ᠵᠤᠬᠢᠶᠠᠭᠴᠢ: ᠴᠠᠭ:2022-10-21 ᠥᠵᠡᠭᠰᠡᠨ : ᠢᠷᠡᠯᠲᠡ:  ︽ᠦᠪᠦᠷ ᠮᠣᠩᠭᠤᠯ ᠤᠨ ᠡᠳᠦᠷ ᠤᠨ ᠰᠣᠨᠢᠨ︾  
ᠠᠷᠢᠭᠤᠨ ᠳᠠᠷᠬᠠᠨ ᠬᠠᠷᠢᠭᠤᠴᠠᠯᠭ᠎ᠠ ᠶᠢ ᠡᠭᠦᠷᠭᠡᠯᠡᠨ  ᠦᠩᠭᠡ ᠭᠡᠷᠡᠯᠲᠦ ᠡᠭᠦᠷᠭᠡ ᠪᠠᠨ ᠭᠦᠢᠴᠡᠳᠬᠡᠨ᠎ᠡ   ᠨᠠᠮ ᠤᠨ ᠬᠤᠷᠢᠳᠤᠭᠠᠷ ᠶᠡᠭᠡ ᠬᠤᠷᠠᠯ ᠳᠤ ᠣᠷᠣᠯᠴᠠᠬᠤ ᠦᠪᠦᠷ ᠮᠣᠩᠭᠤᠯ ᠤᠨ ᠲᠦᠯᠦᠭᠡᠯᠡᠭᠴᠢᠳ ᠪᠡᠭᠡᠵᠢᠩ ᠳᠤ  ᠬᠦᠷᠪᠡ

 

 ᠨᠠᠮ ᠤᠨ ᠬᠤᠷᠢᠳᠤᠭᠠᠷ ᠶᠡᠭᠡ ᠬᠤᠷᠠᠯ 2022  10  ᠰᠠᠷ᠎ᠠ ᠶᠢᠨ 16 ᠤ ᠡᠳᠦᠷ ᠪᠡᠭᠡᠵᠢᠩ ᠳᠤ ᠦᠪᠡᠳᠡᠭᠰᠢ ᠶᠡᠭᠡ ᠪᠠᠷ ᠡᠬᠢᠯᠡᠬᠦ ᠪᠣᠯᠣᠨ᠎ᠠ᠃ ᠪᠦᠬᠦ ᠣᠷᠣᠨ ᠤ 170 ᠭᠠᠷᠤᠢ ᠲᠦᠮᠡᠨ ᠨᠠᠮ ᠤᠨ ᠭᠡᠰᠢᠭᠦᠨ ᠤ ᠬᠦᠨᠳᠦ ᠨᠠᠶᠢᠳᠠᠯᠭ᠎ᠠ ᠶᠢ ᠡᠭᠦᠷᠭᠡᠯᠡᠨ᠂ ᠪᠦᠬᠦ ᠣᠷᠣᠨ ᠤ ᠦᠨᠳᠥᠰᠥᠲᠠᠨ ᠨᠦᠭᠥᠳ ᠦᠨ 2400 ᠭᠠᠷᠤᠢ ᠲᠦᠮᠡᠨ ᠠᠷᠠᠳ ᠲᠦᠮᠡᠨ ᠤ ᠬᠦᠰᠡᠯ ᠡᠷᠡᠮᠡᠯᠵᠡᠯ ᠢ ᠠᠴᠢᠶᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠳᠤ ᠣᠷᠣᠯᠴᠠᠬᠤ ᠦᠪᠥᠷ ᠮᠣᠩᠭᠤᠯ ᠤᠨ ᠲᠦᠯᠦᠭᠡᠯᠡᠭᠴᠢᠳ 10  ᠰᠠᠷ᠎ᠠ ᠶᠢᠨ 13 ᠤ ᠡᠳᠦᠷ ᠦᠨ ᠦᠳᠡ ᠶᠢᠨ ᠡᠮᠦᠨ᠎ᠡ ᠪᠡᠭᠡᠵᠢᠩ ᠳᠤ ᠬᠦᠷᠴᠦ᠂ ᠶᠡᠭᠡ ᠬᠤᠷᠠᠯ ᠳᠤ ᠨᠡᠷ᠎ᠡ ᠮᠡᠳᠡᠭᠦᠯᠪᠡ᠃ ᠦᠪᠦᠷ ᠮᠣᠩᠭᠤᠯ ᠤᠨ ᠲᠦᠯᠦᠭᠡᠯᠡᠭᠴᠢᠳ ᠤᠨ ᠪᠦᠯᠬᠦᠮ ᠪᠣᠯ ᠲᠤᠰ ᠡᠳᠦᠷ ᠬᠠᠮᠤᠭ ᠤᠨ ᠲᠦᠷᠦᠭᠦᠨ ᠳᠤ ᠪᠡᠭᠡᠵᠢᠩ ᠳᠤ ᠬᠦᠷᠦᠭᠰᠡᠨ ᠪᠡᠭᠡᠵᠢᠩ ᠠᠴᠠ ᠭᠠᠳᠠᠨᠠᠬᠢ ᠭᠠᠵᠠᠷ ᠤᠨ ᠲᠦᠯᠦᠭᠡᠯᠡᠭᠴᠢᠳ ᠤᠨ ᠪᠦᠯᠬᠦᠮ ᠪᠣᠯᠣᠨ᠎ᠠ᠃      

ᠨᠠᠮ ᠤᠨ ᠬᠤᠷᠢᠳᠤᠭᠠᠷ ᠶᠡᠭᠡ ᠬᠤᠷᠠᠯ ᠳᠤ ᠣᠷᠣᠯᠴᠠᠬᠤ ᠥᠪᠥᠷ ᠮᠣᠩᠭᠤᠯ ᠤᠨ ᠲᠦᠯᠦᠭᠡᠯᠡᠭᠴᠢ 43 ᠬᠦᠮᠦᠨ ᠪᠤᠢ᠃ ᠡᠭᠦᠨ ᠳᠤ ᠨᠠᠮ ᠤᠨ ᠭᠡᠰᠢᠭᠦᠨ ᠤᠳᠤᠷᠢᠳᠬᠤ ᠺᠠᠳ᠋ᠷ 27 ᠬᠦᠮᠦᠨ᠂ ᠦᠢᠯᠡᠳᠪᠦᠷᠢᠯᠡᠯ ᠪᠠ ᠠᠵᠢᠯ ᠤᠨ ᠨᠢᠭᠡᠳᠦᠭᠡᠷ ᠹᠷᠤᠨᠲ ᠤᠨ ᠨᠠᠮ ᠤᠨ ᠭᠡᠰᠢᠭᠦᠨ 16 ᠬᠦᠮᠦᠨ︔ ᠡᠮᠡᠭᠲᠡᠢ ᠨᠠᠮ ᠤᠨ ᠭᠡᠰᠢᠭᠦᠨ 13 ᠬᠦᠮᠦᠨ︔ 55 ᠨᠠᠰᠤᠨ ᠠᠴᠠ ᠳᠣᠷᠣᠭᠰᠢᠬᠢ ᠨᠠᠮ ᠤᠨ ᠭᠡᠰᠢᠭᠦᠨ 27 ᠬᠦᠮᠦᠨ︔ ᠶᠡᠭᠡ ᠰᠤᠷᠭᠠᠭᠤᠯᠢ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠨᠢ 40 ᠬᠦᠮᠦᠨ ᠪᠠᠶᠢᠵᠤ᠂ ᠲᠡᠷᠢᠭᠦᠨ ᠤ ᠴᠢᠨᠠᠷ ᠢ ᠢᠯᠡᠷᠡᠭᠦᠯᠦᠭᠰᠡᠨ ᠮᠦᠷᠲᠡᠭᠡᠨ ᠪᠠᠰᠠ ᠦᠷᠭᠡᠨ ᠳᠡᠯᠭᠡᠷ ᠲᠦᠯᠦᠭᠡᠯᠡᠬᠦ ᠴᠢᠨᠠᠷ ᠲᠠᠢ ᠶᠤᠮ᠃      

ᠶᠡᠭᠡ ᠬᠤᠷᠠᠯ ᠳᠤ ᠰᠠᠶᠢᠲᠤᠷ ᠣᠷᠣᠯᠴᠠᠬᠤ ᠶᠢᠨ ᠲᠦᠯᠦᠭᠡ᠂ ᠬᠤᠷᠠᠯ ᠠᠴᠠ ᠡᠮᠦᠨ᠎ᠡ ᠲᠦᠯᠦᠭᠡᠯᠡᠭᠴᠢᠳ ᠭᠦᠢᠴᠡᠳ ᠪᠡᠯᠡᠳᠬᠡᠯ ᠬᠢᠵᠦ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠢ ᠰᠤᠷᠤᠯᠴᠠᠨ᠂ ᠦᠷᠭᠡᠨ ᠳᠡᠯᠭᠡᠷ ᠭᠦᠨ ᠭᠦᠨᠵᠡᠭᠡᠢ ᠪᠠᠶᠢᠴᠠᠭᠠᠨ ᠰᠣᠳᠤᠯᠤᠯᠲᠠ ᠬᠢᠵᠦ᠂ ᠦᠨᠳᠦᠰᠦᠨ ᠱᠠᠲᠤᠨ ᠤ ᠨᠠᠮ ᠤᠨ ᠭᠡᠰᠢᠭᠦᠨ ᠪᠣᠯᠣᠨ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠬᠤᠷᠢᠶᠠᠵᠤ᠂ ᠦᠷᠭᠡᠨ ᠣᠯᠠᠨ ᠨᠠᠮ ᠤᠨ ᠭᠡᠰᠢᠭᠦᠨ ᠪᠣᠯᠣᠨ ᠠᠷᠠᠳ ᠣᠯᠠᠨ ᠤ ᠨᠠᠮ ᠤᠨ ᠬᠤᠷᠢᠳᠤᠭᠠᠷ ᠶᠡᠭᠡ ᠬᠤᠷᠠᠯ ᠳᠤ ᠲᠠᠯᠪᠢᠵᠤ ᠪᠠᠶᠢᠭ᠎ᠠ ᠬᠠᠯᠠᠭᠤᠨ ᠬᠦᠰᠡᠯ ᠢ ᠪᠡᠭᠡᠵᠢᠩ ᠳᠤ ᠠᠪᠴᠢᠷᠠᠭᠰᠠᠨ ᠪᠠᠶᠢᠨ᠎ᠠ᠃       

《ᠪᠢ ᠶᠡᠷᠦ ᠨᠢ ᠪᠠᠭ᠎ᠠ ᠰᠤᠷᠭᠠᠭᠤᠯᠢ ᠳᠤ ᠠᠵᠢᠯᠯᠠᠭᠰᠠᠭᠠᠷ ᠢᠷᠡᠵᠡᠢ᠂ ᠨᠠᠮ ᠤᠨ ᠲᠦᠯᠦᠭᠡᠯᠡᠭᠴᠢ ᠪᠠᠷ ᠰᠤᠩᠭᠤᠭᠳᠠᠭᠰᠠᠨ ᠳᠠᠭᠠᠨ ᠮᠠᠰᠢ ᠦᠩᠭᠡ ᠭᠡᠷᠡᠯ ᠲᠠᠢ ᠰᠠᠨᠠᠭᠳᠠᠵᠤ ᠪᠠᠶᠢᠨ᠎ᠠ᠃ ᠣᠯᠠᠨ ᠢᠶᠠᠷ ᠢᠶᠠᠨ ᠮᠢᠨᠤ ᠪᠡᠭᠡᠵᠢᠩ ᠳᠤ ᠬᠦᠷᠴᠦ ᠬᠤᠷᠠᠯ ᠳᠤ ᠣᠷᠣᠯᠴᠠᠬᠤ ᠶᠢ ᠰᠣᠨᠣᠰᠤᠭᠠᠳ᠂ ᠡᠳᠡᠭᠡᠷ ᠵᠢᠯ ᠤᠳ ᠲᠤ ᠰᠤᠷᠭᠠᠨ ᠬᠦᠮᠦᠵᠢᠯ ᠤᠨ ᠬᠦᠷᠢᠶᠡᠨ ᠳᠤ ᠭᠠᠷᠤᠭᠰᠠᠨ ᠯᠣᠲᠣ ᠶᠡᠭᠡ ᠬᠤᠪᠢᠷᠠᠯᠲᠠ ᠶᠢ ᠵᠠᠪᠠᠯ ᠶᠠᠷᠢᠬᠤ ᠶᠢ ᠵᠠᠬᠢᠭᠰᠠᠨ ᠰᠢᠦ》 ᠭᠡᠵᠦ ᠨᠠᠮ ᠤᠨ ᠬᠤᠷᠢᠳᠤᠭᠠᠷ ᠶᠡᠭᠡ ᠬᠤᠷᠠᠯ ᠤᠨ ᠲᠦᠯᠦᠭᠡᠯᠡᠭᠴᠢ᠂ ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠤᠨ ᠬᠤᠩ ᠰᠢᠩ ᠭᠤᠣᠯ ᠪᠠᠭ᠎ᠠ ᠰᠤᠷᠭᠠᠭᠤᠯᠢ ᠶᠢᠨ ᠵᠠᠬᠢᠷᠤᠯ ᠵᠣᠣ ᠶᠢᠩ ᠡᠾᠦ᠋ᠢ ᠬᠡᠯᠡᠭᠰᠡᠨ ᠢᠶᠠᠨ ᠵᠠᠯᠭᠠᠭᠠᠳ᠄ 《ᠢᠷᠡᠬᠦ ᠠᠴᠠ ᠪᠠᠨ ᠡᠮᠦᠨ᠎ᠡ ᠪᠢ ᠬᠤᠷᠴᠢᠨ ᠲᠣᠭᠤᠷᠢᠭ᠂ ᠲᠦᠩᠯᠢᠶᠣᠣ ᠬᠤᠲᠠ ᠶᠢᠨ ᠰᠤᠷᠭᠠᠨ ᠬᠦᠮᠦᠵᠢᠯ ᠤᠨ ᠲᠣᠪᠴᠢᠶ᠎ᠠ ᠵᠡᠷᠭᠡ ᠰᠠᠯᠠᠭ᠎ᠠ ᠮᠦᠴᠢᠷ ᠠᠴᠠ ᠰᠤᠷᠭᠠᠨ ᠬᠦᠮᠦᠵᠢᠯ ᠤᠨ ᠡᠯ᠎ᠡ ᠰᠤᠷᠤᠯᠭ᠎ᠠ ᠶᠢᠨ ᠱᠠᠲᠦ ᠦᠶ᠎ᠡ ᠶᠢᠨ ᠬᠥᠭᠵᠢᠯᠲᠡ ᠶᠢᠨ ᠪᠠᠶᠢᠳᠠᠯ ᠢ ᠨᠠᠷᠢᠯᠢᠭ ᠣᠶᠢᠯᠠᠭᠠᠵᠤ᠂ ᠬᠤᠷᠠᠯ ᠳᠤ ᠣᠷᠣᠯᠴᠠᠬᠤ ᠬᠤᠯᠪᠣᠭᠳᠠᠯ ᠪᠦᠬᠦᠢ ᠮᠠᠲ᠋ᠧᠷᠢᠶᠠᠯ ᠢ ᠨᠠᠷᠢᠨ ᠨᠢᠮᠪᠠᠢ ᠪᠡᠯᠡᠳᠬᠡᠪᠡ᠃ ᠰᠤᠷᠭᠠᠨ ᠬᠦᠮᠦᠵᠢᠯ ᠤᠨ ᠬᠦᠷᠢᠶᠡᠨ ᠳᠠᠬᠢ ᠨᠠᠮ ᠤᠨ ᠲᠦᠯᠦᠭᠡᠯᠡᠭᠴᠢ ᠪᠣᠯᠣᠭᠰᠠᠨ ᠤ ᠬᠤᠪᠢ ᠳᠤ᠂ ᠪᠢ ᠢᠯᠡᠳᠬᠡᠯ ᠢ ᠨᠠᠷᠢᠨ ᠬᠢᠨᠠᠮᠠᠭᠠᠢ ᠰᠣᠨᠣᠰᠴᠤ᠂ ᠰᠣᠳᠣᠯᠤᠨ ᠤᠩᠰᠢᠵᠤ᠂ ᠬᠠᠷᠢᠭᠰᠠᠨ ᠤ ᠪᠠᠨ ᠳᠠᠷᠠᠭ᠎ᠠ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠤᠬᠠᠭᠤᠯᠤᠨ᠎ᠠ》ᠭᠡᠵᠦ ᠶᠠᠷᠢᠯ᠎ᠠ᠃      

ᠬᠤᠷᠠᠯ ᠳᠤ ᠣᠷᠣᠯᠴᠠᠬᠤ ᠠᠴᠠ ᠡᠮᠦᠨ᠎ᠡ᠂ ᠨᠠᠮ ᠤᠨ ᠬᠤᠷᠢᠳᠤᠭᠠᠷ ᠶᠡᠭᠡ ᠬᠤᠷᠠᠯ ᠤᠨ ᠲᠦᠯᠦᠭᠡᠯᠡᠭᠴᠢ᠂ ᠬᠦᠬᠡᠬᠤᠲᠠ ᠶᠢᠨ ᠪᠠᠶᠢᠴᠠᠭᠠᠬᠤ ᠬᠤᠷᠢᠶᠠᠨ ᠤ ᠨᠠᠢᠮᠠᠳᠤᠭᠠᠷ ᠪᠠᠶᠢᠴᠠᠭᠠᠬᠤ ᠭᠠᠵᠠᠷ ᠤᠨ ᠡᠷᠬᠢᠯᠡᠭᠴᠢ ᠪᠠᠢ ᠵᠢᠩ ᠡᠮᠦᠨᠡᠬᠢ ᠬᠤᠭᠤᠴᠠᠭᠠᠨ ᠤ ᠰᠤᠷᠤᠯᠴᠠᠯᠭ᠎ᠠ ᠶᠢᠨ ᠰᠠᠭᠤᠷᠢᠨ ᠳᠡᠭᠡᠷ᠎ᠡ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠤᠬᠠᠢ ᠬᠦᠴᠦᠨ ᠢᠶᠠᠨ ᠲᠦᠪᠯᠡᠷᠡᠭᠦᠯᠦᠨ ᠦᠪᠡᠷᠲᠡᠭᠡᠨ ᠰᠤᠷᠤᠯᠴᠠᠵᠤ᠂ ᠬᠤᠪᠢ ᠪᠡᠶ᠎ᠡ ᠶᠢᠨ ᠲᠦᠯᠦᠭᠡᠯᠡᠭᠴᠢ ᠶᠢᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠨ᠂ ᠦᠪᠡᠷ ᠢ ᠪᠠᠨ ᠨᠡᠩ ᠢᠯᠡᠭᠦᠦ ᠬᠠᠷᠢᠭᠤᠴᠠᠯᠭ᠎ᠠ ᠪᠠᠨ ᠮᠡᠳᠡᠵᠦ᠂ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠬᠠᠷᠢᠭᠤᠴᠠᠯᠭ᠎ᠠ ᠪᠠᠨ ᠭᠦᠢᠴᠡᠳᠬᠡᠬᠦ ᠪᠣᠯᠭᠠᠵᠠᠢ᠃ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠨᠠᠮ ᠤᠨ ᠲᠦᠯᠦᠭᠡᠯᠡᠭᠴᠢ ᠪᠣᠯᠣᠭᠰᠠᠨ ᠤ ᠬᠤᠪᠢ ᠳᠤ ᠲᠡᠷᠡ ᠨᠠᠮ ᠤᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠮᠠᠰᠢ ᠠᠩᠬᠠᠷᠴᠤ ᠪᠠᠶᠢᠯ᠎ᠠ᠃ 《ᠪᠢ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠨᠠᠮ ᠤᠨ ᠲᠦᠯᠦᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠨ᠎ᠡ》 ᠭᠡᠵᠦ ᠪᠠᠢ ᠵᠢᠩ ᠬᠡᠯᠡᠨ᠎ᠡ᠃      

ᠨᠠᠮ ᠤᠨ ᠬᠤᠷᠢᠳᠤᠭᠠᠷ ᠶᠡᠭᠡ ᠬᠤᠷᠠᠯ ᠤᠨ ᠲᠦᠯᠦᠭᠡᠯᠡᠭᠴᠢ᠂ ᠬᠦᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠲᠤᠰᠢᠶᠠᠯ ᠬᠠᠪᠰᠤᠷᠭᠠᠭᠰᠠᠨ ᠳᠡᠳ᠋ ᠲᠡᠷᠢᠭᠦᠯᠡᠭᠴᠢ ᠬᠠᠨ ᠵᠢᠶᠠ ᠲᠦᠩ ᠰᠠᠭᠤᠭ᠎ᠠ ᠭᠠᠵᠠᠷ ᠲᠠᠭᠠᠨ ᠬᠦᠷᠦᠮᠡᠭᠴᠡ ᠬᠤᠯᠪᠣᠭᠳᠠᠯ ᠪᠦᠬᠦᠢ ᠮᠠᠲ᠋ᠧᠷᠢᠶᠠᠯ ᠢ ᠤᠷᠪᠠᠭᠤᠯᠤᠨ ᠡᠮᠬᠢᠳᠬᠡᠵᠦ ᠡᠬᠢᠯᠡᠪᠡ᠃ ᠲᠡᠷᠡ᠄ 《ᠰᠤᠷᠭᠠᠨ ᠬᠦᠮᠦᠵᠢᠯ᠂ ᠰᠢᠨᠵᠢᠯᠡᠬᠦ ᠤᠬᠠᠭᠠᠨ ᠮᠡᠷᠭᠡᠵᠢᠯ ᠤᠨ ᠨᠢᠭᠡᠳᠦᠭᠡᠷ ᠹᠷᠤᠨᠲ ᠤᠨ ᠨᠠᠮ ᠤᠨ ᠲᠦᠯᠦᠭᠡᠯᠡᠭᠴᠢ ᠪᠣᠯᠣᠭᠰᠠᠨ ᠤ ᠬᠤᠪᠢ ᠳᠤ᠂ ᠡᠭᠦᠷᠭᠡ ᠢᠷᠠᠭᠤ ᠠᠯᠳᠠᠷᠲᠠᠢ᠂ ᠬᠠᠷᠢᠭᠤᠴᠠᠯᠭ᠎ᠠ ᠬᠦᠨᠳᠦ ᠶᠡᠭᠡ ᠭᠡᠳᠡᠭ ᠢ ᠪᠢ ᠭᠦᠨᠵᠡᠭᠡᠢ ᠮᠡᠳᠡᠷᠡᠵᠦ ᠪᠠᠶᠢᠨ᠎ᠠ᠃ ᠪᠢ ᠨᠠᠮ ᠤᠨ ᠲᠦᠯᠦᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠡᠷᠡᠰ ᠰᠠᠶᠢᠲᠤᠷ ᠭᠦᠢᠴᠡᠳᠬᠡᠨ᠂ ᠬᠠᠷᠢᠭᠤᠴᠠᠯᠭ᠎ᠠ ᠪᠠᠨ ᠰᠡᠳᠬᠢᠯ ᠳᠡᠭᠡᠨ ᠮᠡᠳᠡᠵᠦ᠂ ᠬᠠᠷᠢᠭᠤᠴᠠᠯᠭ᠎ᠠ ᠪᠠᠨ ᠡᠭᠦᠷᠭᠡᠯᠡᠨ᠂ ᠬᠠᠷᠢᠭᠤᠴᠠᠯᠭ᠎ᠠ ᠪᠠᠨ ᠭᠦᠢᠴᠡᠳᠬᠡᠵᠦ᠂ ᠪᠦᠬᠦ ᠣᠷᠣᠨ ᠤ ᠦᠷᠭᠡᠨ ᠣᠯᠠᠨ ᠨᠠᠮ ᠤᠨ ᠭᠡᠰᠢᠭᠦᠨ ᠪᠣᠯᠣᠨ ᠠᠷᠠᠳ ᠲᠦᠮᠡᠨ ᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠬᠦᠰᠡᠷᠳᠡᠭᠦᠯᠬᠦ ᠦᠭᠡᠢ ᠶᠤᠮ》ᠭᠡᠵᠦ ᠬᠡᠯᠡᠪᠡ᠃      

ᠨᠠᠮ ᠤᠨ ᠬᠤᠷᠢᠳᠤᠭᠠᠷ ᠶᠡᠭᠡ ᠬᠤᠷᠠᠯ ᠤᠨ ᠲᠦᠯᠦᠭᠡᠯᠡᠭᠴᠢ᠂ ᠣᠷᠳᠣᠰ ᠬᠤᠲᠠ ᠶᠢᠨ ᠵᠡᠭᠦᠨᠭᠠᠷ ᠬᠤᠰᠢᠭᠤᠨ ᠤ ᠶᠢᠩᠽᠧ ᠵᠡᠭᠡᠯᠢ ᠭᠤᠳᠤᠮᠵᠢ ᠶᠢᠨ ᠨᠠᠨᠶᠤᠸᠠᠨ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠳ᠋ᠧᠩ ᠢᠤᠢ ᠬᠠᠷᠢᠶ᠎ᠠ ᠲᠣᠭᠤᠷᠢᠭ ᠤᠨ ᠢᠶᠠᠨ 5871 ᠡᠷᠦᠬᠡ ᠰᠠᠭᠤᠭᠠᠯᠢ ᠠᠷᠠᠳ ᠲᠤ ᠦᠢᠯᠡᠴᠢᠯᠡᠵᠦ᠂ ᠣᠯᠠᠨ ᠤ ᠶᠠᠪᠤᠳᠠᠯ ᠢ ᠪᠦᠷ ᠴᠡᠭᠡᠵᠢᠯᠡᠵᠦ ᠪᠤᠢ᠃ ᠲᠤᠰ ᠤᠳᠠᠭ᠎ᠠ ᠶᠢᠨ ᠬᠤᠷᠠᠯ ᠳᠤ ᠣᠷᠣᠯᠴᠠᠬᠤ ᠳᠠᠭᠠᠨ ᠲᠡᠷᠡ ᠣᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ  ᠲᠠᠢ ᠨᠢᠭᠲᠠ ᠬᠤᠯᠪᠣᠭᠳᠠᠬᠤ ᠶᠠᠪᠤᠳᠠᠯ ᠢ ᠮᠠᠰᠢ ᠠᠩᠬᠠᠷᠴᠤ ᠪᠠᠶᠢᠯ᠎ᠠ᠃ 《ᠨᠠᠮ ᠤᠨ ᠬᠤᠷᠢᠳᠤᠭᠠᠷ ᠶᠡᠭᠡ ᠬᠤᠷᠠᠯ ᠳᠤ ᠣᠷᠣᠯᠴᠠᠬᠤ ᠨᠢ ᠨᠠᠳᠠ ᠳᠤ ᠠᠪᠴᠤ ᠬᠡᠯᠡᠪᠡᠯ ᠡᠷᠬᠢᠮ ᠳᠡᠭᠡᠳᠦ ᠢᠷᠠᠭᠤ ᠠᠯᠳᠠᠷ ᠪᠣᠯᠬᠤ ᠪᠦᠭᠡᠳ ᠨᠡᠩ ᠴᠦ ᠬᠦᠨᠳᠦ ᠡᠭᠦᠷᠭᠡ ᠶᠢ ᠡᠭᠦᠷᠭᠡᠯᠡᠨ ᠬᠤᠯᠠ ᠠᠶᠠᠯᠠᠬᠤ ᠬᠠᠷᠢᠭᠤᠴᠠᠯᠭ᠎ᠠ ᠪᠣᠯᠬᠤ ᠶᠤᠮ᠂ ᠡᠨᠡ ᠬᠦ ᠢᠷᠠᠭᠤ ᠠᠯᠳᠠᠷ ᠲᠦᠭ ᠲᠦᠮᠡᠨ ᠨᠡᠶᠢᠭᠡᠮ ᠲᠣᠭᠤᠷᠢᠭ ᠤᠨ ᠠᠵᠢᠯᠲᠠᠨ ᠤ ᠬᠢ ᠶᠤᠮ》 ᠭᠡᠵᠦ ᠳ᠋ᠧᠩ ᠢᠤᠢ ᠶᠠᠷᠢᠭᠰᠠᠨ ᠢᠶᠠᠨ ᠵᠠᠯᠭᠠᠭᠠᠳ᠄ 《ᠪᠢ ᠠᠷᠠᠳ ᠣᠯᠠᠨ ᠤ ᠢᠲᠡᠭᠡᠯ ᠪᠠ ᠬᠦᠰᠡᠯ ᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠦᠴᠦᠷᠬᠡᠭ ᠶᠡᠭᠡ ᠬᠦᠳᠡᠯᠭᠡᠬᠦ ᠬᠦᠴᠦᠨ ᠪᠣᠯᠭᠠᠨ ᠬᠤᠪᠢᠷᠠᠭᠤᠯᠤᠨ᠎ᠠ》 ᠭᠡᠵᠦ ᠰᠡᠳᠬᠢᠯ ᠳᠣᠭᠳᠤᠯᠤᠨ ᠬᠡᠯᠡᠨ᠎ᠡ᠃

ᠲᠦᠯᠦᠭᠡᠯᠡᠭᠴᠢᠳ᠂ ᠨᠠᠮ ᠤᠨ ᠬᠤᠷᠢᠳᠤᠭᠠᠷ ᠶᠡᠭᠡ ᠬᠤᠷᠠᠯ ᠳᠤ ᠣᠷᠣᠯᠴᠠᠬᠤ ᠨᠢ ᠡᠷᠬᠢᠮ ᠳᠡᠭᠡᠳᠦ ᠢᠷᠠᠭᠤ ᠠᠯᠳᠠᠷ ᠪᠣᠯᠬᠤ ᠪᠦᠭᠡᠳ ᠨᠡᠩ ᠴᠦ ᠠᠷᠢᠭᠤᠨ ᠳᠠᠷᠬᠠᠨ ᠬᠠᠷᠢᠭᠤᠴᠠᠯᠭ᠎ᠠ ᠪᠣᠯᠣᠨ᠎ᠠ᠂ ᠡᠷᠬᠡᠪᠰᠢ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠣᠨ ᠣᠷᠭᠢᠯᠤᠮ᠎ᠠ ᠬᠠᠯᠠᠭᠤᠨ ᠤᠯᠤᠰ ᠲᠦᠷᠦ ᠶᠢᠨ ᠬᠠᠯᠠᠭᠤᠨ ᠰᠡᠳᠬᠢᠯᠭᠡ ᠪᠠᠷ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠨ᠎ᠡ ᠭᠡᠵᠦ ᠢᠯᠡᠳᠬᠡᠵᠡᠭᠡᠪᠡ᠃ 

 

 

 


   :                    
   :           
备案序号:蒙ICP备05003250号 公安备案15010502000173