ᠵᠤᠬᠢᠶᠠᠭᠴᠢ:
ᠴᠠᠭ:2022-07-29
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠥᠪᠯᠡᠯᠭᠡ ᠥᠭᠬᠦ ᠵᠥᠪᠯᠡᠯ ᠪᠠᠶᠢᠭᠤᠯᠤᠭᠳᠠᠬᠤ ᠶᠡᠭᠡ ᠬᠤᠷᠠᠯ ᠵᠢᠴᠢ ︽ᠬᠤᠣᠰ ᠲᠡᠷᠢᠭᠦᠨ︾ ᠤ ᠪᠠᠶᠢᠭᠤᠯᠤᠯᠲᠠ ᠶᠢ ᠠᠬᠢᠭᠤᠯᠬᠤ ᠬᠤᠷᠠᠯ ᠢ ᠬᠤᠷᠠᠯᠳᠤᠭᠤᠯᠪᠠ ᠶᠢᠨ ᠯᠢ ᠪᠦᠦ ᠰᠢᠶᠠᠨ ᠬᠤᠸᠠ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ
2022 7 ᠰᠠᠷ᠎ᠠ ᠶᠢᠨ 27 ᠤ ᠡᠳᠦᠷ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠥᠪᠯᠡᠯᠭᠡ ᠥᠭᠬᠦ ᠵᠥᠪᠯᠡᠯ ᠪᠠᠶᠢᠭᠤᠯᠤᠭᠳᠠᠬᠤ ᠶᠡᠭᠡ ᠬᠤᠷᠠᠯ ᠵᠢᠴᠢ 《ᠬᠤᠣᠰ ᠲᠡᠷᠢᠭᠦᠨ》 ᠤ ᠪᠠᠶᠢᠭᠤᠯᠤᠯᠲᠠ ᠶᠢ ᠠᠬᠢᠭᠤᠯᠬᠤ ᠬᠤᠷᠠᠯ ᠬᠥᠬᠡᠬᠤᠲᠠ ᠳᠤ ᠬᠤᠷᠠᠯᠳᠤᠵᠤ᠂ ᠹᠦᠳᠠᠨ ᠶᠡᠭᠡ ᠰᠤᠷᠭᠠᠭᠤᠯᠢ ᠶᠢᠨ ᠵᠠᠬᠢᠷᠤᠯ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠵᠥᠪᠯᠡᠯᠭᠡ ᠥᠭᠬᠦ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠶᠢᠨ ᠯᠢ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠵᠡᠢ᠃
ᠶᠢᠨ ᠯᠢ᠂ ᠥᠪᠥᠷ ᠮᠣᠩᠭᠤᠯ ᠤᠨ ᠶᠡᠭᠡ ᠰᠤᠷᠭᠠᠭᠤᠯᠢ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭ᠎ᠠ ᠨᠠᠮ ᠪᠣᠯᠣᠨ ᠤᠯᠤᠰ ᠠᠴᠠ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠳᠤ ᠪᠠᠶᠢᠭᠤᠯᠤᠭᠰᠠᠨ ᠠᠩᠬᠠᠳᠠᠭᠴᠢ ᠶᠡᠷᠦᠩᠬᠡᠶᠢᠯᠡᠭᠰᠡᠨ ᠶᠡᠭᠡ ᠰᠤᠷᠭᠠᠭᠤᠯᠢ ᠪᠠᠶᠢᠵᠤ᠂ ᠤᠷᠳᠤ ᠬᠤᠭᠤᠴᠠᠭ᠎ᠠ ᠪᠠᠷ ᠤᠮᠠᠷᠠᠲᠤ ᠬᠢᠯᠢ ᠬᠢᠵᠠᠭᠠᠷ ᠣᠷᠣᠨ ᠳᠤ ᠦᠨᠳᠦᠰᠦᠯᠡᠵᠦ ᠦᠨᠳᠦᠰᠦᠲᠡᠨ ᠤ ᠪᠦᠯᠬᠦᠮᠳᠡᠯ ᠢ ᠠᠬᠢᠭᠤᠯᠬᠤ᠂ ᠬᠢᠯᠢ ᠬᠢᠵᠠᠭᠠᠷ ᠤᠨ ᠲᠣᠭᠲᠠᠭᠤᠨ ᠢ ᠬᠠᠮᠠᠭᠠᠯᠠᠬᠤ ᠳᠤ ᠴᠢᠬᠤᠯᠠ ᠬᠤᠪᠢ ᠨᠡᠮᠡᠷᠢ ᠦᠵᠡᠭᠦᠯᠵᠡᠢ᠃ ᠤᠯᠠᠨ ᠵᠢᠯ ᠤᠨ ᠲᠤᠷᠰᠢ ᠹᠦᠳᠠᠨ ᠶᠡᠭᠡ ᠰᠤᠷᠭᠠᠭᠤᠯᠢ ᠪᠣᠯᠣᠨ ᠥᠪᠥᠷ ᠮᠣᠩᠭᠤᠯ ᠤᠨ ᠶᠡᠭᠡ ᠰᠤᠷᠭᠠᠭᠤᠯᠢ ᠤᠯᠠᠨ ᠬᠦᠷᠢᠶᠡᠨ ᠳᠤ ᠠᠵᠢᠯ ᠲᠦᠷᠦᠯ ᠤᠨ ᠰᠢᠰᠲ᠋ᠧᠮ ᠤᠨ ᠬᠠᠮᠲᠤᠷᠠᠯᠴᠠᠭ᠎ᠠ ᠶᠢ ᠭᠦᠨᠵᠡᠭᠡᠢ ᠵᠥᠪᠯᠡᠯ ᠤᠨ ᠪᠠᠶᠢᠭᠤᠯᠤᠭᠳᠠᠭᠰᠠᠨ ᠨᠢ ᠬᠦᠴᠦ ᠪᠠᠨ ᠨᠡᠩ ᠬᠠᠮᠲᠤᠳᠬᠠᠨ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠰᠢᠨ᠎ᠡ ᠨᠢᠭᠡᠨ ᠡᠭᠡᠯᠵᠢ ᠶᠢᠨ 《ᠬᠤᠣᠰ ᠲᠡᠷᠢᠭᠦᠨ》 ᠤ ᠪᠠᠶᠢᠭᠤᠯᠤᠯᠲᠠ ᠶᠢ ᠠᠬᠢᠭᠤᠯᠵᠤ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠲᠡᠷᠢᠭᠦᠨ ᠤ ᠴᠢᠳᠠᠪᠤᠷᠢᠲᠠᠨ ᠬᠥᠮᠥᠵᠢᠭᠦᠯᠬᠦ ᠶᠢ ᠳᠡᠮᠵᠢᠵᠦ᠂ ᠲᠡᠷᠢᠭᠦᠨ ᠤ ᠦᠷ᠎ᠡ ᠪᠦᠲᠦᠭᠡᠯ ᠭᠠᠷᠭᠠᠵᠤ᠂ ᠲᠡᠷᠢᠭᠦᠨ ᠤ ᠬᠤᠪᠢ ᠨᠡᠮᠡᠷᠢ ᠦᠵᠡᠭᠦᠯᠬᠦ ᠶᠢ ᠬᠠᠷᠠᠭᠤᠯᠵᠤ ᠪᠠᠶᠢᠨ᠎ᠠ ᠭᠡᠪᠡ᠃
ᠪᠦᠦ ᠰᠢᠶᠠᠨ ᠬᠤᠸᠠ᠂ ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠥᠪᠯᠡᠯᠭᠡ ᠥᠭᠬᠦ ᠵᠥᠪᠯᠡᠯ ᠢ ᠪᠠᠶᠢᠭᠤᠯᠵᠤ 《ᠬᠤᠣᠰ ᠲᠡᠷᠢᠭᠦᠨ》 ᠤ ᠪᠠᠶᠢᠭᠤᠯᠤᠯᠲᠠ ᠶᠢ ᠰᠦᠪᠡᠭᠴᠢᠯᠡᠬᠦ ᠪᠣᠯ ᠶᠡᠷᠦᠩᠬᠡᠢ ᠱᠦᠵᠢ ᠰᠢ ᠶᠢᠨ ᠫᠢᠩ ᠤᠨ 2019 ᠣᠨ ᠳᠤ ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠮᠥᠨ᠃ ᠣᠳᠣᠬᠠᠨ ᠳᠤ ᠥᠪᠥᠷ ᠮᠣᠩᠭᠤᠯ ᠶᠠᠭ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ᠂ ᠴᠢᠨᠠᠷᠯᠢᠭ ᠬᠥᠭᠵᠢᠯᠲᠡ ᠶᠢ ᠪᠡᠶᠡᠯᠡᠭᠦᠯᠬᠦ ᠵᠠᠩᠭᠢᠯᠠᠭ᠎ᠠ ᠶᠢᠨ ᠴᠠᠭ ᠲᠤ ᠣᠷᠣᠰᠢᠵᠤ᠂ ᠴᠢᠨᠠᠷᠯᠢᠭ ᠰᠤᠷᠭᠠᠨ ᠬᠥᠮᠦᠵᠢᠯ᠂ ᠳᠡᠭᠡᠳᠦ ᠲᠡᠰ ᠤᠨ ᠴᠢᠳᠠᠪᠤᠷᠢᠲᠠᠨ᠂ ᠥᠨᠳᠥᠷ ᠲᠦᠪᠰᠢᠨ ᠲᠠᠢ ᠰᠢᠨ᠎ᠡ ᠡᠭᠦᠳᠦᠯᠲᠡ ᠶᠢᠨ ᠬᠡᠷᠡᠭᠴᠡᠭᠡ ᠶᠢ ᠮᠠᠰᠢ ᠲᠤᠯᠭᠠᠮ᠎ᠠ ᠱᠠᠭᠠᠷᠳᠠᠵᠤ ᠪᠠᠶᠢᠨ᠎ᠠ᠃ ᠡᠯ᠎ᠡ ᠮᠡᠷᠭᠡᠵᠢᠯᠲᠡᠳ ᠤᠨ 《ᠦᠵᠡᠯ ᠰᠠᠨᠠᠭᠠᠨ ᠤ ᠬᠥᠮᠥᠷᠭᠡ》 ᠪᠠ 《ᠤᠬᠠᠭᠠᠨᠲᠠᠳ ᠤᠨ ᠪᠦᠯᠬᠦᠮ》 ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠥᠪᠥᠷ ᠮᠣᠩᠭᠤᠯ ᠤᠨ ᠠᠵᠤ ᠠᠬᠤᠢ ᠨᠡᠶᠢᠭᠡᠮ ᠢᠯᠠᠩᠭᠤᠶ᠎ᠠ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠳᠤ ᠠᠷᠭ᠎ᠠ ᠤᠬᠠᠭᠠᠨ ᠭᠠᠷᠭᠠᠬᠤ ᠶᠢ ᠬᠦᠰᠡᠵᠦ ᠪᠠᠶᠢᠨ᠎ᠠ ᠭᠡᠵᠡᠢ᠃
ᠣᠶᠢᠯᠠᠭᠠᠭᠰᠠᠨ ᠢᠶᠠᠷ᠂ ᠵᠥᠪᠯᠡᠯᠭᠡ ᠥᠭᠬᠦ ᠵᠥᠪᠯᠡᠯ ᠨᠢ ᠬᠤᠯᠪᠣᠭᠳᠠᠯ ᠪᠦᠬᠦᠢ ᠰᠢᠨᠵᠢᠯᠡᠭᠡᠨ ᠤ ᠰᠠᠯᠠᠭ᠎ᠠ ᠶᠢᠨ ᠴᠢᠬᠤᠯᠠ ᠶᠡᠭᠡ ᠨᠥᠯᠥᠭᠡ ᠪᠦᠬᠦᠢ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨᠲᠠᠨ᠂ ᠬᠥᠮᠦᠯᠢᠭ ᠨᠡᠶᠢᠭᠡᠮ ᠰᠢᠨᠵᠢᠯᠡᠬᠦ ᠤᠬᠠᠭᠠᠨ ᠤ ᠨᠠᠷᠠᠲᠤ ᠮᠡᠷᠭᠡᠵᠢᠯᠲᠡᠨ ᠢᠶᠠᠷ ᠪᠦᠷᠢᠯᠳᠦᠪᠡ᠃ ᠬᠤᠷᠠᠯ ᠤᠨ ᠬᠤᠭᠤᠴᠠᠭᠠᠨ ᠳᠤ᠂ ᠹᠦᠳᠠᠨ ᠶᠡᠭᠡ ᠰᠤᠷᠭᠠᠭᠤᠯᠢ ᠶᠢᠨ ᠤᠤᠯ ᠤᠨ ᠵᠠᠬᠢᠷᠤᠯ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠵᠥᠪᠯᠡᠯ ᠤᠨ ᠡᠷᠬᠢᠯᠡᠭᠴᠢ ᠭᠡᠰᠢᠭᠦᠨ ᠰᠢᠦᠢ ᠨᠢᠩ ᠱᠧᠩ ᠵᠡᠷᠭᠡ 19 ᠭᠡᠰᠢᠭᠦᠨ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠶᠢ ᠤᠶᠠᠯᠳᠤᠭᠤᠯᠬᠤ ᠠᠷᠭ᠎ᠠ ᠪᠠᠷ ᠳᠠᠮᠵᠢᠭᠤᠯᠤᠨ᠂ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ᠂ ᠴᠢᠳᠠᠪᠤᠷᠢᠲᠠᠨ ᠢ ᠬᠥᠲᠥᠯᠥᠨ ᠬᠥᠮᠥᠵᠢᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠡᠭᠦᠳᠦᠯᠲᠡ ᠵᠡᠷᠭᠡ ᠲᠠᠯ᠎ᠠ ᠪᠠᠷ ᠵᠢᠯᠤᠭᠤᠳᠬᠤ ᠰᠠᠨᠠᠯ ᠪᠠ ᠬᠤᠯᠪᠣᠭᠳᠠᠯ ᠪᠦᠬᠦᠢ ᠰᠠᠨᠠᠭᠤᠯᠭ᠎ᠠ ᠳᠤᠷᠠᠳᠪᠠ᠃