠦᠬᠡ᠂ ᠭᠠᠵᠠᠷ ᠵᠦᠢ᠂ ᠹᠢᠽᠢᠺ᠂ ᠬᠢᠮᠢ᠂ ᠠᠮᠢᠳᠤ ᠪᠣᠳᠠᠰ ᠤᠨ ᠤᠬᠠᠭᠠᠨ ᠵᠡᠷᠭᠡ 6 ᠬᠢᠴᠢᠶᠡᠯ ᠲᠥᠷᠥᠯ ᠪᠠᠭᠲᠠᠨ᠎ᠠ᠃ ᠡᠩ ᠤᠨ ᠥᠨᠳᠥᠷ ᠳᠤᠮᠳᠠᠳᠤ ᠶᠢᠨ ᠰᠤᠷᠭᠠᠭᠤᠯᠢ ᠳᠤ ᠪᠠᠶᠢᠭ᠎ᠠ ᠰᠤᠷᠤᠭᠴᠢᠳ ᠵᠣᠬᠢᠬᠤ ᠬᠢᠴᠢᠶᠡᠯ ᠲᠥᠷᠥᠯ ᠤᠨ ᠬᠢᠷᠢ ᠪᠦᠲᠦᠮᠵᠢ ᠨᠢ 《ᠬᠢᠷᠢ ᠲᠡᠩᠴᠡᠭᠰᠡᠨ》 ᠰᠠᠭᠤᠷᠢᠨ ᠳᠡᠭᠡᠷ᠎ᠡ ᠰᠤᠩᠭᠤᠬᠤ ᠴᠢᠨᠠᠷᠳᠠᠢ ᠰᠢᠯᠭᠠᠯᠳᠠ ᠶᠢᠨ ᠬᠢᠴᠢᠶᠡᠯ ᠲᠦᠷᠦᠯ ᠠᠴᠠ ᠨᠡᠷ᠎ᠡ ᠮᠡᠳᠡᠬᠦᠯᠦᠨ ᠰᠢᠯᠭᠠᠨ᠎ᠠ᠃
《ᠨᠢᠭᠡ ᠯᠠᠪᠯᠠᠯᠲᠠ》 ᠭᠡᠳᠡᠭ ᠪᠣᠯ ᠥᠨᠳᠥᠷ ᠳᠤᠮᠳᠠᠳᠤ ᠶᠢᠨ ᠰᠣᠷᠣᠭᠴᠢ ᠶᠢᠨ ᠶᠡᠷᠦᠩᠬᠡᠶᠢᠯᠡᠭᠰᠡᠨ ᠬᠡᠪ ᠴᠢᠨᠠᠷ ᠤᠨ ᠦᠨᠡᠯᠡᠯᠲᠡ ᠶᠢᠨ ᠦᠷ᠎ᠡ ᠳ᠋ᠦᠩ ᠢ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠪᠠᠷ ᠰᠣᠷᠣᠭᠴᠢ ᠡᠯᠰᠡᠬᠦ ᠶᠢᠨ ᠴᠢᠬᠤᠯᠠ ᠯᠠᠪᠯᠠᠯᠲᠠ ᠪᠣᠯᠭᠠᠵᠤ᠂ ᠰᠢᠯᠭᠠᠯᠲᠠ ᠶᠢᠨ ᠬᠢᠷᠢ ᠪᠦᠲᠦᠮᠵᠢ ᠨᠢ ᠠᠳᠠᠯᠢ ᠦᠶ᠎ᠡ ᠳᠤ ᠶᠡᠭᠡ ᠳᠡᠭᠡᠳᠦ ᠰᠤᠷᠭᠠᠭᠤᠯᠢ ᠶᠢᠨ ᠬᠢᠨ ᠤᠷᠢᠳ ᠢᠶᠠᠷ ᠡᠯᠰᠡᠬᠦ ᠪᠤᠶᠤ ᠲᠤᠰᠬᠠᠢ ᠮᠡᠷᠭᠡᠵᠢᠯ ᠢ ᠤᠷᠢᠳ ᠢᠶᠠᠷ ᠲᠣᠬᠢᠷᠠᠭᠤᠯᠵᠤ ᠪᠣᠯᠣᠨ᠎ᠠ᠃ ᠶᠡᠷᠦᠩᠬᠡᠶᠢᠯᠡᠭᠰᠡᠨ ᠬᠡᠪ ᠴᠢᠨᠠᠷ ᠤᠨ ᠦᠨᠡᠯᠡᠯᠲᠡ ᠪᠣᠯ ᠰᠣᠷᠣᠭᠴᠢ ᠶᠢᠨ ᠲᠣᠰ ᠪᠡᠶ᠎ᠡ᠂ ᠬᠠᠮᠲᠤ ᠰᠣᠷᠣᠭᠴᠢ᠂ ᠪᠠᠭᠰᠢ ᠪᠠ ᠭᠡᠷ ᠤᠨ ᠠᠬᠠᠮᠠᠳ ᠵᠡᠷᠭᠡ ᠣᠯᠠᠨ ᠡᠰᠢᠲᠦ ᠭᠤᠤᠯ ᠴᠣᠭᠴᠠ ᠶᠢᠨ ᠣᠷᠣᠯᠴᠠᠭᠰᠠᠨ ᠡᠳᠦᠷ ᠲᠤᠲᠤᠮ ᠤᠨ ᠬᠥᠳᠡᠯᠦᠩᠭᠦᠢ ᠦᠨᠡᠯᠡᠯᠲᠡ ᠪᠣᠯᠣᠨ᠎ᠠ᠃ ᠦᠨᠡᠯᠡᠬᠦ ᠠᠭᠤᠯᠭ᠎ᠠ ᠳᠤ ᠦᠵᠡᠯ ᠰᠠᠨᠠᠭ᠎ᠠ ᠶᠣᠰᠣ ᠮᠣᠷᠠᠯ᠂ ᠰᠤᠷᠤᠯᠭ᠎ᠠ ᠶᠢᠨ ᠬᠢᠷᠢ ᠲᠦᠪᠰᠢᠨ᠂ ᠪᠡᠶ᠎ᠡ ᠰᠡᠳᠬᠢᠯ ᠤᠨ ᠡᠷᠡᠭᠦᠯ ᠮᠡᠨᠳᠦ᠂ ᠤᠷᠠᠯᠢᠭ ᠤᠨ ᠬᠡᠪ ᠪᠣᠯᠪᠠᠰᠤᠷᠠᠯ᠂ ᠬᠥᠳᠡᠯᠮᠦᠷᠢ ᠪᠠ ᠨᠡᠶᠢᠭᠡᠮ ᠤᠨ ᠦᠢᠯᠡᠳᠦᠯᠭᠡ ᠵᠡᠷᠭᠡ 5 ᠲᠠᠯ᠎ᠠ ᠶᠢ ᠪᠠᠭᠲᠠᠭᠠᠨ᠎ᠠ᠃ ᠣᠳᠣᠬᠠᠨ ᠳᠤ᠂ ᠰᠤᠷᠭᠠᠨ ᠬᠥᠮᠦᠵᠢᠯ ᠤᠨ ᠲᠢᠩᠬᠢᠮ ᠨᠢᠭᠡᠨᠲᠡ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠤᠨ ᠦᠨᠡᠯᠡᠯᠲᠡ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠰᠤᠷᠤᠭᠴᠢᠳ ᠤᠨ ᠡᠳᠦᠷ ᠲᠤᠲᠤᠮ ᠤᠨ ᠢᠯᠡᠷᠡᠯ ᠢ ᠪᠣᠳᠠᠲᠠᠢ ᠲᠡᠮᠳᠡᠭᠯᠡᠵᠦ᠂ ᠨᠢᠭᠡᠨᠳᠡ ᠨᠤᠳᠠᠯᠠᠨ ᠵᠡᠷᠯᠡᠨ ᠨᠡᠶᠢᠳᠡᠯᠡᠪᠡᠯ ᠬᠤᠪᠢᠷᠠᠭᠤᠯᠵᠤ ᠪᠣᠯᠬᠤ ᠦᠭᠡᠢ᠂ ᠡᠷᠬᠡ ᠲᠡᠭᠰᠢ ᠲᠥᠪ ᠭᠤᠣᠯᠴᠢ ᠪᠠᠶᠢᠬᠤ ᠶᠢ ᠦᠨᠡᠨ ᠬᠦ ᠪᠠᠲᠤᠯᠠᠨ᠎ᠠ᠃
ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠲᠠᠯ᠎ᠠ ᠳᠤ᠂ ᠣᠲᠣ ᠶᠢᠨ ᠬᠡᠷᠡᠭᠵᠢᠭᠦᠯᠵᠦ ᠪᠠᠶᠢᠭ᠎ᠠ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠳᠦᠷᠢᠮ ᠨᠢ ᠨᠡᠶᠢᠭᠡᠮ ᠤᠨ ᠰᠢᠨᠵᠢᠯᠡᠬᠦ ᠤᠬᠠᠭᠠᠨ ᠤ ᠬᠢᠴᠢᠶᠡᠯ ᠲᠦᠷᠦᠯ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠤ ᠬᠢᠴᠢᠶᠡᠯ ᠲᠥᠷᠥᠯ ᠭᠡᠵᠦ ᠬᠤᠪᠢᠶᠠᠨ᠂ ᠵᠥᠪᠬᠡᠨ ᠨᠡᠶᠢᠭᠡᠮ ᠤᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠬᠢᠴᠢᠶᠡᠯ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠬᠢᠴᠢᠶᠡᠯ ᠭᠡᠬᠦ ᠬᠤᠶᠠᠷ ᠵᠦᠢᠯ ᠤᠨ ᠲᠣᠭᠲᠠᠭᠰᠠᠨ ᠨᠡᠶᠢᠯᠡᠯ ᠲᠠᠢ ᠪᠠᠶᠢᠳᠠᠭ᠃ 《ᠰᠢᠨ᠎ᠡ ᠮᠠᠶ᠋ᠢᠭ ᠤᠨ ᠤᠯᠤᠰ ᠤᠨ ᠨᠢᠬᠡᠳᠦᠯᠳᠡᠢ ᠰᠢᠯᠭᠠᠯᠳᠠ》 ᠶᠢ ᠬᠡᠷᠡᠭᠵᠢᠭᠦᠯᠦᠭᠰᠡᠨ ᠤ ᠳᠠᠷᠠᠭ᠎ᠠ᠂ ᠰᠢᠯᠭᠠᠭᠤᠯᠤᠭᠴᠢ ᠶᠢᠨ ᠰᠣᠩᠭᠤᠨ ᠰᠢᠯᠭᠠᠭᠤᠯᠬᠤ ᠹᠢᠽᠢᠺ ᠤᠨ ᠶᠡᠷᠦᠩᠬᠡᠶᠢᠯᠡᠭᠰᠡᠨ ᠲᠦᠷᠦᠯ᠂ ᠲᠡᠦᠬᠡ ᠶᠢᠨ ᠶᠡᠷᠦᠩᠬᠡᠶᠢᠯᠡᠭᠰᠡᠨ ᠲᠦᠷᠦᠯ ᠭᠡᠬᠦ ᠬᠤᠶᠠᠷ ᠲᠥᠷᠥᠯ ᠢᠯᠭᠠᠯ ᠢᠶᠠᠷ ᠰᠣᠷᠣᠭᠴᠢ ᠡᠯᠰᠡᠬᠦ ᠲᠥᠯᠥᠪᠯᠡᠭᠡ ᠶᠢ ᠲᠣᠰ ᠲᠣᠰ ᠨᠠᠶᠢᠷᠠᠭᠤᠯᠤᠨ ᠵᠣᠬᠢᠶᠠᠵᠤ᠂ ᠠᠰ ᠠᠰ ᠲᠤᠨᠢ ᠬᠠᠮᠤᠭ ᠳᠤᠤᠷ᠎ᠠ ᠬᠢᠵᠠᠭᠠᠷᠯᠠᠬᠤ ᠬᠤᠪᠢ ᠳᠤᠭᠳᠠᠭᠠᠵᠤ᠂ ᠠᠰ ᠠᠰ ᠲᠤᠨᠢ ᠲᠠᠩᠰᠠ ᠡᠪᠬᠡᠮᠡᠯ ᠥᠭᠴᠦ᠂ ᠠᠰ ᠠᠰ ᠲᠤᠨᠢ ᠡᠯᠰᠡᠨ᠎ᠡ᠃ ᠡᠭᠦᠨ ᠤ ᠬᠠᠮᠲᠤ᠂ ᠤᠤᠯ ᠤᠨ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠪᠠ ᠬᠤᠶᠠᠳᠤᠭᠠᠷ ᠪᠦᠯᠦᠭ ᠢ ᠨᠡᠶᠢᠯᠡᠭᠦᠯᠦᠭᠡᠳ ᠨᠢᠭᠡ ᠪᠦᠯᠦᠭ ᠤᠳᠠᠭ᠎ᠠ ᠪᠣᠯᠭᠠᠬᠤ ᠶᠢᠨ ᠬᠠᠮᠲᠤ ᠵᠡᠷᠭᠡᠴᠡᠭᠡ ᠡᠷᠡᠮᠡᠯᠵᠡᠯ ᠢᠶᠠᠷ ᠲᠠᠩᠰᠠ ᠡᠪᠬᠡᠮᠡᠯ ᠥᠭᠴᠦ ᠡᠯᠰᠡᠬᠦ ᠶᠢ ᠬᠡᠷᠡᠭᠵᠢᠬᠦᠯᠦᠨ᠎ᠡ᠃
ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠲᠥᠷᠥᠯ ᠬᠤᠪᠢᠶᠠᠵᠤ ᠰᠢᠯᠭᠠᠠᠬᠤ ᠶᠢ ᠬᠡᠷᠡᠭᠵᠢᠬᠦᠯᠵᠦ 《ᠰᠣᠶᠣᠯ ᠤᠨ ᠬᠡᠪ ᠴᠢᠨᠠᠷ + ᠠᠵᠢᠯ ᠮᠡᠷᠭᠡᠵᠢᠯ ᠤᠨ ᠤᠷ᠎ᠠ ᠴᠢᠳᠠᠪᠤᠷᠢ》 ᠶᠢᠨ ᠰᠢᠯᠭᠠᠯᠲᠠ ᠶᠢᠨ ᠵᠠᠭᠪᠤᠷ ᠢ ᠬᠡᠷᠡᠭᠵᠢᠭᠦᠯᠵᠦ᠂ ᠡᠩ ᠤᠨ ᠪᠠᠶᠢᠳᠠᠯ ᠳᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠠᠴᠠ ᠡᠮᠦᠨ᠎ᠡ ᠶᠠᠪᠤᠭᠳᠠᠭᠤᠯᠤᠨ᠎ᠠ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠨᠡᠷ᠎ᠡ ᠮᠡᠳᠡᠭᠦᠯᠦᠭᠰᠡᠨ ᠪᠣᠯᠪᠠᠴᠤ ᠡᠯᠰᠡᠭᠳᠡᠭᠰᠡᠨ ᠦᠭᠡᠢ ᠰᠢᠯᠭᠠᠭᠤᠯᠤᠭᠴᠢ ᠪᠠᠰᠠ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠳᠤ ᠦᠷᠭᠦᠯᠵᠢᠯᠡᠨ ᠣᠷᠣᠯᠴᠠᠵᠤ ᠪᠣᠯᠣᠨ᠎ᠠ᠃ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠲᠥᠷᠥᠯ ᠬᠤᠪᠢᠶᠠᠵᠤ ᠰᠢᠯᠭᠠᠬᠤ ᠰᠢᠯᠭᠠᠯᠲᠠ ᠪᠠᠷ ᠰᠣᠷᠣᠭᠴᠢ ᠡᠯᠰᠡᠬᠦ ᠪᠠ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠬᠡᠳᠦᠯᠳᠡᠢ ᠰᠢᠯᠭᠠᠯᠲᠠ ᠪᠠᠷ ᠰᠣᠷᠣᠭᠴᠢ ᠡᠯᠰᠡᠬᠦ ᠰᠣᠷᠣᠭᠴᠢ ᠶᠢᠨ ᠰᠤᠷᠤᠯᠭ᠎ᠠ ᠲᠡᠭᠦᠰᠦᠭᠰᠡᠨ ᠦᠨᠡᠮᠯᠡᠯ ᠤᠨ ᠬᠦᠴᠦᠨ ᠨᠢ ᠪᠦᠷᠢᠮᠦᠰᠦᠨ ᠠᠳᠠᠯᠢ᠂ ᠶᠠᠮᠠᠷ ᠴᠤ ᠢᠯᠭᠠᠭ᠎ᠠ ᠦᠭᠡᠢ᠃
ᠲᠥᠷᠥ ᠶᠢᠨ ᠪᠣᠳᠣᠯᠭ᠎ᠠ ᠶᠢᠨ ᠳᠠᠶᠢᠯᠪᠤᠷᠢᠯᠳᠠ ᠪᠠ ᠮᠠᠳᠠᠭ ᠲᠠᠢ ᠠᠰᠠᠭᠤᠳᠠᠯ ᠢ ᠳᠠᠶᠢᠯᠪᠤᠷᠢᠯᠠᠨ ᠦᠭᠬᠦ ᠠᠵᠢᠯ ᠢ ᠤᠯᠠᠮ ᠰᠠᠶᠢᠲᠤᠷ ᠬᠢᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠠᠰᠠᠭᠤᠨ ᠯᠠᠪᠯᠠᠬᠤ ᠤᠳᠠᠰᠤ᠂ ᠠᠰᠠᠭᠤᠨ ᠯᠠᠪᠯᠠᠬᠤ ᠲᠠᠪᠴᠠᠩ ᠪᠣᠯᠣᠨ ᠢᠮᠧᠯ ᠭᠠᠷᠭᠠᠵᠤ᠂ ᠥᠷᠭᠡᠨ ᠣᠯᠠᠨ ᠰᠢᠯᠭᠠᠭᠤᠯᠤᠭᠴᠢ ᠪᠠ ᠭᠡᠷ ᠤᠨ ᠠᠬᠠᠮᠠᠳ ᠲᠤ ᠠᠰᠠᠭᠤᠨ ᠯᠠᠪᠯᠠᠬᠤ ᠦᠢᠯᠡᠴᠢᠯᠡᠭᠡ ᠬᠠᠩᠭᠠᠨ᠎ᠠ᠃