ᠵᠤᠬᠢᠶᠠᠭᠴᠢ:
ᠴᠠᠭ:2022-07-22
ᠥᠵᠡᠭᠰᠡᠨ : ℃
ᠢᠷᠡᠯᠲᠡ: 《ᠥᠪᠥᠷ ᠮᠣᠩᠭᠤᠯ ᠤᠨ ᠡᠳᠦᠷ ᠤᠨ ᠰᠣᠨᠢᠨ》
ᠰᠢ ᠶᠢᠨ ᠫᠢᠩ ᠪᠦᠬᠦ ᠪᠥᠮᠪᠥᠷᠴᠡᠭ ᠤᠨ ᠴᠢᠬᠤᠯᠠ ᠬᠥᠳᠡᠭᠡ ᠠᠵᠤ ᠠᠬᠤᠢ ᠶᠢᠨ ᠰᠣᠶᠣᠯ ᠤᠨ ᠥᠪ ᠤᠨ ᠶᠡᠭᠡ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ
2022 7 ᠰᠠᠷ᠎ᠠ ᠶᠢᠨ 18 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠦᠬᠦ ᠪᠥᠮᠪᠥᠷᠴᠡᠭ ᠤᠨ ᠴᠢᠬᠤᠯᠠ ᠬᠥᠳᠡᠭᠡ ᠠᠵᠤ ᠠᠬᠤᠢ ᠶᠢᠨ ᠰᠣᠶᠣᠯ ᠤᠨ ᠥᠪ ᠤᠨ ᠶᠡᠭᠡ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ᠃
ᠰᠢ ᠶᠢᠨ ᠫᠢᠩ᠂ ᠬᠥᠮᠦᠨ ᠲᠥᠷᠥᠯᠬᠢᠲᠡᠨ ᠲᠡᠦᠬᠡ ᠶᠢᠨ ᠤᠷᠳᠤ ᠠᠶᠠᠨ ᠳᠤ ᠬᠡᠷᠡᠯ ᠰᠠᠴᠤᠷᠠᠩᠭᠤᠢ ᠲᠠᠷᠢᠶᠠᠯᠠᠭ᠎ᠠ ᠶᠢᠨ ᠪᠣᠯᠪᠠᠰᠤᠨ ᠢ ᠡᠭᠦᠳᠦᠨ ᠪᠦᠲᠦᠭᠡᠭᠰᠡᠨ ᠶᠤᠮ᠂ ᠬᠥᠳᠡᠭᠡ ᠠᠵᠤ ᠠᠬᠤᠢ ᠶᠢᠨ ᠰᠣᠶᠣᠯ ᠤᠨ ᠥᠪ ᠢ ᠬᠠᠮᠠᠭᠠᠯᠠᠬᠤ ᠪᠣᠯ ᠬᠥᠮᠦᠨ ᠲᠥᠷᠥᠯᠬᠢᠲᠡᠨ ᠤ ᠬᠠᠮᠲᠤ ᠶᠢᠨ ᠬᠠᠷᠢᠭᠤᠴᠠᠯᠭ᠎ᠠ ᠮᠥᠨ᠃ ᠳᠤᠮᠳᠠᠳᠤ ᠤᠯᠤᠰ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠮᠤ ᠪᠤᠳᠠᠭ᠎ᠠ ᠬᠥᠳᠡᠭᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠬᠦ ᠪᠥᠮᠪᠥᠷᠴᠡᠭ ᠤᠨ ᠴᠢᠬᠤᠯᠠ ᠬᠥᠳᠡᠭᠡ ᠠᠵᠤ ᠠᠬᠤᠢ ᠶᠢᠨ ᠰᠣᠶᠣᠯ ᠤᠨ ᠥᠪ ᠤᠨ ᠰᠠᠨᠠᠭᠠᠴᠢᠯᠠᠭ᠎ᠠ ᠶᠢ ᠢᠳᠡᠪᠬᠢᠲᠡᠢ ᠴᠤᠤᠷᠢᠶᠠᠲᠤᠵᠤ᠂ ᠠᠭᠤᠳᠠᠯᠬᠤ ᠳᠤᠮᠳᠠ ᠬᠠᠮᠠᠭᠠᠯᠠᠬᠤ᠂ ᠠᠰᠢᠭᠯᠠᠬᠤ ᠳᠤᠮᠳᠠ ᠤᠯᠠᠮᠵᠢᠯᠠᠬᠤ ᠶᠢ ᠪᠠᠷᠢᠮᠲᠠᠯᠠᠵᠤ᠂ ᠬᠥᠳᠡᠭᠡ ᠠᠵᠤ ᠠᠬᠤᠢ ᠶᠢᠨ ᠰᠣᠶᠣᠯ ᠤᠨ ᠥᠪ ᠢ ᠬᠠᠮᠠᠭᠠᠯᠠᠬᠤ ᠦᠢᠯᠡᠳᠦᠯᠭᠡ ᠶᠢ ᠲᠠᠰᠤᠷᠠᠯᠳᠠ ᠦᠭᠡᠢ ᠠᠬᠢᠭᠤᠯᠪᠠ᠃ ᠳᠤᠮᠳᠠᠳᠤ ᠤᠯᠤᠰ ᠳᠤᠷᠠᠲᠠᠶ᠎ᠠ ᠳᠡᠯᠡᠬᠡᠢ ᠨᠡᠶᠢᠭᠡᠮ ᠲᠠᠢ ᠬᠠᠮᠲᠤ ᠪᠠᠷ᠂ ᠬᠥᠳᠡᠭᠡ ᠠᠵᠤ ᠠᠬᠤᠢ ᠶᠢᠨ ᠰᠣᠶᠣᠯ ᠤᠨ ᠥᠪ ᠤᠨ ᠬᠠᠮᠠᠭᠠᠯᠠᠯᠲᠠ ᠶᠢ ᠬᠠᠮᠲᠤ ᠪᠠᠷ ᠴᠢᠩᠭᠠᠳᠬᠠᠵᠤ᠂ ᠲᠡᠭᠦᠨ ᠤ ᠠᠵᠤ ᠠᠬᠤᠢ᠂ ᠨᠡᠶᠢᠭᠡᠮ᠂ ᠰᠣᠶᠣᠯ᠂ ᠠᠮᠢ ᠠᠬᠤᠢ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠲᠠᠯ᠎ᠠ ᠶᠢᠨ ᠦᠷᠳᠡᠭ ᠢ ᠴᠢᠨᠠᠭᠰᠢᠳᠠ ᠠᠭᠤᠳᠠᠯᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯᠡᠰ ᠢ ᠨᠠᠶᠢᠳᠠᠪᠤᠷᠢᠵᠢᠭᠤᠯᠬᠤ ᠳᠤ ᠬᠦᠴᠦᠨ ᠨᠡᠮᠡᠷᠢᠯᠡᠵᠦ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠭᠡᠵᠦ ᠴᠢᠬᠤᠯᠠᠴᠢᠯᠠᠪᠠ᠃
ᠪᠦᠬᠦ ᠪᠥᠮᠪᠥᠷᠴᠡᠭ ᠤᠨ ᠴᠢᠬᠤᠯᠠ ᠬᠥᠳᠡᠭᠡ ᠠᠵᠤ ᠠᠬᠤᠢ ᠶᠢᠨ ᠰᠣᠶᠣᠯ ᠤᠨ ᠥᠪ ᠤᠨ ᠶᠡᠭᠡ ᠬᠤᠷᠠᠯ ᠲᠤᠰ ᠡᠳᠦᠷ ᠵᠧᠵᠢᠶᠠᠩ ᠮᠤᠵᠢ ᠶᠢᠨ ᠴᠢᠩᠲ᠋ᠢᠶᠠᠨ ᠰᠢᠶᠠᠨ ᠳᠤ ᠡᠬᠢᠯᠡᠪᠡ᠂ 《ᠬᠠᠮᠲᠤ ᠶᠢᠨ ᠬᠥᠳᠡᠭᠡ ᠠᠵᠤ ᠠᠬᠤᠢ ᠶᠢᠨ ᠥᠪ ᠢ ᠬᠠᠮᠠᠭᠠᠯᠠᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠶ᠎ᠠ》 ᠭᠡᠬᠦ ᠭᠤᠣᠯ ᠰᠡᠳᠦᠪ ᠤᠨ ᠲᠤᠭᠤᠷᠢᠨ ᠳᠤ ᠶᠠᠪᠤᠬᠳᠠᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠪᠣᠯᠤᠨ ᠵᠧᠵᠢᠶᠠᠩ ᠮᠤᠵᠢ ᠶᠢᠨ ᠠᠷᠠᠳ ᠤᠨ ᠵᠠᠰᠠᠭ ᠤᠨ ᠣᠷᠳᠣᠨ ᠬᠠᠮᠲᠤ ᠪᠠᠷ ᠡᠷᠬᠢᠯᠡᠪᠡ᠃