ᠵᠤᠬᠢᠶᠠᠭᠴᠢ:
ᠴᠠᠭ:2022-07-29
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠮᠣᠵᠢ ᠶᠠᠮᠤᠨ ᠤ ᠲᠡᠰ ᠤᠨ ᠭᠤᠤᠯ ᠤᠳᠤᠷᠢᠳᠬᠤ ᠺᠠᠳ᠋ᠷ ᠤᠨ ︽ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠵᠥ᠂ ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠬᠤ︾ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ ᠶᠢᠨ ᠵᠣᠷᠢᠭ ᠰᠠᠨᠠᠭ᠎ᠠ ᠶᠢ ᠰᠤᠷᠤᠯᠴᠠᠨ ᠰᠦᠨ ᠱᠤᠤ ᠴᠧᠩ ᠬᠤᠷᠠᠯ ᠢ ᠡᠷᠬᠢᠯᠡᠵᠡᠢ
2022 7 ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠮᠤᠵᠢ ᠶᠠᠮᠤᠨ ᠤ ᠲᠠᠰ ᠤᠨ ᠭᠤᠤᠯ ᠤᠳᠤᠷᠢᠳᠬᠤ ᠺᠠᠳ᠋ᠷ ᠤᠨ 《ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠬᠤ》 ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠤᠷᠠᠯ ᠢ ᠡᠷᠬᠢᠯᠡᠪᠡ᠃
ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠡᠨᠡ ᠤᠳᠠᠭ᠎ᠠ ᠶᠢᠨ ᠮᠤᠵᠢ ᠶᠠᠮᠤᠨ ᠤ ᠲᠡᠰ ᠤᠨ ᠭᠤᠣᠯ ᠤᠳᠤᠷᠢᠳᠬᠤ ᠺᠠᠳ᠋ᠷ ᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ ᠳᠤ ᠲᠠᠯᠪᠢᠭᠰᠠᠨ ᠴᠢᠬᠤᠯᠠ ᠶᠠᠷᠢᠶ᠎ᠠ ᠨᠢ ᠮᠠᠰᠢ ᠴᠢᠩᠭ᠎ᠠ ᠤᠯᠤᠰ ᠲᠦᠷᠦ ᠶᠢᠨ ᠴᠢᠨᠠᠷ᠂ ᠤᠨᠤᠯ ᠤᠨ ᠴᠢᠨᠠᠷ᠂ ᠵᠢᠯᠣᠭᠤᠳᠬᠤ ᠴᠢᠨᠠᠷ ᠲᠠᠢ ᠪᠠᠶᠢᠵᠥ᠂ ᠮᠠᠨ ᠤ ᠨᠠᠮ ᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠬᠤ ᠤᠯᠤᠰ ᠲᠦᠷᠦ ᠶᠢᠨ ᠲᠤᠩᠬᠠᠭ ᠮᠥᠨ᠂ ᠪᠦᠬᠦ ᠨᠠᠮ ᠤᠨ ᠦᠵᠡᠯ ᠰᠠᠨᠠᠭ᠎ᠠ ᠶᠢ ᠨᠢᠭᠡᠳᠭᠡᠬᠦ᠂ ᠪᠦᠬᠦ ᠨᠠᠮ ᠤᠨ ᠵᠣᠷᠢᠭ ᠰᠠᠨᠠᠭ᠎ᠠ ᠶᠢ ᠨᠢᠭᠡᠳᠭᠡᠬᠦ᠂ ᠪᠦᠬᠦ ᠨᠠᠮ ᠤᠨ ᠠᠵᠢᠯᠯᠠᠭ᠎ᠠ ᠶᠢ ᠨᠢᠭᠡᠳᠭᠡᠬᠦ ᠤᠯᠤᠰ ᠲᠦᠷᠦ ᠶᠢᠨ ᠬᠥᠲᠥᠯᠪᠦᠷᠢ ᠮᠥᠨ᠂ ᠨᠠᠮ ᠤᠨ ᠬᠤᠷᠢᠳᠤᠭᠠᠷ ᠶᠡᠭᠡ ᠬᠤᠷᠠᠯ ᠢ ᠰᠠᠶᠢᠲᠤᠷ ᠬᠤᠷᠠᠯᠳᠤᠭᠤᠯᠬᠤ ᠳᠤ ᠴᠢᠬᠤᠯᠠ ᠤᠯᠤᠰ ᠲᠦᠷᠦ ᠶᠢᠨ ᠰᠠᠭᠤᠷᠢ᠂ ᠦᠵᠡᠯ ᠰᠠᠨᠠᠭᠠᠨ ᠤ ᠰᠠᠭᠤᠷᠢ᠂ ᠤᠨᠤᠯ ᠤᠨ ᠰᠠᠭᠤᠷᠢ ᠶᠢ ᠲᠠᠯᠪᠢᠵᠤ ᠥᠭᠴᠡᠢ᠂ ᠪᠢᠳᠡ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠶᠠᠷᠢᠶᠠᠨ ᠤ ᠵᠣᠷᠢᠭ ᠰᠠᠨᠠᠭ᠎ᠠ ᠲᠠᠢ ᠦᠨᠡᠨ ᠬᠦ ᠨᠢᠭᠡᠳᠭᠡᠬᠦ ᠬᠡᠷᠡᠭᠲᠡᠢ ᠬᠡᠵᠥ ᠵᠢᠭᠠᠵᠥ ᠭᠠᠷᠭᠠᠪᠠ᠃
ᠬᠤᠷᠠᠯ ᠠᠴᠠ᠂ 《ᠬᠤᠶᠠᠷ ᠢ ᠲᠣᠭᠲᠠᠭᠠᠬᠰᠠᠨ》 ᠢ ᠡᠷᠡᠰ ᠪᠠᠳᠤ ᠤᠬᠠᠮᠰᠠᠷ ᠠᠴᠠ ᠪᠠᠨ ᠬᠦᠷᠢᠶᠡᠯᠡᠵᠦ᠂ 《ᠬᠤᠶᠠᠷ ᠢ ᠬᠠᠮᠠᠭᠠᠯᠠᠬᠤ》 ᠶᠢ ᠡᠷᠡᠰ ᠭᠤᠶᠢᠪᠢᠰᠢ ᠦᠭᠡᠢ ᠪᠡᠶᠡᠯᠡᠭᠦᠯᠬᠦ ᠬᠡᠷᠡᠭᠲᠡᠢ᠃ ᠨᠠᠮ ᠤᠨ ᠠᠷᠪᠠᠨ ᠨᠠᠶᠮᠠᠳᠤᠭᠠᠷ ᠶᠡᠭᠡ ᠬᠤᠷᠠᠯ ᠠᠴᠠ ᠨᠠᠭᠠᠰᠢᠬᠢ ᠡᠨᠡ 10 ᠵᠢᠯ ᠬᠡᠳᠦᠶᠢᠪᠡᠷ ᠲᠡᠶᠢᠮᠦ ᠣᠷᠳᠣ ᠪᠢᠰᠢ ᠪᠣᠯᠪᠠᠴᠤ ᠮᠠᠨ ᠤ ᠤᠯᠤᠰ ᠤᠨ 《ᠲᠡᠦᠬᠡᠨ ᠳᠡᠭᠡᠷᠡᠬᠢ ᠬᠥᠭᠵᠢᠯᠲᠡ ᠪᠠᠷ ᠬᠠᠮᠤᠭ ᠤᠨ ᠰᠠᠶᠢᠨ ᠴᠠᠭ ᠦᠶ᠎ᠡ》 ᠪᠣᠯᠬᠤ ᠶᠤᠮ᠃ ᠨᠠᠮ ᠪᠣᠯᠤᠨ ᠤᠯᠤᠰ ᠤᠨ ᠠᠵᠢᠯ ᠦᠢᠯᠡᠰ ᠤᠨ ᠯᠤᠲᠤ ᠶᠡᠭᠡ ᠬᠤᠪᠢᠰᠤᠯᠲᠠ ᠨᠢ ᠳᠤᠮᠳᠠᠳᠤ ᠤᠯᠤᠰ ᠢ ᠭᠦᠨᠵᠡᠭᠡᠢ ᠬᠤᠪᠢᠷᠠᠭᠤᠯᠤᠭᠰᠠᠨ ᠢᠶᠠᠷ ᠪᠠᠷᠠᠬᠤ ᠦᠭᠡᠢ ᠳᠡᠯᠡᠬᠡᠢ ᠶᠢᠨ ᠪᠠᠶᠢᠷᠢᠰᠢᠯ ᠪᠣᠯᠤᠨ ᠬᠥᠮᠦᠨ ᠲᠥᠷᠥᠯᠬᠢᠲᠡᠨ ᠤ ᠪᠣᠯᠪᠠᠰᠤᠨ ᠤ ᠪᠠᠶᠢᠷᠢᠯᠠᠯ ᠢ ᠴᠦ ᠭᠦᠨᠵᠡᠭᠡᠢ ᠬᠤᠪᠢᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠯᠠᠪᠳᠠᠭᠤᠨ ᠪᠠᠲᠤᠳᠠᠢ ᠨᠢᠭᠡ ᠠᠯᠬᠤᠮ ᠤᠷᠤᠭᠰᠢᠯᠠᠭᠤᠯᠵᠤ᠂ ᠪᠤᠴᠠᠵᠤ ᠪᠤᠯᠤᠰᠢ ᠦᠭᠡᠢ ᠲᠦᠷᠭᠡᠳᠬᠦ ᠬᠤᠭᠤᠴᠠᠭᠠᠨ ᠳᠤ ᠣᠷᠣᠭᠤᠯᠵᠠᠢ᠃ ᠡᠶᠢᠮᠦᠷᠬᠦ ᠭᠠᠷᠮᠠᠭᠠᠢ ᠠᠮᠵᠢᠯᠲᠠ ᠣᠯᠤᠭᠰᠠᠨ ᠤ ᠬᠠᠮᠤᠭ ᠤᠨ ᠦᠨᠳᠦᠰᠦᠨ ᠵᠦᠢᠯ ᠨᠢ ᠶᠡᠷᠦᠩᠬᠡᠢ ᠱᠦᠵᠢ ᠰᠢ ᠶᠢᠨ ᠫᠢᠩ ᠵᠠᠯᠠᠭᠤᠷ ᠢ ᠠᠳᠬᠤᠨ ᠠᠶᠠᠯᠠᠯ ᠢ ᠵᠢᠯᠣᠭᠤᠳᠤᠭᠰᠠᠨ ᠳᠤ ᠪᠠᠶᠢᠨ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠳᠤ ᠪᠠᠶᠢᠨ᠎ᠠ᠃ ᠪᠢᠳᠡ 《ᠬᠤᠶᠠᠷ ᠢ ᠲᠣᠭᠲᠠᠭᠠᠬᠰᠠᠨ》 ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠬᠦ ᠨᠠᠮ ᠤᠨ ᠭᠤᠣᠯᠯᠠᠭᠴᠢ ᠶᠢᠨ ᠪᠠᠶᠢᠷᠢ ᠰᠠᠭᠤᠷᠢ ᠶᠢ ᠡᠷᠡᠰ ᠭᠤᠶᠢᠪᠢᠰᠢ ᠦᠭᠡᠢ ᠬᠠᠮᠠᠭᠠᠯᠠᠵᠤ᠂ ᠦᠭᠡ ᠶᠠᠷᠢᠶ᠎ᠠ ᠦᠢᠯᠡ ᠠᠵᠢᠯᠯᠠᠭ᠎ᠠ ᠨᠢᠭᠡᠳᠦᠯᠲᠡᠢ ᠪᠠᠷ ᠶᠡᠷᠦᠩᠬᠡᠢ ᠱᠦᠵᠢ ᠰᠢ ᠶᠢᠨ ᠫᠢᠩ ᠢ ᠴᠢᠩᠭ᠎ᠠ ᠳᠠᠭᠠᠵᠤ ᠤᠷᠤᠬᠰᠢᠯᠠᠨ ᠳᠡᠮᠡᠴᠡᠬᠦ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠤᠯᠠᠮ ᠴᠢᠨᠠᠭᠰᠢᠳᠠ ᠰᠤᠷᠤᠯᠴᠠᠨ ᠡᠵᠡᠮᠰᠢᠵᠥ ᠨᠡᠪᠲᠡᠷᠡᠲᠡᠯ᠎ᠡ ᠪᠣᠳᠠᠲᠠᠶᠢᠵᠢᠭᠤᠯᠵᠤ᠂ ᠪᠠᠶᠢᠩᠭᠤ ᠰᠤᠷᠤᠯᠴᠠᠨ ᠪᠠᠶᠢᠩᠭᠤ ᠰᠢᠨᠡᠴᠢᠯᠡᠵᠤ᠂ ᠪᠠᠶᠢᠩᠭᠤ ᠤᠬᠠᠪᠤᠷᠢᠯᠠᠨ ᠪᠠᠶᠢᠩᠭᠤ ᠳᠠᠪᠰᠢᠵᠥ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ ᠬᠡᠵᠥ ᠴᠢᠬᠤᠯᠠᠴᠢᠯᠠᠪᠠ᠃
ᠬᠤᠷᠠᠯ ᠠᠴᠠ᠂ ᠣᠳᠣᠬᠠᠨ ᠤ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠪᠠᠶᠢᠳᠠᠯ ᠢ ᠰᠡᠷᠭᠡᠭ ᠢᠶᠠᠷ ᠲᠠᠨᠢᠵᠤ᠂ ᠨᠡᠩ ᠴᠢᠩᠭ᠎ᠠ ᠡᠭᠦᠷᠭᠡᠯᠡᠯ ᠤᠨ ᠤᠬᠠᠮᠰᠠᠷ ᠪᠣᠯᠤᠨ ᠲᠡᠮᠡᠴᠡᠯ ᠤᠨ ᠵᠣᠷᠢᠭ ᠰᠠᠨᠠᠭ᠎ᠠ ᠪᠠᠷ ᠠᠵᠠ ᠲᠣᠬᠢᠶᠠᠯ ᠢ ᠠᠳᠬᠤᠨ᠂ ᠠᠶᠤᠯ ᠲᠦᠭᠰᠢᠭᠦᠷᠢ ᠶᠢ ᠰᠡᠷᠭᠡᠶᠢᠯᠡᠵᠦ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠥᠪᠥᠷ ᠮᠣᠩᠭᠤᠯ ᠤᠨ ᠶᠠᠪᠤᠳᠠᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠯᠲᠠ ᠶᠢᠨ ᠢᠯᠡ ᠲᠣᠳᠣ ᠣᠨᠴᠠᠯᠢᠭ᠂ ᠢᠯᠡᠷᠬᠡᠢ ᠳᠠᠪᠠᠭᠤᠯᠢᠭ ᠴᠢᠨᠠᠷ ᠪᠣᠯᠤᠨ ᠬᠦᠴᠦᠷᠬᠡᠭ ᠶᠡᠭᠡ ᠠᠮᠢᠵᠢᠷᠠᠯ ᠤᠨ ᠬᠦᠴᠦᠨ ᠢ ᠭᠦᠨᠵᠡᠭᠡᠶ ᠤᠶᠢᠯᠠᠭᠠᠨ ᠡᠵᠡᠮᠰᠢᠵᠦ᠂ ᠬᠤᠶᠢᠰᠢᠳᠠ ᠶᠢᠨ ᠨᠢᠭᠡ ᠬᠤᠭᠤᠴᠠᠭᠠᠨ ᠤ ᠨᠠᠮ ᠪᠣᠯᠤᠨ ᠤᠯᠤᠰ ᠤᠨ ᠠᠵᠢᠯ ᠦᠶᠯᠡᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠮᠠᠨ ᠤ ᠣᠷᠣᠨ ᠤ ᠪᠥᠲᠥᠭᠡᠨ ᠪᠠᠶᠢᠭᠤᠯᠤᠯᠲᠠ ᠶᠢᠨ ᠰᠡᠳᠭᠢᠴᠡ ᠠᠷᠭ᠎ᠠ ᠬᠡᠮᠵᠢᠶ᠎ᠡ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠢᠯᠠᠩᠭᠤᠶ᠎ᠠ 《ᠬᠤᠶᠠᠷ ᠬᠠᠯᠬᠠᠪᠴᠢ》《ᠬᠤᠶᠠᠷ ᠰᠠᠭᠤᠷᠢᠨ 》《ᠨᠢᠭᠡ ᠪᠠᠬᠢᠯᠡᠯᠲᠡ》 ᠶᠢᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠳᠤᠲᠠᠭᠤᠳᠠᠯ ᠢᠶᠠᠨ ᠨᠥᠬᠦᠪᠥᠷᠢᠯᠡᠬᠦ᠂ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠬᠦ᠂ ᠰᠠᠭᠤᠷᠢ ᠪᠠᠨ ᠪᠠᠬᠢᠵᠢᠭᠦᠯᠬᠦ᠂ ᠳᠠᠪᠠᠭᠤᠯᠢᠭ ᠢᠶᠠᠨ ᠪᠠᠳᠠᠷᠠᠭᠤᠯᠬᠤ ᠳᠡᠭᠡᠷ᠎ᠡ ᠬᠦᠴᠦ ᠲᠠᠯᠪᠢᠵᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠥᠲᠥᠭᠡᠨ ᠪᠠᠶᠢᠭᠤᠯᠬᠤ ᠳᠤ ᠨᠠᠩ ᠣᠯᠠᠨ ᠥᠪᠥᠷ ᠮᠣᠩᠭᠤᠯ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ᠠᠷᠭ᠎ᠠ ᠪᠦᠬᠦᠨ ᠢ ᠰᠦᠪᠡᠭᠴᠢᠯᠡᠵᠥ ᠪᠠᠶᠢᠭᠠᠳ ᠠᠷᠠᠳ ᠤᠯᠠᠨ ᠢ ᠨᠡᠩ ᠰᠠᠶᠢᠨ ᠰᠠᠶᠢᠬᠠᠨ ᠠᠮᠢᠳᠤᠷᠠᠭᠤᠯᠬᠤ ᠬᠡᠷᠡᠭᠲᠡᠢ᠃ 《ᠰᠢᠯᠭᠠᠯᠲᠠ ᠳᠤ ᠤᠷᠤᠯᠴᠠᠬᠤ》 ᠶᠢᠨ ᠬᠤᠷᠴᠠ ᠰᠡᠷᠭᠡᠭ ᠢ ᠦᠨᠢᠳᠡ ᠪᠠᠳᠤᠯᠠᠬᠤ ᠪᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠡᠷᠡᠰ ᠪᠠᠳᠤ ᠰᠠᠶᠢᠲᠤᠷ ᠬᠢᠬᠦ ᠪᠠᠷ ᠳᠠᠮᠵᠢᠭᠤᠯᠤᠨ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠭᠦᠨᠵᠡᠭᠡᠢ ᠠᠬᠢᠭᠤᠯᠵᠤ᠂ ᠺᠠᠳ᠋ᠷᠴᠤᠳ ᠤᠨ ᠠᠵᠢᠯ ᠬᠢᠵᠦ ᠦᠢᠯᠡᠰ ᠴᠤᠬᠴᠠᠯᠠᠬᠤ ᠴᠤᠭ ᠰᠦᠯᠳᠡ ᠵᠢᠪᠬᠤᠭ᠎ᠠ ᠶᠢ ᠦᠨᠡᠨ ᠬᠦ ᠪᠠᠳᠠᠷᠠᠭᠤᠯᠵᠤ᠂ ᠺᠠᠳ᠋ᠷ ᠤᠨ ᠡᠩᠨᠡᠭᠡᠨ ᠤ ᠵᠥᠪ ᠲᠠᠯ᠎ᠠ ᠶᠢᠨ ᠲᠦᠷᠢ ᠲᠥᠷᠬᠦ ᠶᠢ ᠱᠤᠭᠤᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠢᠨᠵᠢᠶᠠᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ᠂ ᠢᠯᠠᠩᠭᠤᠶ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠠᠳᠬᠤᠵᠤ᠂ ᠦᠨᠡᠨ ᠪᠣᠳᠠᠲᠠᠢ ᠲᠤᠭ᠎ᠠ ᠪᠠᠷᠢᠮᠲᠠ᠂ ᠲᠡᠦᠬᠡ ᠶᠢᠨ ᠮᠠᠲ᠋ᠧᠷᠢᠶᠠᠯ ᠢ ᠢᠯᠡᠭᠦᠬᠡᠨ ᠬᠡᠷᠡᠭᠯᠡᠵᠦ ᠪᠠᠶᠢᠭᠠᠳ ᠤᠬᠠᠭᠤᠯᠭ᠎ᠠ ᠬᠥᠮᠦᠵᠢᠯ ᠥᠷᠨᠢᠭᠦᠯᠵᠦ᠂ ᠪᠣᠳᠠᠲᠤ ᠪᠣᠳᠠᠰ᠂ ᠪᠣᠳᠠᠲᠤ ᠦᠵᠡᠮᠵᠢ᠂ ᠪᠣᠳᠠᠲᠤ ᠶᠠᠪᠤᠳᠠᠯ ᠢᠶᠠᠷ ᠳᠠᠮᠵᠢᠭᠤᠯᠤᠨ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠪᠣᠯᠭᠠᠨ ᠬᠦᠮᠦᠵᠢᠭᠦᠯᠵᠤ᠂ ᠳᠤᠮᠳᠠᠳᠤ ᠶᠢᠨ ᠦᠨᠳᠦᠰᠦᠲᠡᠨ ᠤ ᠲᠡᠦᠬᠡ ᠶᠢᠨ ᠦᠵᠡᠯᠲᠡ ᠶᠢ ᠪᠠᠲᠤ ᠪᠤᠢ ᠪᠣᠯᠭᠠᠬᠤ ᠬᠡᠷᠡᠭᠲᠡᠢ᠃ ᠱᠠᠰᠢᠨ ᠰᠤᠷᠲᠠᠬᠤᠨ ᠤ ᠬᠦᠷᠢᠶᠡᠨ ᠳᠠᠬᠢ ᠠᠶᠤᠯ ᠲᠦᠭᠰᠢᠭᠦᠷᠢ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠵᠠᠰᠠᠬᠤ ᠶᠢ ᠴᠢᠩᠭᠠᠳᠬᠠᠵᠤ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠵᠠᠰᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠬᠥᠭᠵᠢᠯᠲᠡ ᠪᠠ ᠲᠣᠭᠲᠠᠭᠤᠨ᠂ ᠬᠥᠭᠵᠢᠯᠲᠡ ᠪᠠ ᠠᠷᠠᠳ ᠤᠨ ᠠᠮᠢᠳᠤᠷᠠᠯ᠂ ᠬᠥᠭᠵᠢᠯᠲᠡ ᠪᠠ ᠬᠥᠮᠦᠰ ᠤᠨ ᠰᠡᠳᠭᠢᠯ ᠤᠨ ᠨᠢᠭᠲᠠ ᠬᠠᠷᠢᠯᠴᠠᠭ᠎ᠠ ᠶᠢ ᠭᠦᠨᠵᠡᠭᠡᠢ ᠲᠠᠨᠢᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠴᠠᠭ᠎ᠠ ᠶᠢ ᠵᠥᠪ ᠰᠢᠢᠳᠪᠦᠷᠢᠯᠡᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠭᠡᠵᠦ᠂ ᠬᠥᠭᠵᠢᠯᠲᠡ ᠶᠢᠨ ᠦᠷ᠎ᠡ ᠪᠦᠲᠦᠭᠡᠯ ᠢᠶᠠᠷ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠬᠥᠮᠦᠰ ᠤᠨ ᠰᠡᠳᠭᠢᠯ ᠢ ᠨᠢᠭᠲᠠᠷᠠᠭᠤᠯᠬᠤ ᠶᠢ ᠠᠬᠢᠭᠤᠯᠬᠤ ᠬᠡᠷᠡᠭᠲᠡᠢ᠃ ᠤᠯᠤᠰ ᠤᠨ ᠳᠡᠮᠵᠢᠯᠭᠡ ᠶᠢ ᠣᠯᠵᠤ᠂ ᠬᠢᠯᠢ ᠶᠢᠨ ᠪᠣᠭᠤᠮᠲᠠ ᠪᠠᠷ ᠥᠩᠭᠡᠷᠡᠭᠦᠯᠬᠦ ᠴᠢᠳᠠᠪᠤᠷᠢ ᠪᠠᠨ ᠳᠡᠭᠡᠭᠰᠢᠯᠡᠭᠦᠯᠦᠨ᠂ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢ ᠲᠦᠷᠭᠡᠳᠭᠡᠨ ᠪᠠᠶᠢᠭᠤᠯᠬᠤ ᠬᠡᠷᠡᠭᠲᠡᠶ ᠬᠡᠵᠥ ᠴᠢᠬᠤᠯᠠᠴᠢᠯᠠᠪᠠ᠃
ᠬᠤᠷᠠᠯ ᠠᠴᠠ ᠪᠥᠬᠦ ᠣᠷᠣᠨ ᠤ ᠰᠢᠨ᠎ᠡ ᠡᠨᠧᠷᠭᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ᠂ ᠰᠢᠨ᠎ᠡ ᠡᠨᠧᠷᠭᠢ ᠶᠢ ᠬᠥᠭᠵᠢᠭᠦᠯᠬᠦ ᠨᠢ ᠮᠠᠨ ᠤ ᠣᠷᠣᠨ ᠤ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠠᠬᠢᠴᠠ ᠪᠠ ᠶᠠᠰᠤ ᠴᠢᠨᠠᠷ ᠲᠠᠢ ᠰᠢᠭᠤᠳ ᠬᠤᠯᠪᠣᠭᠳᠠᠵᠤ᠂ ᠮᠠᠨ ᠤ ᠣᠷᠣᠨ ᠤ ᠡᠨᠧᠷᠭᠢ ᠶᠢᠨ ᠪᠦᠲᠦᠴᠡ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠪᠠ ᠰᠢᠯᠢᠳᠡᠭᠵᠢᠭᠦᠯᠬᠦ ᠳᠤ ᠰᠢᠭᠤᠳ ᠬᠤᠯᠪᠣᠭᠳᠠᠵᠤ᠂ ᠨᠢᠭᠡ ᠶᠠᠪᠤᠳᠠᠯ ᠠᠴᠠ ᠪᠤᠯᠵᠤ ᠪᠦᠬᠦ ᠳᠠᠯ᠎ᠠ ᠶᠢ ᠨᠦᠯᠦᠬᠡᠯᠡᠬᠦ ᠲᠣᠮᠣ ᠶᠠᠪᠤᠳᠠᠯ ᠪᠣᠯᠤᠨ᠎ᠠ᠃ ᠡᠯ᠎ᠡ ᠱᠠᠳᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠥᠷᠯᠥᠭᠡ ᠦᠳᠡᠰᠢ ᠶᠢ ᠲᠡᠮᠡᠴᠡᠬᠦ ᠲᠤᠯᠭᠠᠮ ᠰᠡᠳᠭᠢᠯᠭᠡ ᠪᠠᠨ ᠴᠢᠩᠭᠠᠳᠬᠠᠵᠤ᠂ ᠴᠠᠭ ᠢ ᠠᠮᠵᠢᠨ ᠪᠤᠳᠠᠳᠠᠢ ᠪᠠᠷ ᠬᠦᠳᠡᠯᠤᠯᠴᠡᠨ ᠬᠢᠵᠥ᠂ ᠦᠨᠡᠨ ᠪᠣᠳᠠᠲᠠᠢ ᠦᠢᠯᠡᠳᠪᠦᠷᠢᠯᠡᠯ ᠤᠨ ᠬᠦᠴᠦᠨ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃ ᠰᠢᠨ᠎ᠡ ᠡᠨᠧᠷᠭᠢ ᠶᠢᠨ ᠲᠦᠷᠦᠯ ᠵᠦᠢᠯ ᠢ ᠲᠦᠷᠭᠡᠨ ᠵᠥᠪᠰᠢᠶᠡᠷᠡᠵᠦ᠂ ᠲᠦᠷᠭᠡᠨ ᠪᠦᠳᠦᠬᠡᠨ ᠪᠠᠶᠢᠭᠤᠯᠵᠤ᠂ ᠵᠣᠷᠢᠭᠲᠠᠢ ᠪᠠᠷ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠠᠷᠭ᠎ᠠ ᠬᠡᠯᠪᠡᠷᠢ ᠶᠢ ᠰᠠᠶᠢᠵᠢᠷᠠᠭᠤᠯᠬᠤ ᠳᠠᠭᠠᠨ ᠴᠢᠳᠠᠮᠠᠭᠠᠢ ᠪᠠᠶᠢᠵᠤ᠂ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠠᠵᠤ ᠠᠬᠤᠶᠢᠯᠠᠯ ᠤᠨ ᠭᠤᠤᠯ ᠴᠣᠭᠴᠠ ᠶᠢᠨ ᠦᠶᠯᠡᠳᠦᠯ ᠢ ᠢᠳᠡᠪᠬᠢᠲᠡᠶ ᠪᠠᠳᠠᠷᠠᠭᠤᠯᠵᠤ᠂ ᠵᠠᠬ᠎ᠠ ᠳᠡᠯᠭᠡᠭᠦᠷᠴᠢᠯᠡᠨ ᠲᠤᠬᠠᠶ ᠶᠢᠨ ᠭᠠᠵᠠᠷ ᠲᠤᠨᠢ ᠰᠢᠩᠭᠡᠭᠡᠬᠦ ᠶᠢ ᠶᠡᠭᠡ ᠪᠠᠷ ᠠᠬᠢᠭᠤᠯᠵᠤ᠂ ᠭᠠᠳᠠᠭᠰᠢ ᠬᠦᠷᠭᠡᠬᠦ ᠨᠡᠪᠳᠡᠷᠡᠬᠦ ᠵᠠᠮ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠵᠤ ᠬᠠᠩᠭᠠᠯᠭ᠎ᠠ ᠶᠢ ᠨᠡᠮᠡᠭᠳᠡᠭᠦᠯᠬᠦ ᠲᠠᠯ᠎ᠠ ᠪᠠᠷ ᠬᠢ ᠰᠢᠨ᠎ᠡ ᠡᠨᠧᠷᠭᠢ ᠶᠢᠨ ᠦᠶᠯᠡᠳᠦᠯ ᠢ ᠨᠠᠩ ᠰᠠᠶᠢᠲᠤᠷ ᠪᠠᠳᠠᠷᠠᠭᠤᠯᠬᠤ ᠬᠡᠷᠡᠭᠲᠡᠶ᠃ ᠡᠯ᠎ᠡ ᠱᠠᠲᠤᠨ ᠤ ᠤᠳᠤᠷᠢᠳᠬᠤ ᠺᠠᠳ᠋ᠷ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠠᠭᠤᠯᠠ ᠳᠠᠭᠠᠷᠠᠪᠠᠯ ᠵᠠᠮ ᠨᠡᠭᠡᠭᠡᠵᠦ᠂ ᠤᠰᠤ ᠳᠠᠭᠠᠷᠠᠪᠠᠯ ᠬᠥᠭᠦᠷᠭᠡ ᠲᠠᠯᠪᠢᠬᠤ ᠤᠮᠤᠭ ᠵᠣᠷᠢᠭ ᠪᠠ ᠣᠶᠤᠨ ᠤᠬᠠᠭᠠᠨ ᠢᠶᠠᠷ ᠲᠦᠭᠵᠢᠷᠡᠯ ᠪᠤᠭᠤᠮᠢ ᠬᠦᠴᠢᠷᠳᠡᠯ ᠢ ᠨᠡᠪᠲᠡᠷᠡᠭᠦᠯᠵᠦ᠂ ᠤᠯᠤᠰ ᠤᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠢᠳᠡᠪᠬᠢᠲᠡᠶ ᠣᠯᠵᠤ᠂ ᠰᠢᠨ᠎ᠡ ᠡᠨᠧᠷᠭᠢ ᠶᠢᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠭᠡᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ ᠬᠡᠵᠥ ᠵᠢᠭᠠᠵᠥ ᠭᠠᠷᠭᠠᠪᠠ᠃
ᠬᠤᠷᠠᠯ ᠠᠴᠠ 《ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠳᠠ ᠶᠢᠨ ᠮᠡᠳᠡᠭᠦᠯᠦᠯᠲᠡ ᠶᠢ ᠨᠠᠶᠢᠳᠠᠪᠤᠷᠢᠵᠢᠭᠤᠯᠵᠤ ᠴᠡᠭᠴᠡᠯᠡᠨ ᠰᠠᠶᠢᠵᠢᠷᠠᠭᠤᠯᠬᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠰᠦᠯ》 ᠢ ᠰᠤᠳᠤᠯᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠰᠠᠶᠢᠳᠤᠷ ᠠᠳᠬᠤᠬᠤ ᠶᠢ ᠣᠳᠣᠬᠠᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠭᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠣᠭᠲᠠᠮᠠᠯ ᠬᠤᠭᠤᠴᠠᠭ᠎ᠠ ᠲᠠᠢ ᠲᠣᠬᠢᠷᠠᠭᠤᠯᠤᠯᠲᠠ ᠬᠢᠬᠦ ᠶᠢ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠶ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠲᠤᠯᠭᠠᠬᠤ ᠠᠵᠢᠯ ᠳᠤ ᠦᠨᠡᠨ ᠠᠴᠠ ᠵᠥᠪ ᠢ ᠡᠷᠢᠬᠦ᠂ ᠵᠢᠷᠤᠮᠵᠢᠯ ᠲᠠᠢ ᠣᠨᠣᠴᠠᠲᠠᠢ ᠪᠠᠶᠢᠬᠤ ᠶᠢ ᠪᠡᠶᠡᠯᠡᠭᠦᠯᠵᠦ᠂ ᠥᠩᠭᠡᠷᠡᠭᠰᠡᠨ ᠢ ᠨᠢ ᠵᠠᠯᠬᠠᠭᠠᠵᠤ ᠬᠤᠶᠢᠰᠢ ᠳᠤᠨᠢ ᠴᠡᠭᠡᠷᠯᠡᠯ ᠪᠣᠯᠭᠠᠬᠤ᠂ ᠡᠪᠡᠳᠴᠢᠨ ᠢ ᠨᠢ ᠵᠠᠰᠠᠵᠤ ᠡᠳᠡᠭᠡᠷᠡᠭᠦᠯᠦᠨ ᠠᠪᠬᠤ ᠦᠷ᠎ᠡ ᠪᠦᠲᠦᠮᠵᠢ ᠶᠢ ᠦᠨᠡᠨ ᠬᠦ ᠤᠯᠵᠤ᠂ ᠬᠠᠷᠢᠭᠤᠴᠠᠯᠭ᠎ᠠ ᠨᠡᠬᠡᠮᠵᠢᠯᠡᠬᠦ ᠪᠠᠷ ᠴᠡᠭᠴᠡᠯᠡᠨ ᠰᠠᠶᠢᠵᠢᠷᠠᠭᠤᠯᠬᠤ ᠶᠢ ᠣᠷᠣᠯᠠᠭᠤᠯᠬᠤ ᠠᠴᠠ ᠡᠷᠡᠰ ᠵᠠᠶᠢᠯᠠᠰᠭᠢᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ 《︿ᠰᠢᠨ᠎ᠡ ᠴᠠᠭ ᠦᠶ᠎ᠡ ᠳᠤ ᠳᠤᠮᠳᠠ ᠪᠠᠷᠠᠭᠤᠨ ᠣᠷᠣᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠲᠤᠬᠠᠶ ᠰᠠᠨᠠᠯ﹀ ᠢ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠨᠦᠭᠦᠳ》 ᠪᠣᠯᠤᠨ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠦᠶᠯᠡᠰ ᠤᠨ ᠨᠢᠭᠡᠴᠢ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢᠨ ᠠᠷᠭ᠎ᠠ》 ᠶᠢ ᠬᠢᠨᠠᠨ ᠵᠥᠪᠯᠡᠪᠡ᠃
ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃