ᠵᠤᠬᠢᠶᠠᠭᠴᠢ:
ᠴᠠᠭ:2022-07-15
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠲᠥᠪ ᠤᠨ ᠲᠥᠰᠥᠪ ᠢ ᠭᠦᠢᠴᠡᠳᠬᠡᠬᠦ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠣᠳᠣᠯᠲᠠ ᠶᠢᠨ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠥᠭᠡᠷᠡᠴᠢᠯᠡᠬᠦ ᠠᠵᠢᠯ ᠢ ᠪᠠᠶᠢᠷᠢᠯᠠᠭᠤᠯᠪᠠ ᠡᠯᠧᠺᠲᠷᠣᠨ ᠦᠨᠡᠮᠯᠡᠯ ᠤᠨ ᠬᠡᠷᠡᠭᠯᠡᠯᠲᠡ ᠶᠢ ᠡᠮᠬᠢ ᠵᠢᠷᠤᠮ ᠲᠠᠢ ᠠᠬᠢᠭᠤᠯᠬᠤ ᠠᠷᠭ᠎ᠠ ᠶᠢ ᠲᠣᠭᠲᠠᠭᠠᠵᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠪᠡ
ᠰᠢᠨᠬᠤᠸᠠ ᠬᠤᠷᠢᠶᠠᠨ ᠤ ᠪᠡᠭᠡᠵᠢᠩ ᠤᠨ 2022 7 ᠰᠠᠷ᠎ᠠ ᠶᠢᠨ 6 ᠤ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 7 ᠳ᠋ᠤᠭᠠᠷ ᠰᠠᠷ᠎ᠠ ᠶᠢᠨ 6 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠪ ᠤᠨ ᠲᠥᠰᠥᠪ ᠢ ᠭᠦᠢᠴᠡᠳᠬᠡᠬᠦ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠣᠳᠣᠯᠲᠠ ᠶᠢᠨ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠥᠭᠡᠷᠡᠴᠢᠯᠡᠬᠦ ᠠᠵᠢᠯ ᠢ ᠪᠠᠶᠢᠷᠢᠯᠠᠭᠤᠯᠪᠠ᠃᠃ ᠡᠯᠧᠺᠲᠷᠣᠨ ᠦᠨᠡᠮᠯᠡᠯ ᠤᠨ ᠬᠡᠷᠡᠭᠯᠡᠯᠲᠡ ᠶᠢ ᠡᠮᠬᠢ ᠵᠢᠷᠤᠮ ᠲᠠᠢ ᠠᠬᠢᠭᠤᠯᠬᠤ ᠠᠷᠭ᠎ᠠ ᠶᠢ ᠲᠣᠭᠲᠠᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠪᠡ᠃
ᠬᠤᠷᠠᠯ ᠠᠴᠠ ᠵᠢᠭᠠᠬᠤ ᠳᠤ ᠪᠠᠨ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ 2021 ᠣᠨ ᠤ ᠲᠥᠪ ᠤᠨ ᠲᠥᠰᠥᠪ ᠤᠨ ᠭᠦᠢᠴᠡᠳᠬᠡᠯ ᠪᠠ ᠪᠤᠰᠤᠳ ᠡᠳ᠋ ᠤᠨ ᠵᠠᠰᠠᠭ ᠤᠨ ᠵᠠᠷᠤᠯᠭ᠎ᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ᠂ ᠴᠢᠬᠤᠯᠠ ᠶᠡᠭᠡ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠵᠡᠷᠭᠡ ᠳᠤ ᠬᠢᠨᠠᠨ ᠪᠣᠳᠣᠯᠲᠠ ᠬᠢᠵᠦ᠂ ᠦᠷ᠎ᠡ ᠳ᠋ᠦᠩ ᠢ ᠣᠶᠢᠷ᠎ᠠ ᠶᠢᠨ ᠬᠤᠭᠤᠴᠠᠭᠠᠨ ᠳᠤ ᠨᠡᠶᠢᠲᠡᠯᠡᠨ᠎ᠡ ᠭᠡᠵᠡᠢ᠃ ᠬᠤᠷᠠᠯ ᠠᠴᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠵᠤ᠂ ᠡᠳ᠋ ᠤᠨ ᠵᠠᠰᠠᠭ ᠤᠨ ᠴᠢᠨᠠᠷᠲᠠᠢ ᠪᠡᠯᠡ ᠮᠥᠩᠭᠦ ᠶᠢ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠠᠷᠪᠢᠯᠠᠨ ᠭᠠᠮᠨᠠᠵᠤ ᠠᠷᠠᠳ ᠢ ᠪᠠᠶᠠᠵᠢᠭᠤᠯᠵᠤ᠂ ᠬᠤᠷᠸ᠎ᠠ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠭᠤᠨ ᠪᠠᠶᠢᠯᠭᠠᠬᠤ ᠬᠡᠷᠡᠭᠲᠡᠢ᠃ ᠨᠢᠭᠡ ᠳᠤ᠂ ᠬᠢᠨᠠᠨ ᠪᠣᠳᠣᠯᠲᠠ ᠪᠠᠷ ᠪᠠᠶᠢᠴᠠᠭᠠᠵᠤ ᠭᠠᠷᠭᠠᠭᠰᠠᠨ ᠠᠰᠠᠭᠤᠳᠠᠯ ᠳᠤ ᠲᠣᠳᠣᠷᠬᠠᠢ ᠬᠠᠭᠤᠳᠠᠰᠤ ᠭᠠᠷᠭᠠᠵᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠳᠤ ᠳᠠᠷᠤᠮᠠᠯᠯᠠᠨ ᠲᠠᠷᠬᠠᠭᠠᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠪᠣᠯᠣᠨ ᠨᠢᠭᠡᠴᠢ ᠨᠦᠭᠦᠳ ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠵᠤᠷᠪᠤᠰ ᠳᠠᠷᠠᠭᠠᠯᠠᠨ ᠲᠥᠰᠥᠯ ᠲᠣᠭᠲᠠᠭᠠᠵᠤ ᠳᠠᠷᠤᠶᠢᠬᠠᠨ ᠴᠡᠭᠴᠡᠯᠡᠨ ᠰᠠᠶᠢᠵᠢᠷᠠᠭᠤᠯᠵᠤ᠂ ᠴᠠᠭ ᠲᠤ ᠨᠢ ᠲᠣᠬᠢᠷᠠᠭᠤᠯᠤᠨ 《ᠪᠤᠴᠠᠨ ᠪᠠᠶᠢᠴᠠᠭᠠᠬᠤ》 ᠶᠢ ᠥᠷᠨᠢᠭᠦᠯᠵᠦ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠶᠢ ᠲᠥᠷᠥ ᠶᠢᠨ ᠶᠠᠪᠤᠳᠠᠯ ᠤᠨ ᠬᠤᠷᠢᠶᠠᠨ ᠤ ᠶᠡᠭᠡ ᠰᠢᠮᠳᠠᠭᠤᠯᠤᠨ ᠪᠠᠶᠢᠴᠠᠭᠠᠯᠲᠠ ᠶᠢᠨ ᠠᠭᠤᠯᠭ᠎ᠠ ᠳᠤ ᠣᠷᠣᠭᠤᠯᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ᠲᠤᠰᠬᠠᠢ ᠬᠢᠨᠠᠨ ᠪᠣᠳᠣᠯᠲᠠ ᠬᠢᠵᠦ᠂ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ᠂ ᠬᠠᠰᠢ ᠶᠠᠰᠢ ᠪᠠᠷ ᠴᠡᠭᠴᠡᠯᠡᠨ ᠰᠠᠶᠢᠵᠢᠷᠠᠭᠤᠯᠤᠭᠰᠠᠨ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠤᠭᠰᠠᠨ ᠵᠡᠷᠭᠡ ᠠᠰᠠᠭᠤᠳᠠᠯ ᠢ ᠡᠷᠡᠰ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠳ᠋ᠦᠩ ᠢ 9 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠥᠷᠥ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠬᠦ ᠶᠢᠨ ᠬᠠᠮᠲᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠮᠡᠳᠡᠭᠦᠯᠦᠭᠰᠡᠨ ᠤ ᠳᠠᠷᠠᠭ᠎ᠠ ᠨᠡᠶᠢᠭᠡᠮ ᠨᠡᠶᠢᠲᠡ ᠳᠤ ᠢᠯᠡ ᠪᠠᠷ ᠨᠡᠶᠢᠲᠡᠯᠡᠬᠦ ᠬᠡᠷᠡᠭᠲᠡᠢ᠃ ᠬᠤᠶᠠᠷ ᠲᠤ᠂ ᠰᠢᠨᠵᠢ ᠴᠢᠨᠠᠷ ᠢᠶᠠᠷ ᠮᠠᠭᠤ ᠵᠦᠢᠯ ᠢ ᠬᠠᠤᠯᠢ ᠶᠣᠰᠣᠭᠠᠷ ᠴᠢᠩᠭ᠎ᠠ ᠰᠢᠢᠳᠬᠡᠵᠦ᠂ ᠬᠡᠷᠡᠭ ᠶᠠᠪᠤᠳᠠᠯ ᠢ ᠰᠢᠢᠳᠪᠦᠷᠢᠯᠡᠬᠦ ᠮᠥᠷᠲᠡᠭᠡᠨ ᠬᠥᠮᠥᠨ ᠢ ᠴᠦ ᠰᠢᠢᠳᠪᠦᠷᠢᠯᠡᠵᠦ᠂ ᠴᠡᠭᠡᠷᠯᠡᠯ ᠪᠣᠯᠭᠠᠬᠤ ᠬᠡᠷᠡᠭᠲᠡᠢ᠃ ᠭᠤᠷᠪᠠ ᠳᠤ᠂ ᠨᠢᠭᠡ ᠠᠴᠠ ᠨᠦᠬᠦᠭᠡ ᠶᠢ ᠵᠦᠢᠴᠢᠯᠡᠵᠦ᠂ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠬᠡᠷᠡᠭᠲᠡᠢ᠃ ᠨᠡᠶᠢᠳᠡᠮ ᠤᠨ ᠴᠢᠨᠠᠷᠲᠠᠢ ᠠᠰᠠᠭᠤᠳᠠᠯ ᠪᠠ ᠳᠠᠬᠢᠨ ᠳᠠᠪᠲᠠᠨ ᠢᠯᠡᠷᠡᠬᠦ ᠠᠰᠠᠭᠤᠳᠠᠯ ᠤᠨ ᠰᠢᠯᠲᠠᠭᠠᠨ ᠢ ᠭᠦᠨᠵᠡᠭᠡᠢ ᠵᠠᠳᠠᠯᠤᠨ ᠰᠢᠨᠵᠢᠯᠡᠵᠦ᠂ ᠳᠦᠷᠢᠮ ᠤᠨ ᠵᠢᠷᠤᠮᠵᠢᠯ ᠢ ᠪᠦᠷᠢᠨᠰᠢᠭᠦᠯᠬᠦ ᠬᠡᠷᠡᠭᠲᠡᠢ᠃ ᠳᠦᠷᠢᠮ ᠤᠨ ᠬᠡᠷᠡᠭᠵᠢᠭᠦᠯᠦᠯᠲᠡ ᠶᠢᠨ ᠳᠣᠲᠣᠭᠠᠳᠤ ᠭᠠᠳᠠᠭᠠᠳᠤ ᠶᠢᠨ ᠬᠢᠨᠠᠯᠲᠠ ᠬᠠᠮᠢᠶᠠᠷᠤᠯᠲᠠ ᠪᠠ ᠬᠢᠨᠠᠨ ᠪᠣᠳᠣᠯᠲᠠ ᠶᠢ ᠴᠢᠩᠭᠠᠳᠬᠠᠬᠤ ᠬᠡᠷᠡᠭᠲᠡᠢ᠃ ᠳᠥᠷᠪᠡ ᠳᠤ᠂ ᠭᠠᠶᠢᠯᠢ ᠶᠢ ᠪᠤᠴᠠᠭᠠᠬᠤ ᠭᠠᠶᠢᠯᠢ ᠶᠢ ᠬᠥᠩᠭᠡᠯᠡᠬᠦ ᠰᠦᠢᠳᠬᠡᠯ ᠢ ᠪᠠᠭᠤᠷᠠᠭᠤᠯᠬᠤ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ ᠵᠡᠷᠭᠡ ᠲᠦᠷᠦ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠭᠠᠶᠢᠯᠢ ᠪᠤᠴᠠᠭᠠᠬᠤ ᠵᠣᠭᠤᠰ ᠢ ᠮᠡᠬᠡᠯᠡᠨ ᠠᠪᠬᠤ ᠵᠡᠷᠭᠡ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ ᠬᠡᠷᠡᠭᠲᠡᠢ᠃ ᠨᠠᠰᠤᠵᠢᠯ ᠤᠨ ᠠᠰᠠᠷᠠᠮᠵᠢ᠂ ᠡᠮᠴᠢᠯᠡᠭᠡ᠂ ᠰᠤᠷᠭᠠᠨ ᠬᠥᠮᠦᠵᠢᠯ᠂ ᠦᠨᠳᠦᠰᠦᠨ ᠣᠷᠣᠨ ᠰᠠᠭᠤᠴᠠ᠂ ᠨᠡᠶᠢᠭᠡᠮ ᠤᠨ ᠲᠤᠰᠠᠯᠠᠯᠲᠠ ᠵᠡᠷᠭᠡ ᠠᠷᠠᠳ ᠤᠨ ᠠᠮᠢᠳᠤᠷᠠᠯ ᠤᠨ ᠪᠡᠯᠡ ᠮᠥᠩᠭᠦ ᠶᠢ ᠵᠢᠷᠤᠮᠵᠢᠭᠤᠨ ᠪᠥᠭᠡᠳ ᠠᠮᠤᠷ ᠲᠦᠪᠰᠢᠨ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠂ ᠦᠯᠡᠳᠡᠭᠡᠨ ᠠᠪᠴᠤ ᠨᠡᠭᠦᠯᠭᠡᠨ ᠬᠡᠷᠡᠭᠯᠡᠬᠦ᠂ ᠱᠠᠮᠰᠢᠨ ᠡᠵᠡᠯᠡᠬᠦ ᠶᠢ ᠣᠭᠲᠣ ᠵᠥᠪᠰᠢᠶᠡᠷᠡᠵᠦ ᠪᠣᠯᠬᠤ ᠦᠭᠡᠢ᠃ ᠲᠠᠪᠤ ᠳᠤ᠂ ᠵᠠᠰᠠᠭ ᠤᠨ ᠣᠷᠳᠣᠨ ᠠᠷᠪᠢᠯᠠᠨ ᠭᠠᠮᠨᠠᠬᠤ ᠶᠢ ᠪᠠᠷᠢᠮᠲᠠᠯᠠᠬᠤ ᠬᠡᠷᠡᠭᠲᠡᠢ᠃ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠪᠠᠴᠢᠮ ᠬᠡᠷᠡᠭᠴᠡᠭᠡᠨ ᠤ ᠪᠤᠰᠤ ᠴᠢᠬᠤᠯᠠ ᠪᠤᠰᠤ ᠴᠢᠨᠠᠷᠲᠠᠢ ᠵᠠᠷᠤᠯᠭ᠎ᠠ ᠶᠢ ᠪᠠᠭᠠᠰᠬᠠᠬᠤ ᠶᠢ ᠴᠢᠩᠭ᠎ᠠ ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠪᠠᠷ ᠳᠣᠣᠷ᠎ᠠ ᠪᠠ ᠳᠠᠷᠤᠭᠳᠠᠵᠤ ᠪᠠᠶᠢᠭ᠎ᠠ ᠪᠡᠯᠡ ᠮᠥᠩᠭᠦ ᠶᠢ ᠲᠣᠭᠲᠠᠭᠠᠯ ᠶᠣᠰᠣᠭᠠᠷ ᠬᠤᠷᠢᠶᠠᠨ ᠠᠪᠴᠤ᠂ ᠲᠣᠭᠲᠠᠭᠠᠯ ᠢ ᠵᠥᠷᠢᠴᠡᠨ ᠠᠰᠠᠷ ᠲᠠᠩᠬᠢᠮ ᠣᠷᠳᠣᠨ ᠪᠠᠭᠤᠳᠠᠯ ᠪᠠᠶᠢᠭᠤᠯᠬᠤ᠂ ᠵᠠᠰᠠᠭ ᠤᠨ ᠠᠵᠢᠯ ᠤᠨ ᠠᠮᠵᠢᠯᠲᠠ ᠶᠢᠨ ᠢᠨᠵᠧᠨᠧᠷᠢᠩ ᠳᠦᠷᠢ ᠲᠥᠷᠬᠦ ᠶᠢᠨ ᠢᠨᠵᠧᠨᠧᠷᠢᠩ ᠬᠢᠬᠦ᠂ ᠪᠦᠷᠢᠯᠭᠡᠨ ᠰᠦᠢᠳᠬᠡᠬᠦ ᠵᠡᠷᠭᠡ ᠶᠢ ᠴᠢᠩᠭ᠎ᠠ ᠴᠠᠭᠠᠵᠠᠯᠠᠵᠤ᠂ ᠨᠡᠩ ᠤᠯᠠᠨ ᠪᠡᠯᠡ ᠮᠥᠩᠭᠦ ᠭᠠᠷᠭᠠᠵᠤ ᠪᠠᠶᠢᠭᠠᠳ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠲᠣᠭᠲᠠᠪᠤᠷᠢᠵᠢᠭᠤᠯᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠠᠷᠠᠳ ᠤᠨ ᠠᠮᠢᠳᠤᠷᠠᠯ ᠢ ᠪᠠᠲᠤᠯᠠᠬᠤ ᠳᠤ ᠬᠡᠷᠡᠭᠯᠡᠬᠦ ᠬᠡᠷᠡᠭᠲᠡᠢ ᠭᠡᠵᠦ ᠱᠠᠭᠠᠷᠳᠠᠪᠠ᠃
ᠬᠤᠷᠠᠯ ᠠᠴᠠ ᠵᠢᠭᠠᠬᠤ ᠳᠤ ᠪᠠᠨ᠂ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠬᠤ ᠳᠤ᠂ ᠬᠤᠷᠸ᠎ᠠ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠬᠦ ᠮᠥᠷᠲᠡᠭᠡᠨ ᠪᠠᠰᠠ 《ᠲᠠᠯᠪᠢᠬᠤ ᠬᠠᠮᠢᠶᠠᠷᠬᠤ ᠦᠢᠯᠡᠴᠢᠯᠡᠬᠦ》 ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠨᠡᠩ ᠶᠡᠭᠡ ᠪᠠᠷ ᠬᠥᠭᠵᠢᠭᠡᠬᠦ ᠬᠡᠷᠡᠭᠲᠡᠢ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠪᠠ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠬᠤ ᠶᠠᠪᠤᠴᠠ ᠳᠤ᠂ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠵᠤ᠂ 《ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ》 ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠵᠣᠷᠢᠯᠭ᠎ᠠ ᠪᠣᠯ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠳᠠᠯ ᠦᠢᠯᠡᠰ ᠴᠣᠭᠴᠠᠯᠠᠬᠤ ᠪᠠ ᠬᠥᠭᠵᠢᠯᠲᠡ ᠶᠢᠨ ᠬᠥᠳᠡᠯᠭᠡᠬᠦ ᠬᠦᠴᠦᠨ ᠢ ᠴᠢᠩᠭᠠᠷᠠᠭᠤᠯᠬᠤ ᠶᠢᠨ ᠲᠥᠯᠥᠭᠡ ᠶᠤᠮ᠃ ᠮᠡᠳᠡᠭᠡ ᠵᠠᠩᠭᠢ ᠶᠢᠨ ᠨᠡᠶᠢᠭᠡᠮ ᠤᠨ ᠬᠥᠭᠵᠢᠯᠲᠡ ᠳᠤ ᠵᠣᠬᠢᠴᠠᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠬᠡᠷᠡᠭᠴᠡᠭᠡ ᠮᠥᠨ᠃ ᠮᠡᠳᠡᠭᠡ ᠵᠠᠩᠭᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠰᠠᠭᠤᠷᠢᠨ ᠳᠡᠭᠡᠷ᠎ᠡ ᠡᠯᠧᠺᠲᠷᠣᠨ ᠭᠡᠷᠡᠴᠢ ᠦᠨᠡᠮᠯᠡᠯ ᠤᠨ ᠬᠡᠷᠡᠭᠯᠡᠯᠲᠡ ᠶᠢ ᠡᠮᠬᠢ ᠵᠢᠷᠤᠮ ᠲᠠᠢ ᠪᠠᠷ ᠥᠷᠭᠡᠳᠬᠡᠬᠦ ᠬᠡᠷᠡᠭᠲᠡᠢ᠃ ᠡᠯᠧᠺᠲᠷᠣᠨ ᠡᠵᠡᠩᠨᠡᠯᠲᠡ ᠶᠢᠨ ᠦᠨᠡᠮᠯᠡᠯ ᠢ ᠨᠢᠭᠡᠨᠲᠡ ᠤᠯᠠᠨ ᠵᠢᠯ ᠬᠡᠷᠡᠭᠯᠡᠵᠦ ᠦᠢᠯᠡᠳᠦᠯᠭᠡᠵᠢᠭᠦᠯᠦᠭᠰᠡᠨ ᠪᠣᠯᠬᠤᠷ ᠬᠡᠷᠡᠭᠯᠡᠭᠡᠨ ᠤ ᠬᠡᠪᠴᠢᠶ᠎ᠡ ᠶᠢ ᠥᠷᠭᠡᠳᠬᠡᠬᠦ ᠨᠢ ᠵᠠᠬ᠎ᠠ ᠳᠡᠯᠭᠡᠭᠦᠷ ᠤᠨ ᠠᠷᠠᠯᠵᠢᠶ᠎ᠠ ᠳᠤ ᠲᠦᠬᠦᠮ ᠦᠵᠡᠭᠦᠯᠬᠦ ᠳᠤ ᠠᠰᠢᠭᠲᠠᠢ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠳᠤ ᠠᠰᠢᠭᠲᠠᠢ᠂ ᠠᠵᠤ ᠠᠬᠤᠢ ᠶᠢᠨ ᠬᠥᠭᠵᠢᠯᠲᠡ ᠳᠤ ᠠᠰᠢᠭᠲᠠᠢ ᠶᠤᠮ᠃ ᠡᠯᠧᠺᠲᠷᠣᠨ ᠡᠵᠡᠩᠨᠡᠯᠲᠡ ᠶᠢᠨ ᠦᠨᠡᠮᠯᠡᠯ ᠤᠨ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠭᠠᠶᠢᠯᠢ ᠲᠤᠰᠢᠶᠠᠬᠤ᠂ ᠮᠥᠩᠭᠦᠨ ᠭᠦᠢᠯᠭᠡᠭᠡ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ ᠥᠨᠳᠥᠷ ᠳᠠᠪᠲᠠᠮᠵᠢᠲᠤ ᠦᠢᠯᠡᠴᠢᠯᠡᠭᠡᠨ ᠤ ᠬᠦᠷᠢᠶᠡᠨ ᠳᠠᠬᠢ ᠬᠡᠷᠡᠭᠯᠡᠯᠲᠡ ᠶᠢ ᠥᠷᠭᠡᠳᠬᠡᠨ᠂ ᠡᠯᠧᠺᠲᠷᠣᠨ ᠲᠠᠮᠠᠭ᠎ᠠ ᠶᠢ ᠵᠡᠷᠭᠡ ᠪᠠᠷ ᠣᠯᠭᠤᠬᠤ ᠶᠢ ᠠᠬᠢᠭᠤᠯᠵᠤ᠂ ᠳᠦᠷᠢᠮ ᠤᠨ ᠴᠢᠨᠠᠷᠲᠠᠢ ᠠᠷᠠᠯᠵᠢᠶᠠᠨ ᠤ ᠥᠪᠡᠷ ᠤᠨ ᠥᠷᠲᠡᠭ ᠢ ᠪᠠᠭᠤᠷᠠᠭᠤᠯᠬᠤ ᠬᠡᠷᠡᠭᠲᠡᠢ᠃ ᠰᠠᠯᠠᠭ᠎ᠠ ᠮᠥᠴᠢᠷ ᠪᠠ ᠣᠷᠣᠨ ᠨᠤᠲᠤᠭ ᠤᠨ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠶᠢ ᠴᠢᠩᠭᠠᠳᠬᠠᠵᠤ᠂ ᠡᠯᠧᠺᠲᠷᠣᠨ ᠡᠵᠡᠩᠨᠡᠯᠲᠡ ᠶᠢᠨ ᠦᠨᠡᠮᠯᠡᠯ ᠵᠡᠷᠭᠡ ᠶᠢ ᠬᠠᠷᠢᠯᠴᠠᠨ ᠮᠡᠳᠡᠷᠡᠬᠦ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠬᠡᠰᠡᠭ ᠬᠤᠲᠠ ᠶᠢ ᠰᠣᠩᠭᠤᠨ ᠰᠠᠭᠤᠭᠠᠯᠢ ᠠᠷᠠᠳ ᠤᠨ ᠡᠯᠧᠺᠲᠷᠣᠨ ᠪᠡᠶ᠎ᠡ ᠶᠢᠨ ᠦᠨᠡᠮᠯᠡᠯ ᠤᠨ ᠲᠤᠷᠰᠢᠯᠲᠠ ᠬᠢᠬᠦ ᠶᠢ ᠬᠠᠤᠯᠢ ᠲᠣᠭᠲᠠᠭᠠᠯ ᠶᠣᠰᠣᠭᠠᠷ ᠬᠠᠶᠢᠨ ᠰᠦᠪᠡᠭᠴᠢᠯᠡᠵᠦ᠂ ᠲᠤᠷᠰᠢᠯᠲᠠ ᠶᠢᠨ ᠲᠤᠷᠰᠢᠯᠭ᠎ᠠ ᠪᠠᠨ ᠴᠠᠭ ᠲᠤᠬᠠᠢ ᠳᠤ ᠨᠢ ᠳ᠋ᠦᠩᠨᠡᠬᠦ ᠪᠠ ᠠᠰᠠᠭᠤᠳᠠᠯ ᠢ ᠢᠯᠡᠷᠡᠭᠦᠯᠦᠨ ᠰᠢᠢᠳᠪᠦᠷᠢᠯᠡᠵᠦ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠪᠦᠷᠢᠨᠰᠢᠭᠦᠯᠬᠦ ᠶᠢ ᠠᠬᠢᠭᠤᠯᠬᠤ ᠬᠡᠷᠡᠭᠲᠡᠢ ᠭᠡᠵᠡᠢ᠃ ᠬᠤᠷᠠᠯ ᠠᠴᠠ ᠮᠡᠳᠡᠭᠡ ᠵᠠᠩᠭᠢ ᠶᠢᠨ ᠠᠮᠤᠷ ᠲᠦᠪᠰᠢᠨ ᠢ ᠪᠠᠲᠤ ᠰᠠᠬᠢᠬᠤ ᠬᠡᠷᠡᠭᠲᠡᠢ᠃ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ ᠢ ᠪᠦᠷᠢᠨᠰᠢᠭᠦᠯᠵᠦ᠂ ᠠᠮᠤᠷ ᠲᠦᠪᠰᠢᠨ ᠤ ᠬᠠᠮᠠᠭᠠᠯᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠬᠤᠪᠢ ᠬᠥᠮᠥᠨ ᠤ ᠮᠡᠳᠡᠭᠡ ᠵᠠᠩᠭᠢ᠂ ᠬᠤᠪᠢ ᠶᠢᠨ ᠨᠢᠭᠤᠴᠠ ᠪᠠ ᠠᠵᠤ ᠠᠬᠤᠶᠢᠯᠠᠯ ᠤᠨ ᠬᠤᠳᠠᠯᠳᠤᠭᠠᠨ ᠤ ᠨᠢᠭᠤᠴᠠ ᠶᠢ ᠬᠠᠤᠯᠢ ᠶᠣᠰᠣᠭᠠᠷ ᠬᠠᠮᠠᠭᠠᠯᠠᠵᠤ᠂ ᠠᠮᠤᠷ ᠲᠦᠪᠰᠢᠨ ᠨᠠᠶᠢᠳᠠᠪᠤᠷᠢᠲᠠᠢ᠂ ᠳᠥᠭᠦᠮ ᠳᠥᠲᠡ ᠥᠨᠳᠥᠷ ᠪᠦᠲᠦᠮᠵᠢᠲᠡᠢ ᠪᠠᠶᠢᠬᠤ ᠶᠢ ᠪᠡᠶᠡᠯᠡᠭᠦᠯᠵᠦ᠂ ᠤᠯᠠᠨ ᠲᠦᠮᠡᠨ ᠪᠠ ᠠᠵᠤ ᠠᠬᠤᠶᠢᠯᠠᠯ ᠤᠨ ᠤᠴᠢᠷ ᠶᠠᠪᠤᠳᠠᠯ ᠰᠢᠢᠳᠪᠦᠷᠢᠯᠡᠬᠦ ᠳᠤ ᠰᠠᠨᠠᠭ᠎ᠠ ᠠᠮᠤᠷ ᠪᠠᠶᠢᠬᠤ ᠶᠢ ᠪᠠᠲᠤᠯᠠᠬᠤ ᠬᠡᠷᠡᠭᠲᠡᠢ᠃ ᠮᠡᠳᠡᠭᠡ ᠵᠠᠩᠭᠢ ᠶᠢ ᠲᠣᠭᠲᠠᠭᠠᠯ ᠠᠴᠠ ᠵᠥᠷᠢᠴᠡᠨ ᠬᠡᠷᠡᠭᠯᠡᠭᠰᠡᠨ᠂ ᠮᠡᠳᠡᠭᠡ ᠵᠠᠩᠭᠢ ᠶᠢ ᠳᠤᠷ᠎ᠠ ᠪᠠᠷ ᠬᠡᠷᠡᠭᠯᠡᠭᠰᠡᠨ ᠵᠡᠷᠭᠡ ᠬᠤᠪᠢ ᠬᠥᠮᠥᠨ ᠪᠠ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠡᠯ᠎ᠡ ᠵᠦᠢᠯ ᠤᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠪᠤᠰᠤᠳ ᠵᠦᠢᠯ ᠢ ᠰᠤᠳᠤᠯᠪᠠ᠃