ᠵᠤᠬᠢᠶᠠᠭᠴᠢ:
ᠴᠠᠭ:2022-07-29
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠵᠤ ᠠᠬᠤᠢ ᠶᠢᠨ ᠵᠥᠪᠯᠡᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠥᠪᠥᠷ ᠮᠣᠩᠭᠤᠯ ᠳᠤ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠪᠡ ᠶᠠᠩ ᠸᠧᠢ ᠮᠢᠨ ᠶᠠᠷᠢᠶ᠎ᠠ ᠲᠠᠯᠪᠢᠵᠤ ᠯᠢ ᠰᠢᠤ ᠯᠢᠩ ᠶᠠᠷᠢᠯᠴᠠᠬᠤ ᠬᠤᠷᠠᠯ ᠢ ᠡᠷᠬᠢᠯᠡᠵᠡᠢ
2022 7 ᠰᠠᠷ᠎ᠠ ᠶᠢᠨ 18 ―22 ᠤᠨ ᠡᠳᠦᠷ ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠵᠤ ᠠᠬᠤᠢ ᠶᠢᠨ ᠵᠥᠪᠯᠡᠯ ᠤᠨ ᠪᠠᠶᠢᠴᠠᠭᠠᠨ ᠰᠤᠳᠤᠯᠬᠤ ᠳᠤᠭᠤᠶᠢᠯᠠᠩ 《ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠪᠠᠶᠢᠳᠠᠯ ᠳᠣᠣᠷᠠᠬᠢ ᠥᠪᠥᠷ ᠮᠣᠩᠭᠤᠯ ᠤᠨ ᠠᠵᠤ ᠠᠬᠤᠢ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠰᠤᠳᠤᠯᠭᠠᠨ》 ᠤ ᠲᠣᠭᠤᠷᠢᠨ ᠳᠤ ᠬᠥᠬᠡᠬᠤᠲᠠ᠂ ᠤᠷᠳᠤᠰ ᠬᠤᠳᠠ ᠳᠤ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠦᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃
ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠠᠵᠤ ᠠᠬᠤᠢ ᠶᠢᠨ ᠵᠥᠪᠯᠡᠯ ᠤᠨ ᠳᠡᠳ᠋ ᠡᠷᠬᠢᠯᠡᠭᠴᠢ ᠶᠠᠩ ᠸᠧᠢ ᠮᠢᠨ ᠪᠠᠶᠢᠴᠠᠭᠠᠨ ᠰᠤᠳᠤᠯᠤᠯᠲᠠ ᠳᠤ ᠣᠷᠣᠯᠴᠠᠭᠰᠠᠨ ᠪᠥᠭᠡᠳ ᠶᠠᠷᠢᠯᠴᠠᠬᠤ ᠬᠤᠷᠠᠯ ᠳᠡᠭᠡᠷ᠎ᠡ ᠶᠠᠷᠢᠶ᠎ᠠ ᠲᠠᠯᠪᠢᠪᠠ᠃ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ᠂ ᠦᠨᠳᠦᠰᠦᠲᠡᠨ ᠤ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠨᠠᠰᠤᠨᠮᠦ᠋ᠡᠭᠭᠡ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠵᠤ ᠠᠬᠤᠢ ᠶᠢᠨ ᠵᠥᠪᠯᠡᠯ ᠤᠨ ᠳᠡᠳ᠋ ᠡᠷᠬᠢᠯᠡᠭᠴᠢ ᠯᠢᠦ ᠯᠢ ᠬᠤᠸᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ ᠶᠠᠩ ᠮᠢᠩ ᠱᠧᠩ᠂ ᠽᠧ ᠹᠦ᠋᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠵᠤ ᠠᠬᠤᠢ ᠶᠢᠨ ᠵᠥᠪᠯᠡᠯ ᠤᠨ ᠭᠡᠰᠢᠭᠦᠨ ᠰᠦᠩ ᠰᠢᠨ᠂ ᠲᠦ᠋ ᠭᠤᠸᠠᠩ ᠱᠤᠤ ᠨᠠᠷ ᠪᠠᠶᠢᠴᠠᠭᠠᠨ ᠰᠤᠳᠤᠯᠤᠯᠲᠠ ᠳᠤ ᠣᠷᠣᠯᠴᠠᠭᠰᠠᠨ ᠪᠥᠭᠡᠳ ᠶᠠᠷᠢᠯᠴᠠᠬᠤ ᠬᠤᠷᠠᠯ ᠳᠤ ᠣᠷᠣᠯᠴᠠᠵᠠᠢ᠃
ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢ ᠰᠢᠤ ᠯᠢᠩ ᠬᠥᠬᠡᠬᠤᠲᠠ ᠳᠤ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠠᠩ ᠱᠤᠤ ᠴᠦᠨ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠰᠤᠳᠤᠯᠭᠠᠨ ᠤ ᠰᠡᠳᠦᠪ ᠤᠨ ᠳᠤᠭᠤᠶᠢᠯᠠᠩ ᠤᠨ ᠪᠦᠷᠢᠯᠳᠦᠬᠦᠨ ᠳᠤ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠲᠥᠯᠥᠪᠵᠢᠭᠦᠯᠭᠡ ᠶᠢᠨ ᠲᠤᠰᠬᠠᠶ ᠮᠡᠷᠭᠡᠵᠢᠯᠲᠡᠨ ᠤ ᠵᠥᠪᠯᠡᠯ ᠤᠨ ᠲᠤᠰᠬᠠᠶ ᠮᠡᠷᠭᠡᠵᠢᠯᠲᠡᠨ ᠤ ᠤᠷᠢᠯᠭ᠎ᠠ ᠶᠢᠨ ᠪᠢᠴᠢᠭ ᠭᠠᠷᠳᠠᠭᠤᠯᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠮᠠ ᠰᠢᠤᠸᠠᠢ ᠵᠢᠶᠦ᠋ᠨ ᠪᠥᠬᠦ ᠶᠠᠪᠤᠴᠠ ᠳᠤ ᠪᠠᠶᠢᠴᠠᠭᠠᠨ ᠰᠤᠳᠤᠯᠤᠯᠲᠠ ᠳᠤ ᠣᠷᠣᠯᠴᠠᠭᠰᠠᠨ ᠪᠥᠭᠡᠳ ᠣᠷᠳᠣᠰ ᠬᠤᠲᠠ ᠳᠤ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠢ ᠡᠷᠭᠢᠯᠡᠪᠡ᠃
ᠣᠶᠢᠯᠠᠭᠠᠭᠰᠠᠨ ᠢᠶᠠᠷ᠂ ᠡᠨᠡ ᠪᠣᠯ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠠᠴᠠ ᠭᠤᠷᠪᠠᠳᠤᠭᠠᠷ ᠤᠳᠠᠭ᠎ᠠ ᠮᠠᠨ ᠤ ᠣᠷᠣᠨ ᠳᠤ ᠥᠷᠨᠢᠭᠦᠯᠦᠭᠰᠡᠨ 《ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠪᠠᠶᠢᠳᠠᠯ ᠳᠣᠣᠷᠠᠬᠢ ᠥᠪᠥᠷ ᠮᠣᠩᠭᠤᠯ ᠤᠨ ᠠᠵᠤ ᠠᠬᠤᠢ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠰᠤᠳᠤᠯᠭᠠᠨ》 ᠤ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠪᠣᠯᠤᠨ᠎ᠠ᠃ ᠪᠠᠶᠢᠴᠠᠭᠠᠨ ᠰᠤᠳᠤᠯᠬᠤ ᠳᠤᠭᠤᠶᠢᠯᠠᠩ ᠠᠴᠠ᠂ 《ᠬᠤᠤᠰ ᠨᠡᠭᠦᠷᠡᠰᠦᠲᠥ᠋ᠷᠥᠭᠴᠢ》 ᠶᠢᠨ ᠠᠵᠢᠯ ᠢ ᠰᠠᠶᠢᠲᠤᠷ ᠬᠢᠬᠦ ᠨᠢ ᠥᠪᠥᠷ ᠮᠣᠩᠭᠤᠯ ᠤᠨ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭᠵᠢᠭᠦᠯᠬᠦ ᠶᠢ ᠪᠠᠷᠢᠮᠲᠠᠯᠠᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠨᠧᠷᠭᠢ ᠶᠢᠨ ᠪᠦᠲᠦᠴᠡ᠂ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ ᠶᠢ ᠵᠠᠪᠠᠯ ᠬᠢᠬᠦ ᠴᠢᠬᠤᠯᠠᠲᠠᠢ ᠪᠤᠯᠵᠤ ᠪᠠᠶᠢᠨ᠎ᠠ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠵᠦ᠂ ᠪᠦᠬᠦ ᠲᠠᠯ᠎ᠠ ᠪᠠᠷ ᠲᠥᠯᠥᠪᠵᠢᠭᠦᠯᠬᠦ ᠶᠢ ᠪᠠᠷᠢᠮᠲᠠᠯᠠᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠡᠷᠡᠰ ᠭᠤᠶᠢᠪᠢᠰᠢ ᠦᠭᠡᠢ᠂ ᠰᠢᠨᠵᠢᠯᠡᠬᠦ ᠤᠬᠠᠭᠠᠨᠴᠢ ᠡᠮᠬᠢ ᠵᠢᠷᠤᠮ ᠲᠠᠢ ᠪᠠᠷ ᠠᠬᠢᠭᠤᠯᠬᠤ ᠬᠡᠷᠡᠭᠲᠡᠢ᠃ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠢ ᠠᠰᠢᠭᠯᠠᠬᠤ ᠶᠢ ᠰᠠᠶᠢᠲᠤᠷ ᠠᠳᠬᠤᠬᠤ ᠶᠢᠨ ᠬᠠᠮᠳᠤ ᠨᠡᠭᠦᠷᠡᠰᠦ ᠪᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠠᠮᠢᠳᠤᠯᠢᠭ ᠥᠭᠡᠷᠡᠴᠢᠯᠡᠯᠲᠡ ᠶᠢ ᠲᠦᠷᠭᠡᠳᠭᠡᠵᠦ᠂ ᠪᠣᠬᠢᠷᠲᠤᠯ ᠦᠭᠡᠢ ᠰᠢᠨ᠎ᠡ ᠡᠨᠧᠷᠭᠢ ᠶᠢᠨ ᠠᠵᠤ ᠦᠢᠯᠡᠰ ᠢ ᠶᠡᠭᠡ ᠪᠠᠷ ᠬᠥᠭᠵᠢᠭᠦᠯᠬᠦ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠬᠢᠨᠠᠨ ᠰᠢᠯᠭᠠᠵᠤ᠂ ᠡᠨᠧᠷᠭᠢ ᠶᠢᠨ ᠬᠤᠷᠣᠭᠳᠠᠭᠤᠯᠤᠯ ᠤᠨ ᠶᠡᠷᠦᠩᠬᠡᠢ ᠬᠡᠮᠵᠢᠶ᠎ᠡ ᠪᠠ ᠬᠦᠴᠦᠯᠡᠴᠡ ᠶᠢ ᠬᠢᠵᠠᠭᠠᠷᠯᠠᠬᠤ ᠲᠦᠷᠢᠮ ᠢ ᠲᠡᠭᠦᠯᠳᠡᠷᠵᠢᠭᠦᠯᠵᠦ᠂ 《ᠬᠤᠤᠰ ᠨᠡᠭᠦᠷᠡᠰᠦᠲᠥ᠋ᠷᠥᠭᠴᠢ》 ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠳᠤ ᠣᠷᠣᠭᠤᠯᠵᠤ᠂ ᠡᠯ᠎ᠡ ᠵᠦᠶᠯ ᠤᠨ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠵᠦ᠂ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠪᠦᠲᠦᠮᠵᠢᠲᠡᠶ ᠠᠬᠢᠭᠤᠯᠬᠤ ᠬᠡᠷᠡᠭᠲᠡᠶ ᠬᠡᠵᠥ ᠦᠵᠡᠪᠡ᠃