ᠵᠤᠬᠢᠶᠠᠭᠴᠢ:
ᠴᠠᠭ:2022-07-22
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠰᠢᠨ᠎ᠡ ᠡᠨᠧᠷᠭᠢ ᠶᠢᠨ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠪᠠ ᠬᠡᠷᠡᠯ ᠴᠡᠨᠡᠭ ᠤᠨ ᠰᠠᠭᠤᠷᠢᠨ ᠭᠠᠵᠠᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠨᠠᠷᠯᠢᠭ ᠬᠥᠭᠵᠢᠭᠦᠯᠬᠦ ᠶᠠᠷᠢᠯᠴᠠᠬᠤ ᠬᠤᠷᠠᠯ ᠢ ᠬᠤᠷᠠᠯᠳᠤᠭᠤᠯᠪᠠ ᠬᠤᠸᠠᠩ ᡁᠢ ᠴᠢᠶᠠᠩ ᠬᠤᠷᠠᠯ ᠢ ᠡᠷᠭᠢᠯᠡᠪᠡ
2022 7 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠰᠢᠨ᠎ᠡ ᠡᠨᠧᠷᠭᠢ ᠶᠢᠨ ᠨᠢᠭᠡᠳᠦᠭᠡᠷ᠂ ᠬᠤᠶᠠᠳᠤᠭᠠᠷ ᠪᠦᠯᠦᠭ ᠤᠨ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠪᠠ ᠬᠡᠷᠡᠯ ᠴᠡᠨᠡᠭ ᠤᠨ ᠰᠠᠭᠤᠷᠢᠨ ᠭᠠᠵᠠᠷ ᠤᠨ ᠲᠥᠷᠥᠯ ᠵᠦᠢᠯ ᠤᠨ ᠥᠮᠴᠢᠲᠡᠨ ᠠᠵᠤ ᠠᠬᠤᠶᠢᠯᠠᠯ ᠵᠢᠴᠢ ᠬᠤᠯᠪᠣᠭᠳᠠᠯ ᠪᠦᠬᠦᠢ ᠠᠶᠢᠮᠠᠭ ᠬᠤᠲᠠ᠂ ᠰᠠᠯᠠᠭ᠎ᠠ ᠮᠥᠴᠢᠷ ᠲᠠᠢ ᠶᠠᠷᠢᠯᠴᠠᠵᠤ᠂ ᠰᠢᠨ᠎ᠡ ᠡᠨᠧᠷᠭᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠳᠡᠭᠡᠭᠰᠢᠯᠡᠭᠦᠯᠦᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠪᠠ᠃
ᠬᠤᠸᠠᠩ ᡁᠢ ᠴᠢᠶᠠᠩ᠂ ᠵᠠᠭᠤᠨ ᠲᠦᠮᠡᠨ ᠲᠠᠰ ᠤᠨ ᠰᠠᠯᠬᠢᠨ ᠬᠦᠴᠦᠨ ᠤ ᠴᠠᠬᠢᠯᠭᠠᠨ ᠪᠠ ᠬᠡᠷᠡᠯ ᠴᠡᠨᠡᠭ ᠤᠨ ᠰᠠᠭᠤᠷᠢᠨ ᠭᠠᠵᠠᠷ ᠤᠨ ᠲᠥᠷᠥᠯ ᠵᠦᠢᠯ ᠢ ᠪᠦᠲᠦᠭᠡᠨ ᠪᠠᠶᠢᠭᠤᠯᠬᠤ ᠪᠣᠯ ᠤᠯᠤᠰ ᠤᠨ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠳᠤ ᠦᠢᠯᠡᠴᠢᠯᠡᠬᠦ᠂ ᠮᠠᠨ ᠤ ᠣᠷᠣᠨ ᠤ ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠮᠥᠨ᠃ ᠰᠠᠭᠤᠷᠢᠨ ᠭᠠᠵᠠᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠨᠢ ᠴᠠᠬᠢᠯᠭᠠᠨ ᠡᠭᠦᠰᠬᠡᠭᠴᠢ᠂ ᠴᠠᠬᠢᠯᠭᠠᠨ ᠲᠣᠣᠷ᠂ ᠨᠡᠪᠲᠡᠷᠡᠬᠦ ᠵᠠᠮ᠂ ᠲᠣᠨᠤᠭ ᠲᠥᠬᠦᠭᠡᠷᠦᠮᠵᠢ ᠦᠶᠯᠡᠳᠬᠦ ᠵᠡᠷᠭᠡ ᠲᠠᠯ᠎ᠠ ᠬᠤᠯᠪᠣᠭᠳᠠᠵᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠬᠤᠯᠪᠤᠭᠠᠯᠠᠨ ᠬᠥᠳᠡᠯᠦᠯᠴᠡᠵᠦ ᠬᠤᠷᠳᠤᠴᠠ ᠪᠠᠨ ᠲᠦᠷᠭᠡᠳᠬᠡᠬᠦ ᠶᠢ ᠪᠡᠶᠡᠯᠡᠭᠦᠯᠬᠦ ᠬᠡᠷᠡᠭᠲᠡᠢ᠃ ᠰᠠᠭᠤᠷᠢᠨ ᠭᠠᠵᠠᠷ ᠤᠨ ᠲᠥᠷᠥᠯ ᠵᠦᠢᠯ ᠤᠨ ᠠᠵᠤ ᠠᠬᠤᠶᠢᠯᠠᠯ ᠤᠨ 《ᠲᠣᠰ ᠭᠠᠵᠠᠷ ᠤᠨ ᠪᠦᠷᠢᠯᠳᠦᠭᠦᠨ》 ᠢᠶᠠᠨ ᠳᠡᠭᠡᠭᠰᠢᠯᠡᠭᠦᠯᠬᠦ ᠶᠢ ᠵᠣᠷᠢᠭᠵᠢᠭᠤᠯᠵᠤ᠂ ᠲᠣᠰ ᠭᠠᠵᠠᠷ ᠲᠤ ᠪᠠᠨ ᠬᠤᠳᠠᠯᠳᠤᠨ ᠠᠪᠬᠤ᠂ ᠲᠣᠰ ᠭᠠᠵᠠᠷ ᠲᠤ ᠪᠠᠨ ᠪᠡᠯᠡ ᠲᠣᠬᠢᠷᠠᠭᠤᠯᠬᠤ᠂ ᠲᠣᠰ ᠭᠠᠵᠠᠷ ᠲᠤ ᠪᠠᠨ ᠳᠠᠭᠠᠭᠠᠴᠢᠯᠠᠯᠲᠠ ᠵᠠᠷᠯᠠᠬᠤ᠂ ᠲᠣᠰ ᠭᠠᠵᠠᠷ ᠲᠤ ᠪᠠᠨ ᠠᠵᠢᠯᠯᠠᠭᠤᠯᠵᠤ ᠪᠠᠲᠤᠯᠠᠬᠤ ᠵᠡᠷᠭᠡ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠥᠪᠥᠷ ᠮᠣᠩᠭᠤᠯ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ ᠳᠠᠶᠢᠴᠢᠯᠠᠨ᠎ᠠ᠃ ᠨᠡᠭᠦᠷᠡᠰᠦᠨ ᠤ ᠡᠬᠢ ᠪᠠᠶᠠᠯᠢᠭ ᠢ ᠨᠡᠭᠡᠭᠡᠨ ᠠᠰᠢᠭᠯᠠᠭᠰᠠᠨ ᠲᠡᠦᠬᠡᠨ ᠰᠤᠷᠭᠠᠮᠵᠢ ᠶᠢ ᠭᠦᠨᠵᠡᠭᠡᠢ ᠰᠢᠩᠭᠡᠬᠡᠨ ᠠᠪᠴᠤ᠂ ᠠᠷᠪᠢᠯᠠᠨ ᠭᠠᠮᠨᠠᠬᠤ᠂ ᠡᠷᠴᠢᠮᠵᠢᠭᠦᠯᠬᠦ᠂ ᠦᠷᠭᠦᠯᠵᠢᠯᠡᠭᠦᠯᠬᠦ ᠵᠡᠷᠭᠡ ᠵᠠᠷᠴᠢᠮ ᠢ ᠪᠠᠷᠢᠮᠲᠠᠯᠠᠨ᠂ ᠰᠢᠩᠭᠡᠭᠡᠬᠦ ᠴᠢᠳᠠᠪᠤᠷᠢ᠂ ᠬᠡᠷᠡᠭᠯᠡᠭᠡᠨ ᠤ ᠠᠬᠤᠢ ᠪᠠᠶᠢᠳᠠᠯ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠰᠢᠨ᠎ᠡ ᠡᠨᠧᠷᠭᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠭᠦᠢᠴᠡᠳᠬᠡᠯ ᠲᠤᠭ᠎ᠠ ᠶᠢ ᠨᠢᠭᠡᠳᠦᠯᠲᠡᠢ ᠲᠥᠯᠥᠪᠯᠡᠨ ᠰᠠᠶᠢᠲᠤᠷ ᠲᠣᠬᠢᠷᠠᠭᠤᠯᠬᠤ ᠬᠡᠷᠡᠭᠲᠡᠢ᠃ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠬᠢᠨᠠᠨ ᠵᠥᠪᠰᠢᠶᠡᠷᠡᠬᠦ ᠶᠠᠪᠤᠴᠠ ᠶᠢ ᠲᠦᠷᠭᠡᠳᠬᠡᠨ ᠵᠢᠷᠤᠮᠵᠢᠭᠤᠯᠵᠤ᠂ ᠲᠥᠷᠥᠯ ᠵᠦᠢᠯ ᠤᠨ ᠬᠢᠨᠠᠨ ᠵᠥᠪᠰᠢᠶᠡᠷᠡᠬᠦ ᠭᠠᠷᠳᠠᠮ ᠢ ᠭᠦᠢᠴᠡᠳᠬᠡᠬᠦ ᠪᠠᠨ ᠲᠦᠷᠭᠡᠳᠬᠡᠵᠦ᠂ ᠡᠷᠲᠡᠯᠡᠵᠦ ᠪᠣᠯᠬᠤ ᠶᠢ ᠨᠢ ᠣᠷᠦ᠋ᠢᠲᠠᠭᠤᠯᠵᠤ ᠪᠣᠯᠬᠤ ᠦᠭᠡᠢ᠂ ᠲᠦᠷᠭᠡᠯᠡᠵᠦ ᠪᠣᠯᠬᠤ ᠶᠢ ᠨᠢ ᠤᠳᠠᠭᠠᠰᠢᠷᠠᠭᠤᠯᠵᠤ ᠪᠣᠯᠬᠤ ᠦᠭᠡᠢ᠃ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠦᠬᠦ ᠣᠷᠣᠨ ᠤ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠪᠣᠯᠣᠨ ᠪᠦᠲᠦᠭᠡᠨ ᠪᠠᠶᠢᠭᠤᠯᠤᠯᠲᠠ ᠶᠢᠨ ᠳᠤᠮᠳᠠ ᠨᠡᠩ ᠤᠯᠠᠨ ᠵᠢᠱᠢᠶᠡᠴᠢ ᠢᠨᠵᠧᠨᠧᠷᠢᠩ᠂ ᠰᠣᠳᠣᠨ ᠪᠦᠲᠦᠭᠡᠯ ᠤᠨ ᠢᠨᠵᠧᠨᠧᠷᠢᠩ ᠢ ᠪᠠᠶᠢᠭᠤᠯᠬᠤ ᠬᠡᠷᠡᠭᠲᠡᠢ ᠭᠡᠵᠡᠢ᠃