ᠵᠤᠬᠢᠶᠠᠭᠴᠢ:
ᠴᠠᠭ:2022-10-21
ᠥᠵᠡᠭᠰᠡᠨ : ℃
ᠢᠷᠡᠯᠲᠡ: ︽ᠦᠪᠦᠷ ᠮᠣᠩᠭᠤᠯ ᠤᠨ ᠡᠳᠦᠷ ᠤᠨ ᠰᠣᠨᠢᠨ︾
ᠬᠥᠬᠡᠬᠤᠲᠠ ᠳᠠᠬᠢ ᠶᠡᠭᠡ ᠳᠡᠭᠡᠳᠦ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠶ ᠰᠡᠳᠦᠪᠲᠦ ᠸᠢᠳᠢᠣ᠋ ᠬᠤᠷᠠᠯ ᠬᠤᠷᠠᠯᠳᠤᠪᠠ ᠸᠠᠩ ᠯᠢ ᠰᠢᠶᠠ ᠶᠠᠷᠢᠶ᠎ᠠ ᠲᠠᠯᠪᠢᠵᠠᠢ
2022 10 ᠰᠠᠷ᠎ᠠ ᠶᠢᠨ 13 ᠤ ᠡᠳᠦᠷ ᠦᠨ ᠦᠳᠡ ᠶᠢᠨ ᠬᠤᠶᠢᠨ᠎ᠠ᠂ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠥᠪᠥᠷ ᠮᠣᠩᠭᠤᠯ ᠤᠨ ᠠᠵᠢᠯᠯᠠᠬᠤ ᠳᠤᠭᠤᠶᠢᠯᠠᠩ ᠬᠥᠬᠡᠬᠤᠲᠠ ᠳᠤ ᠬᠥᠬᠡᠬᠤᠲᠠ ᠳᠠᠬᠢ ᠶᠡᠭᠡ ᠳᠡᠭᠡᠳᠦ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠶ ᠰᠡᠳᠦᠪᠲᠦ ᠸᠢᠳᠢᠣ᠋ ᠬᠤᠷᠠᠯ ᠬᠤᠷᠠᠯᠳᠤᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠤᠲᠠᠭᠳᠠᠯ ᠢ ᠡᠷᠢᠵᠦ᠂ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠰᠤᠳᠤᠯᠤᠨ᠂ ᠬᠤᠯᠪᠣᠭᠳᠠᠯ ᠪᠦᠬᠦᠢ ᠠᠵᠢᠯ ᠢ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠤᠨ ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ᠂ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠥᠪᠥᠷ ᠮᠣᠩᠭᠤᠯ ᠤᠨ ᠠᠵᠢᠯᠯᠠᠬᠤ ᠳᠤᠭᠤᠶᠢᠯᠠᠩ ᠤᠨ ᠳᠠᠷᠤᠭ᠎ᠠ ᠼᠤᠤ ᠰᠢᠤᠸᠠᠢ ᠲᠤᠤ᠂ ᠣᠳᠣᠬᠠᠨ ᠳᠤ ᠶᠡᠭᠡ ᠳᠡᠭᠡᠳᠦ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠬᠦᠨᠳᠦ ᠬᠡᠴᠡᠭᠦᠦ ᠡᠬᠡᠳᠡᠷᠡᠬᠡᠨ ᠪᠤᠳᠤᠯᠢᠶᠠᠨᠲᠠᠶ ᠪᠠᠶᠢᠨ᠎ᠠ᠂ ᠬᠥᠬᠡᠬᠤᠲᠠ ᠳᠠᠬᠢ ᠶᠡᠭᠡ ᠳᠡᠭᠡᠳᠦ ᠰᠤᠷᠭᠠᠭᠤᠯᠢ ᠶᠢᠨ ᠬᠢᠨ ᠤᠯᠤᠰ ᠲᠥᠷᠥ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠳᠤᠳᠠᠭᠳᠠᠯ ᠢᠶᠠᠨ ᠡᠷᠡᠰ ᠬᠠᠯᠠᠨ ᠰᠠᠶᠢᠵᠢᠷᠠᠭᠤᠯᠵᠤ᠂ ᠬᠦᠨᠳᠤ ᠶᠡᠭᠡ ᠠᠶᠤᠯ ᠲᠦᠭᠰᠢᠭᠦᠷᠢ ᠶᠢᠨ ᠴᠡᠭ ᠢ ᠰᠡᠷᠭᠡᠶᠢᠯᠡᠬᠦ ᠬᠡᠷᠡᠭᠲᠡᠶ᠃ ᠡᠷᠡᠰ ᠴᠢᠩᠭ᠎ᠠ ᠬᠠᠮᠢᠶᠠᠷᠤᠨ ᠡᠵᠡᠮᠳᠡᠵᠦ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠴᠢᠩᠭᠠᠳᠬᠠᠨ᠂ ᠲᠤᠰᠬᠠᠢ ᠲᠤᠬᠢᠷᠠᠭᠤᠯᠤᠯᠳᠠ ᠬᠢᠵᠤ ᠱᠠᠯᠠᠪᠳᠠᠭᠤᠯᠤᠨ ᠵᠢᠯᠣᠭᠤᠳᠬᠤ ᠬᠠᠷᠢᠭᠤᠴᠠᠯᠭ᠎ᠠ ᠶᠢ ᠤᠯᠠᠮ ᠪᠣᠳᠠᠲᠠᠶᠢᠵᠢᠭᠤᠯᠵᠤ᠂ ᠶᠠᠷᠢᠶ᠎ᠠ ᠬᠡᠯᠡᠯᠴᠡᠭᠡ ᠤᠬᠠᠭᠤᠯᠭ᠎ᠠ ᠵᠢᠯᠤᠭᠤᠳᠤᠯᠭ᠎ᠠ ᠶᠢ ᠤᠯᠠᠮ ᠴᠢᠩᠭᠠᠳᠬᠠᠵᠤ᠂ ᠬᠢᠵᠢᠭ ᠤᠨ ᠪᠠᠶᠢᠳᠠᠯ ᠤᠨ ᠲᠠᠬᠢᠨ ᠥᠷᠭᠡᠳᠬᠦ᠂ ᠲᠠᠬᠢᠨ ᠡᠭᠦᠰᠭᠦ ᠶᠢ ᠦᠨᠡᠨ ᠬᠦ ᠰᠡᠷᠭᠡᠶᠢᠯᠡᠬᠦ ᠬᠡᠷᠡᠭᠲᠡᠢ ᠭᠡᠵᠤ ᠬᠡᠯᠡᠪᠡ᠃
ᠸᠠᠩ ᠯᠢ ᠰᠢᠶᠠ᠂ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠠᠨ ᠨᠢᠭᠡᠳᠭᠡᠨ ᠲᠣᠭᠲᠠᠯ ᠬᠦᠴᠦᠨ ᠢᠶᠠᠨ ᠪᠠᠲᠤᠯᠠᠵᠤ᠂ 《ᠡᠪᠡᠳᠴᠢᠨ ᠤ ᠵᠢᠱᠢᠶ᠎ᠠ ᠶᠢ ᠲᠠᠷᠤᠢ ᠲᠦᠷᠬᠡᠨ ᠦᠭᠡᠢ ᠪᠤᠯᠭᠠᠬᠤ》 ᠶᠡᠷᠦᠩᠬᠡᠢ ᠴᠢᠭᠯᠡᠯᠲᠡ ᠶᠢ ᠭᠤᠶᠢᠪᠢᠰᠢ ᠦᠭᠡᠢ ᠪᠠᠷᠢᠮᠲᠠᠯᠠᠨ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ᠂ ᠬᠠᠮᠤᠭ ᠤᠨ ᠣᠬᠤᠷ ᠬᠤᠭᠤᠴᠠᠭᠠᠨ ᠳᠤ ᠬᠢᠵᠢᠭ ᠤᠨ ᠪᠠᠶᠢᠳᠠᠯ ᠤᠨ ᠲᠠᠷᠬᠠᠨ ᠳᠡᠯᠭᠡᠷᠡᠬᠦ ᠬᠡᠯᠬᠢᠶ᠎ᠠ ᠶᠢ ᠲᠠᠰᠤᠯᠵᠤ᠂ ᠡᠪᠡᠳᠴᠢᠨ ᠤ ᠵᠢᠱᠢᠶ᠎ᠠ ᠶᠢ ᠦᠭᠡᠢ ᠪᠤᠯᠭᠠᠬᠤ ᠬᠠᠷᠠᠯᠲᠠ ᠶᠢ ᠪᠡᠶᠡᠯᠡᠭᠦᠯᠬᠦ ᠬᠡᠷᠡᠭᠲᠡᠢ᠃ ᠲᠠᠶᠢᠯᠠᠯᠳᠤᠭᠠᠨ ᠤ ᠪᠠᠶᠢᠳᠠᠯ ᠳᠤ ᠦᠨᠡᠨ ᠬᠦ ᠣᠷᠣᠵᠤ᠂ ᠵᠢᠯᠣᠭᠤᠳᠬᠤ ᠰᠢᠰᠲ᠋ᠧᠮ ᠢ ᠳᠠᠷᠤᠢ ᠲᠦᠷᠭᠡᠨ ᠠᠵᠢᠯᠯᠠᠭᠤᠯᠵᠦ᠂ ᠠᠵᠢᠯ ᠢᠶᠠᠨ ᠵᠣᠬᠢᠰᠲᠠᠢ ᠬᠤᠪᠢᠶᠠᠷᠢᠯᠠᠨ᠂ ᠴᠤᠮᠬᠠᠳᠬᠠᠨ ᠬᠠᠮᠢᠶᠠᠷᠴᠤ᠂ ᠠᠵᠢᠯ ᠨᠢᠭᠡ ᠪᠦᠷᠢ ᠶᠢ ᠪᠣᠳᠠᠲᠠᠢ ᠬᠠᠷᠢᠭᠤᠴᠠᠯᠭᠠᠲᠠᠨ ᠳᠤ ᠨᠠᠶᠢᠳᠠᠪᠤᠷᠢᠵᠢᠭᠤᠯᠵᠤ᠂ ᠡᠭᠦᠷᠭᠡ ᠶᠢ ᠲᠣᠳᠣᠷᠬᠠᠶᠢᠯᠠᠨ᠂ ᠪᠣᠳᠠᠲᠠᠢ ᠬᠡᠷᠡᠭᠵᠢᠭᠦᠯᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠡᠷᠡᠰ ᠰᠢᠭᠤᠷᠬᠠᠶ ᠲᠠᠷᠤᠢ ᠲᠦᠷᠭᠡᠨ ᠪᠥᠭᠡᠳ ᠥᠨᠳᠥᠷ ᠪᠦᠲᠦᠮᠵᠢᠲᠡᠶ ᠰᠢᠢᠳᠪᠦᠷᠢᠯᠡᠵᠦ ᠂ ᠬᠢᠵᠢᠭ ᠤᠨ ᠪᠠᠶᠢᠳᠠᠯ ᠭᠠᠷᠤᠭᠰᠠᠨ ᠶᠡᠭᠡ ᠳᠡᠭᠡᠳᠦ ᠰᠤᠷᠭᠠᠭᠤᠯᠢ ᠶᠢᠨ ᠬᠢᠨ ᠨᠠᠮᠵᠢᠭᠤᠨ ᠪᠠᠶᠢᠵᠤ᠂ ᠰᠠᠶᠢᠳᠤᠷ ᠬᠠᠮᠢᠶᠠᠷᠴᠤ᠂ ᠬᠡᠮ ᠰᠣᠭᠤᠭ ᠢ ᠠᠷᠢᠯᠭᠠᠨ᠂ ᠡᠪᠡᠳᠴᠢᠨ ᠤ ᠵᠢᠱᠢᠶ᠎ᠠ ᠶᠢ ᠠᠯᠢ ᠲᠦᠷᠭᠡᠨ ᠢᠶᠠᠷ ᠦᠭᠡᠢ ᠪᠤᠯᠭᠠᠬᠤ ᠬᠡᠷᠡᠭᠲᠡᠶ︔ ᠬᠢᠵᠢᠭ ᠤᠨ ᠪᠠᠶᠢᠳᠠᠯ ᠭᠠᠷᠤᠭᠰᠠᠨ ᠦᠭᠡᠢ ᠶᠡᠭᠡ ᠳᠡᠭᠡᠳᠦ ᠰᠤᠷᠭᠠᠭᠤᠯᠢ ᠶᠢᠨ ᠬᠢᠨ ᠬᠠᠮᠢᠶᠠᠷᠤᠯᠲᠠ ᠪᠠᠨ ᠴᠢᠩᠭ᠎ᠠ ᠵᠢᠷᠤᠮᠵᠢᠭᠤᠯᠵᠤ᠂ ᠡᠭᠦᠳᠡ ᠬᠠᠭᠠᠯᠭ᠎ᠠ ᠪᠠᠨ ᠰᠠᠶᠢᠲᠤᠷ ᠰᠠᠬᠢᠨ᠂ ᠬᠥᠮᠦᠨ ᠢᠶᠠᠨ ᠰᠠᠶᠢᠲᠤᠷ ᠬᠠᠮᠢᠶᠠᠷᠴᠤ᠂ ᠦᠷ᠎ᠡ ᠪᠦᠲᠦᠭᠡᠯ ᠢᠶᠠᠨ ᠪᠠᠬᠢᠵᠢᠭᠦᠯᠤᠨ᠂ ᠵᠢᠭᠰᠠᠭᠠᠯ ᠤᠨ ᠭᠠᠵᠠᠷ ᠢᠶᠠᠨ ᠪᠠᠲᠤ ᠰᠠᠬᠢᠬᠤ ᠬᠡᠷᠡᠭᠲᠡᠢ᠃ ᠦᠢᠯᠡᠴᠢᠯᠡᠭᠡ ᠪᠠᠲᠤᠯᠠᠭ᠎ᠠ ᠶᠢ ᠴᠢᠩᠭᠠᠳᠬᠠᠵᠤ᠂ ᠪᠠᠭᠰᠢ ᠰᠤᠷᠤᠭᠴᠢᠳ ᠤᠨ ᠢᠳᠡᠬᠦ᠂ ᠬᠤᠨᠤᠬᠤ᠂ ᠰᠤᠷᠤᠯᠴᠠᠬᠤ᠂ ᠬᠡᠷᠡᠭᠯᠡᠬᠦ᠂ ᠡᠮᠨᠡᠬᠦ ᠵᠡᠷᠭᠡ ᠡᠯ᠎ᠡ ᠲᠠᠯ᠎ᠠ ᠶᠢᠨ ᠪᠠᠲᠤᠯᠠᠭ᠎ᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠰᠤᠷᠤᠭᠴᠢᠳ ᠲᠠᠬᠢ ᠬᠦᠮᠦᠯᠢᠭ ᠬᠠᠯᠠᠮᠵᠢᠯᠠᠯ ᠪᠠ ᠰᠡᠳᠭᠢᠴᠡ ᠶᠢᠨ ᠵᠢᠯᠤᠭᠤᠳᠤᠯᠭ᠎ᠠ ᠶᠢ ᠴᠢᠩᠭᠠᠳᠬᠠᠬᠤ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠪᠣᠯᠤᠨ ᠡᠪ ᠬᠠᠮᠲᠤ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠶᠠᠩᠵᠤ ᠶᠢᠨ ᠰᠠᠶᠢᠨ ᠳᠤᠷ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠭᠰᠢ ᠰᠤᠷᠤᠭᠴᠢᠳ ᠤᠨ ᠰᠡᠳᠭᠢᠯ ᠨᠢᠭᠡᠳᠦᠨ ᠬᠢᠵᠢᠭ ᠲᠠᠢ ᠲᠡᠮᠡᠴᠡᠬᠦ ᠶᠢ ᠠᠬᠢᠭᠤᠯᠬᠤ ᠬᠡᠷᠡᠭᠲᠡᠢ᠃ ᠰᠤᠷᠭᠠᠭᠤᠯᠢ ᠪᠠ ᠣᠷᠣᠨ ᠨᠤᠲᠤᠭ ᠤᠨ ᠨᠢᠭᠡ ᠴᠣᠭᠴᠠᠵᠢᠭᠰᠠᠨ ᠬᠤᠯᠪᠣᠭᠠᠯᠠᠨ ᠬᠦᠳᠡᠯᠦᠯᠴᠡᠬᠦ ᠲᠣᠭᠲᠠᠴᠠ ᠶᠢ ᠪᠠᠶᠢᠭᠤᠯᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠬᠢᠵᠢᠭᠦᠯᠬᠦ ᠬᠡᠷᠡᠭᠲᠡᠢ ᠭᠡᠵᠤ ᠴᠢᠬᠤᠯᠠᠴᠢᠯᠠᠵᠠᠢ᠃
13 ᠤ ᠡᠳᠦᠷ ᠦᠨ ᠦᠳᠡ ᠶᠢᠨ ᠡᠮᠦᠨ᠎ᠡ᠂ ᠸᠠᠩ ᠯᠢ ᠰᠢᠶᠠ ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠬᠤ ᠶᠢᠨ ᠬᠠᠮᠲᠤ ᠰᠤᠷᠭᠠᠭᠤᠯᠢ ᠶᠢᠨ ᠤᠳᠤᠷᠢᠳᠬᠤ ᠪᠠᠭ ᠲᠠᠢ ᠬᠠᠮᠲᠤ ᠲᠤᠬᠠᠢ ᠶᠢᠨ ᠲᠠᠯᠠᠪᠠᠢ ᠳᠤ ᠲᠠᠬᠤᠯ ᠡᠪᠡᠳᠴᠢᠨ ᠤ ᠪᠠᠶᠢᠴᠠᠭᠠᠯᠲᠠ ᠬᠢᠯᠬᠡᠪᠡ᠃ ᠲᠡᠷᠡ ᠬᠠᠯᠳᠠᠪᠤᠷᠢᠯᠠᠭᠳᠠᠭᠰᠠᠨ ᠡᠪᠡᠳᠴᠢᠨ ᠤ ᠵᠢᠱᠢᠶ᠎ᠡ ᠂ ᠨᠢᠭᠲᠠ ᠤᠶᠢᠷᠠᠳᠤᠭᠰᠠᠳ ᠢ ᠰᠢᠯᠵᠢᠭᠦᠯᠦᠨ ᠲᠤᠰᠠᠭᠠᠷᠯᠠᠵᠤ ᠪᠠᠶᠢᠭ᠎ᠠ ᠪᠠᠶᠢᠳᠠᠯ ᠢ ᠨᠢᠭᠡᠳ ᠨᠢᠭᠡ ᠪᠠᠷ ᠪᠠᠶᠢᠴᠠᠭᠠᠨ ᠦᠵᠡᠵᠤ᠂ ᠰᠤᠷᠤᠬᠴᠢ ᠨᠢᠭᠡ ᠪᠦᠷᠢ ᠳᠤ ᠲᠦᠢᠯ ᠢᠶᠠᠷ ᠬᠠᠷᠢᠭᠤᠴᠠᠬᠤ ᠣᠪᠣᠷ ᠢᠶᠠᠷ ᠬᠢᠵᠢᠭ ᠤᠨ ᠪᠠᠶᠢᠳᠠᠯ ᠤᠨ ᠲᠠᠷᠬᠠᠨ ᠳᠡᠯᠭᠡᠷᠡᠬᠦ ᠬᠡᠯᠬᠢᠶ᠎ᠠ ᠶᠢ ᠦᠳᠳᠡᠷ ᠲᠦᠷᠭᠡᠨ ᠢᠶᠠᠷ ᠡᠷᠡᠰ ᠲᠠᠰᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠸᠢᠳᠢᠣ᠋ ᠬᠤᠷᠠᠯ ᠢ ᠡᠷᠬᠢᠯᠡᠭᠰᠡᠨ ᠪᠥᠭᠡᠳ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃