ᠵᠤᠬᠢᠶᠠᠭᠴᠢ:
ᠴᠠᠭ:2022-07-29
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠵᠢᠷᠭᠤᠳᠤᠭᠠᠷ ᠬᠤᠷᠠᠯ ᠳᠤᠭᠤᠶᠢᠯᠠᠩ ᠬᠠᠮᠲᠤᠷᠠᠭᠰᠠᠨ ᠬᠤᠷᠠᠯ ᠬᠢᠪᠠ
2022 7 ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠵᠢᠷᠭᠤᠳᠤᠭᠠᠷ ᠬᠤᠷᠠᠯ ᠳᠤᠭᠤᠶᠢᠯᠠᠩ ᠬᠠᠮᠲᠤᠷᠠᠭᠰᠠᠨ ᠬᠤᠷᠠᠯ ᠬᠢᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠯᠳᠠ ᠬᠢᠭᠰᠡᠨ ᠠᠵᠢᠯ ᠤᠨ ᠪᠠᠶᠢᠳᠠᠯ ᠢ ᠲᠤᠰᠬᠠᠶ ᠰᠡᠳᠦᠪ ᠢᠶᠠᠷ ᠠᠰᠠᠭᠤᠨ ᠯᠠᠪᠯᠠᠪᠠ᠃
ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠩᠭᠤ ᠶᠢᠨ ᠳᠡᠳ᠋ ᠡᠷᠬᠢᠯᠡᠭᠴᠢ ᠯᠢᠨ ᠱᠤᠤ ᠴᠦᠨ᠂ ᠳᠡᠳ᠋ ᠡᠷᠬᠢᠯᠡᠭᠴᠢ ᠯᠢ ᠷᠦᠩ ᠰᠢ᠂ ᠳ᠋ᠤᠸᠠᠨ ᡁᠢ ᠴᠢᠶᠠᠩ᠂ ᠾᠧ ᠶᠠᠨ ᠯᠢᠩ᠂ ᠨᠠᠷᠢᠨ ᠪᠢᠴᠢᠭ ᠤᠨ ᠳᠠᠷᠤᠭ᠎ᠠ ᠱᠢ ᠸᠧᠨ ᠰᠢᠤᠸᠠᠢ ᠬᠤᠷᠠᠯ ᠳᠤ ᠣᠷᠣᠯᠴᠠᠵᠤ᠂ ᠳᠡᠳ᠋ ᠡᠷᠬᠢᠯᠡᠭᠴᠢ ᠵᠠᠩ ᠶᠤᠸᠠᠨ ᠵᠦᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠱᠦᠵᠢ ᠵᠧᠩ ᠭᠤᠸᠠᠩ ᠵᠤᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠢ ᠲᠦᠯᠦᠭᠡᠯᠡᠨ ᠦᠭᠡ ᠬᠡᠯᠡᠵᠠᠢ᠃
ᠳᠤᠭᠤᠶᠢᠯᠠᠩ ᠬᠠᠮᠲᠤᠷᠠᠭᠰᠠᠨ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢ 6 ᠬᠦᠮᠦᠨ᠂ ᠮᠡᠬᠡᠯᠡᠯ ᠢ ᠡᠰᠡᠷᠭᠦᠴᠡᠬᠦ 《ᠰᠡᠷᠭᠡᠶᠢᠯᠡᠯᠲᠡ ᠶᠢᠨ ᠬᠡᠷᠡᠮ》 ᠢ ᠪᠠᠶᠢᠭᠤᠯᠬᠤ᠂ ᠠᠷᠠᠳ ᠢᠷᠭᠡᠳ ᠤᠨ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ᠂ ᠴᠠᠬᠢᠯᠭᠠᠨ ᠬᠤᠯᠪᠣᠭᠠᠨ ᠤ ᠠᠵᠢᠯ ᠲᠥᠷᠥᠯ ᠤᠨ ᠵᠠᠰᠠᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ ᠠᠰᠠᠭᠤᠨ ᠯᠠᠪᠯᠠᠬᠤ ᠳᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠤᠬᠠᠢ ᠶᠢᠨ ᠲᠠᠯᠠᠪᠠᠢ ᠳᠤ ᠬᠠᠷᠢᠭᠤᠯᠲᠠ ᠥᠭᠪᠡ᠃
ᠵᠧᠩ ᠭᠤᠸᠠᠩ ᠵᠣᠣ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠲᠣᠰ ᠤᠳᠠᠭ᠎ᠠ ᠶᠢᠨ ᠲᠤᠰᠬᠠᠶ ᠰᠡᠳᠦᠪᠲᠦ ᠮᠡᠳᠡᠭᠦᠯᠦᠯᠲᠡ ᠪᠠ ᠠᠰᠠᠭᠤᠨ ᠯᠠᠪᠯᠠᠬᠤ ᠪᠠᠷ ᠲᠣᠬᠢᠶᠠᠯ ᠪᠣᠯᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠢᠨᠠᠯᠲᠠ ᠶᠢ ᠨᠠᠩ ᠤᠬᠠᠮᠰᠠᠷ ᠠᠴᠠ ᠪᠠᠨ ᠬᠦᠯᠢᠶᠡᠵᠦ᠂ ᠨᠠᠩ ᠥᠨᠳᠥᠷ ᠵᠣᠭᠰᠣᠴᠠ ᠠᠴᠠ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠨᠠᠩ ᠶᠡᠭᠡ ᠡᠷᠴᠢᠮ ᠢᠶᠠᠷ ᠰᠡᠷᠭᠡᠶᠢᠯᠡᠨ ᠡᠵᠡᠮᠳᠡᠬᠦ ᠲᠤᠤᠷ ᠢ ᠪᠠᠲᠤ ᠴᠣᠭᠴᠠᠯᠠᠵᠤ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠴᠣᠬᠢᠯᠲᠠ ᠥᠭᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠨᠠᠩ ᠥᠷᠭᠡᠨ ᠬᠦᠷᠢᠶ᠎ᠡ ᠴᠠᠷᠠᠭ᠎ᠠ ᠪᠠᠷ ᠵᠠᠰᠠᠯᠲᠠ ᠶᠢᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠯᠳᠠ ᠬᠢᠬᠦ ᠠᠵᠢᠯ ᠤᠨ ᠴᠢᠳᠠᠪᠤᠷᠢ ᠶᠢᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠦᠨ᠎ᠡ ᠭᠡᠵᠦ ᠢᠯᠡᠷᠬᠡᠶᠢᠯᠡᠪᠡ᠃
ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠨ᠂ ᠵᠣᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠴᠣᠬᠢᠯᠲᠠ ᠥᠭᠬᠦ ᠬᠠᠮᠲᠤᠷᠠᠯ ᠬᠦᠴᠦᠨ ᠢ ᠪᠦᠷᠢᠯᠳᠦᠭᠦᠯᠦᠨ᠂ ᠴᠣᠬᠢᠯᠲᠠ ᠥᠭᠬᠦ ᠰᠡᠷᠭᠡᠶᠢᠯᠡᠬᠦ ᠬᠠᠮᠢᠶᠠᠷᠤᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠦᠨᠡᠨ ᠬᠦ ᠪᠣᠳᠠᠲᠠᠢ ᠨᠠᠷᠢᠯᠢᠭ ᠨᠠᠶᠢᠳᠠᠪᠤᠷᠢᠵᠢᠭᠤᠯᠬᠤ ᠬᠡᠷᠡᠭᠲᠡᠢ᠃ ᠪᠥᠬᠦ ᠬᠡᠯᠬᠢᠶ᠎ᠡ ᠶᠢ ᠭᠦᠨᠵᠡᠭᠡᠶᠢᠷᠡᠭᠦᠯᠦᠨ ᠴᠣᠬᠢᠯᠲᠠ ᠥᠭᠬᠦ ᠶᠢ ᠪᠠᠷᠢᠮᠲᠠᠯᠠᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠵᠢᠴᠢ ᠳᠡᠭᠡᠷ᠎ᠡ ᠳᠤᠤᠷ᠎ᠠ ᠬᠡᠯᠬᠢᠶ᠎ᠡ ᠲᠠᠢ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠴᠣᠬᠢᠯᠲᠠ ᠥᠭᠴᠦ ᠵᠠᠰᠠᠯᠳᠠ ᠬᠢᠭᠦ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠡᠬᠢ ᠦᠨᠳᠦᠰᠦ ᠠᠴᠠ ᠨᠢ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠮᠡᠬᠡᠯᠡᠯ ᠢ ᠡᠰᠡᠷᠭᠦᠴᠡᠬᠦ ᠮᠡᠳᠡᠯᠭᠡ ᠶᠢ ᠨᠡᠶᠢᠭᠡᠮ ᠲᠣᠭᠤᠷᠢᠭ ᠲᠤ ᠣᠷᠣᠭᠤᠯᠬᠤ᠂ ᠬᠥᠳᠡᠭᠡ ᠲᠣᠰᠬᠤᠨ ᠳᠤ ᠣᠷᠣᠭᠤᠯᠬᠤ᠂ ᠭᠡᠷ ᠪᠦᠯᠢ ᠳᠤ ᠣᠷᠣᠭᠤᠯᠬᠤ᠂ ᠰᠤᠷᠭᠠᠭᠤᠯᠢ ᠳᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠪᠦᠬᠦ ᠨᠡᠶᠢᠭᠡᠮ ᠢᠶᠠᠷ ᠢᠶᠠᠨ ᠮᠡᠬᠡᠯᠡᠯ ᠢ ᠰᠡᠷᠭᠡᠶᠢᠯᠡᠬᠦ ᠮᠡᠭᠡᠯᠡᠯ ᠢ ᠡᠰᠡᠷᠬᠦᠴᠡᠬᠦ ᠭᠦᠨ ᠵᠤᠵᠠᠭᠠᠨ ᠠᠭᠤᠷ ᠠᠮᠢᠰᠬᠤᠯ ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ᠂ ᠪᠦᠷᠢᠯᠳᠦᠬᠦᠨ ᠨᠡᠷ ᠤᠨ ᠬᠢᠨᠠᠨ ᠵᠥᠪᠯᠡᠭᠰᠡᠨ ᠪᠠ ᠠᠰᠠᠭᠤᠨ ᠯᠠᠪᠯᠠᠬᠰᠠᠨ ᠰᠠᠨᠠᠯ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠢᠨᠠᠨ ᠵᠥᠪᠯᠡᠭᠰᠡᠨ ᠰᠠᠨᠠᠯ ᠢ ᠬᠢᠨᠠᠮᠠᠭᠠᠶ ᠰᠤᠳᠤᠯᠤᠨ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠳᠤ ᠲᠤᠰᠢᠶᠠᠨ ᠰᠢᠶᠳᠪᠦᠷᠢᠯᠡᠭᠦᠯᠬᠦ ᠶᠢᠨ ᠬᠠᠮᠲᠤ ᠴᠠᠭ ᠲᠤᠬᠠᠶ ᠳᠤᠨᠢ ᠬᠠᠷᠢᠭᠤ ᠲᠤᠰᠬᠠᠬᠤ ᠬᠡᠷᠡᠭᠲᠡᠶ ᠭᠡᠵᠦ ᠱᠠᠭᠠᠷᠳᠠᠪᠠ᠃