ᠵᠤᠬᠢᠶᠠᠭᠴᠢ:
ᠴᠠᠭ:2022-07-29
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠴᠠᠬᠢᠯᠭᠠᠨ ᠬᠦᠴᠦᠨ ᠤ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢᠨ ᠲᠤᠰᠬᠠᠢ ᠰᠡᠳᠦᠪᠲᠦ ᠬᠤᠷᠠᠯ ᠬᠤᠷᠠᠯᠳᠤᠪᠠ ᠬᠤᠸᠠᠩ ᡁᠢ ᠴᠢᠶᠠᠩ ᠬᠤᠷᠠᠯ ᠢ ᠡᠷᠬᠢᠯᠡᠵᠡᠢ
2022 7 ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠡᠨᠧᠷᠭᠢ ᠶᠢᠨ ᠪᠦᠲᠦᠴᠡ ᠶᠢᠨ ᠬᠡᠯᠪᠡᠷᠢ ᠶᠢ ᠬᠤᠪᠢᠷᠠᠭᠤᠯᠬᠤ ᠳᠤ ᠵᠣᠬᠢᠴᠠᠭᠰᠠᠨ ᠴᠠᠬᠢᠯᠭᠠᠨ ᠬᠦᠴᠦᠨ ᠤ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠬᠤ ᠲᠤᠬᠠᠢ ᠰᠤᠳᠤᠯᠵᠠᠢ᠃
ᠬᠤᠸᠠᠩ ᡁᠢ ᠴᠢᠶᠠᠩ ᠬᠡᠯᠡᠬᠦ ᠳᠤ ᠪᠠᠨ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠨᠢ ᠰᠢᠰᠲ᠋ᠧᠮᠲᠦ ᠴᠢᠨᠠᠷ᠂ ᠪᠤᠳᠤᠯᠢᠶᠠᠨᠲᠤ ᠴᠢᠨᠠᠷ ᠵᠡᠷᠭᠡ ᠣᠨᠴᠠᠯᠢᠭ ᠲᠠᠢ ᠪᠠᠶᠢᠳᠠᠭ᠂ ᠰᠢᠨ᠎ᠡ ᠡᠨᠧᠷᠭᠢ ᠶᠢ ᠶᠡᠭᠡ ᠪᠠᠷ ᠨᠡᠭᠡᠭᠡᠨ ᠬᠥᠭᠵᠢᠭᠦᠯᠵᠦ ᠶᠡᠭᠡ ᠪᠠᠷ ᠪᠦᠲᠦᠭᠡᠨ ᠪᠠᠶᠢᠭᠤᠯᠬᠤ ᠴᠢᠬᠤᠯᠠ ᠶᠡᠭᠡ ᠲᠡᠦᠬᠡᠨ ᠠᠵᠠ ᠲᠣᠬᠢᠶᠠᠯ ᠢ ᠡᠵᠡᠮᠳᠡᠵᠦ᠂ ᠠᠵᠢᠯ ᠤᠨ ᠪᠠᠷᠠᠭᠠᠯᠬᠢᠯᠠᠯᠳᠤ ᠴᠢᠨᠠᠷ᠂ ᠰᠠᠨᠠᠭᠠᠴᠢᠯᠠᠭᠠᠲᠤ ᠴᠢᠨᠠᠷ᠂ ᠵᠣᠬᠢᠴᠠᠯᠳᠤᠬᠤ ᠴᠢᠨᠠᠷ ᠢ ᠴᠢᠩᠭᠠᠷᠠᠭᠤᠯᠤᠨ᠂ ᠨᠠᠩ ᠶᠡᠭᠡ ᠡᠷᠴᠢᠮ ᠢᠶᠠᠷ ᠰᠢᠨ᠎ᠡ ᠶᠢ ᠡᠭᠦᠳᠬᠦ ᠴᠢᠨᠠᠷᠲᠠᠢ᠂ ᠬᠥᠲᠥᠯᠥᠨ ᠳᠠᠭᠠᠭᠤᠯᠬᠤ ᠴᠢᠨᠠᠷᠲᠠᠢ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠥᠭᠡᠷᠡᠴᠢᠯᠡᠯᠲᠡ ᠶᠢᠨ 《ᠳᠠᠭᠠᠭᠤᠯᠤᠭᠴᠢ》 ᠪᠣᠯᠬᠤ ᠪᠠᠷ ᠴᠢᠷᠮᠠᠶᠢᠵᠤ᠂ ᠪᠥᠬᠦ ᠤᠯᠤᠰ ᠤᠨ ᠴᠠᠬᠢᠯᠭᠠᠨ ᠬᠦᠴᠦᠨ ᠤ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠳᠤ ᠨᠠᠩ ᠣᠯᠠᠨ ᠲᠤᠷᠰᠢᠯᠲᠠ ᠶᠢᠨ ᠴᠡᠭ ᠤᠨ ᠲᠤᠷᠰᠢᠯᠭ᠎ᠠ ᠪᠠ ᠲᠡᠷᠢᠭᠦᠨ ᠤ ᠥᠯᠢᠭᠡᠷ ᠵᠢᠱᠢᠶ᠎ᠡ ᠬᠠᠩᠭᠠᠬᠤ ᠬᠡᠷᠡᠭᠲᠡᠢ᠃ ᠴᠠᠬᠢᠯᠭᠠᠨ ᠬᠦᠴᠦᠨ ᠤ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢᠨ ᠳᠤᠮᠳᠠᠬᠢ ᠴᠠᠬᠢᠯᠭᠠᠨ ᠤ ᠦᠨ᠎ᠡ ᠶᠢᠨ ᠥᠭᠡᠷᠡᠴᠢᠯᠡᠯᠲᠡ ᠶᠢᠨ ᠵᠠᠩᠭᠢᠯᠠᠭ᠎ᠠ ᠶᠢ ᠴᠢᠩᠭ᠎ᠠ ᠠᠳᠬᠤᠵᠤ᠂ ᠰᠢᠨ᠎ᠡ ᠡᠨᠧᠷᠭᠢ ᠶᠢᠨ ᠲᠣᠮᠣ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠣᠳᠠᠲᠤ ᠬᠡᠷᠡᠭᠴᠡᠭᠡ ᠳᠤ ᠰᠠᠭᠤᠷᠢᠯᠠᠨ᠂ ᠣᠷᠭᠢᠯ ᠦᠶ᠎ᠡ ᠶᠢᠨ ᠲᠣᠬᠢᠷᠠᠭᠤᠯᠤᠯᠲᠠ᠂ ᠪᠡᠯᠡᠳᠬᠡᠯ ᠵᠡᠷᠭᠡ ᠥᠪᠡᠷ ᠤᠨ ᠥᠷᠲᠡᠭ ᠢ ᠲᠤᠰᠬᠠᠭᠰᠠᠨ ᠰᠢᠨ᠎ᠡ ᠡᠨᠧᠷᠭᠢ ᠶᠢᠨ ᠴᠠᠬᠢᠯᠭᠠᠨ ᠤ ᠦᠨ᠎ᠡ ᠶᠢᠨ ᠠᠷᠠᠯᠵᠢᠶᠠᠨ ᠤ ᠰᠢᠨ᠎ᠡ ᠵᠠᠭᠪᠤᠷ ᠢ ᠱᠠᠯᠠᠪᠳᠠᠨ ᠰᠦᠪᠡᠭᠴᠢᠯᠡᠨ ᠪᠠᠶᠢᠭᠤᠯᠵᠤ᠂ ᠨᠠᠩ ᠶᠡᠭᠡ ᠬᠡᠪᠴᠢᠶᠡᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠪᠠᠷ ᠳᠠᠮᠵᠢᠭᠤᠯᠤᠨ᠂ ᠡᠯ᠎ᠡ ᠲᠥᠷᠥᠯ ᠤᠨ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠲᠤ ᠣᠷᠤᠯᠴᠠᠬᠤ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠪᠠ ᠬᠦᠳᠡᠯᠭᠡᠬᠦ ᠬᠦᠴᠦᠨ ᠢ ᠪᠣᠶᠢᠵᠢᠭᠤᠯᠤᠨ ᠬᠥᠭᠵᠢᠭᠡᠵᠦ᠂ ᠥᠭᠡᠷᠡᠴᠢᠯᠡᠯᠲᠡ ᠶᠢᠨ ᠠᠰᠢᠭ ᠢ ᠬᠠᠮᠲᠤ ᠪᠠᠷ ᠬᠦᠷᠲᠡᠬᠦ ᠶᠢᠨ ᠬᠠᠮᠲᠤ᠂ ᠴᠠᠬᠢᠯᠭᠠᠨ ᠬᠦᠴᠦᠨ ᠤ ᠠᠮᠤᠷ ᠲᠣᠭᠲᠠᠭᠤᠨ ᠬᠠᠩᠭᠠᠯᠭ᠎ᠠ ᠶᠢ ᠪᠠᠲᠤᠯᠠᠬᠤ᠂ ᠡᠨᠧᠷᠭᠢ ᠶᠢᠨ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢᠨ ᠬᠤᠪᠢᠷᠠᠭᠤᠯᠤᠯᠲᠠ ᠳᠤ ᠦᠢᠯᠡᠴᠢᠯᠡᠬᠦ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠪᠠᠶᠢᠭᠤᠯᠬᠤ ᠶᠢ ᠬᠠᠮᠲᠤ ᠪᠠᠷ ᠠᠬᠢᠭᠤᠯᠬᠤ ᠬᠡᠷᠡᠭᠲᠡᠢ ᠭᠡᠵᠡᠢ᠃