ᠵᠤᠬᠢᠶᠠᠭᠴᠢ: ᠴᠠᠭ:2022-10-21 ᠥᠵᠡᠭᠰᠡᠨ : ᠢᠷᠡᠯᠲᠡ:  ︽ᠦᠪᠦᠷ ᠮᠣᠩᠭᠤᠯ ᠤᠨ ᠡᠳᠦᠷ ᠤᠨ ᠰᠣᠨᠢᠨ︾  
ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠢ ᠦᠷᠭᠦᠯᠵᠢᠯᠡᠨ ᠶᠠᠷᠢᠯᠴᠠᠪᠠ   ᠯᠢᠦ ᠱᠤᠸᠠᠩ   ᠳ᠋ᠢᠩ ᠰᠢᠤ ᠹᠧᠩ   ᠮᠧᠩ ᠰᠢᠶᠠᠨ ᠳ᠋ᠦᠩ   ᠬᠤᠸᠠᠩ ᡁᠢ ᠴᠢᠶᠠᠩ ᠬᠦᠦᠳᠠᠭᠤᠯᠠ ᠵᠧᠩ ᠭᠤᠸᠠᠩ ᠵᠤᠤ ᠦᠭᠡ ᠬᠡᠯᠡᠵᠡᠢ

 

2022  10  ᠰᠠᠷ᠎ᠠ ᠶᠢᠨ 17 ᠤ ᠡᠳᠦᠷ ᠠᠴᠠ 18 ᠤ ᠡᠳᠦᠷ ᠪᠤᠯᠲᠠᠯ᠎ᠠ᠂ ᠨᠠᠮ ᠤᠨ ᠬᠤᠷᠢᠳᠤᠭᠠᠷ ᠶᠡᠭᠡ ᠬᠤᠷᠠᠯ ᠳᠤ ᠣᠷᠣᠯᠴᠠᠵᠤ ᠪᠠᠶᠢᠭ᠎ᠠ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠬᠤᠷᠠᠯ ᠬᠢᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠢ ᠦᠷᠭᠦᠯᠵᠢᠯᠡᠨ ᠶᠠᠷᠢᠯᠴᠠᠪᠠ᠃ ᠲᠥᠯᠥᠭᠡᠯᠡᠭᠴᠢᠳ᠂ ᠡᠨᠡ ᠬᠦ ᠢᠯᠡᠳᠬᠡᠯ ᠢ ᠪᠦᠷᠢᠮᠦᠰᠦᠨ ᠵᠥᠪᠰᠢᠶᠡᠷᠡᠵᠦ ᠪᠠᠶᠢᠨ᠎ᠠ᠂ ᠴᠢᠩ ᠰᠡᠳᠬᠢᠯ ᠠᠴᠠ ᠪᠠᠨ ᠬᠦᠷᠢᠶᠡᠯᠡᠵᠦ ᠪᠠᠶᠢᠨ᠎ᠠ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃

ᠯᠢᠦ ᠱᠤᠸᠠᠩ ᠲᠥᠯᠥᠭᠡᠯᠡᠭᠴᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠪᠣᠯ ᠥᠨᠳᠥᠷ ᠲᠤ ᠵᠣᠭᠰᠣᠨ ᠠᠯᠤᠰ ᠢ ᠪᠠᠷᠠᠯᠠᠵᠥ᠂ ᠲᠤᠭ ᠢ ᠮᠠᠨᠳᠤᠭᠤᠯᠤᠨ ᠴᠢᠭᠯᠡᠯ ᠢ ᠲᠣᠭᠲᠠᠭᠠᠵᠤ᠂ ᠨᠠᠮ ᠢ ᠮᠠᠨᠳᠤᠭᠤᠯᠤᠨ ᠤᠯᠤᠰ ᠢ ᠬᠦᠴᠦᠷᠬᠡᠭᠵᠢᠭᠦᠯᠵᠦ᠂ ᠰᠡᠷᠭᠦᠨ ᠮᠠᠨᠳᠤᠯᠲᠠ ᠶᠢ ᠬᠥᠲᠥᠯᠥᠨ ᠳᠠᠭᠠᠭᠤᠯᠬᠤ ᠰᠠᠶᠢᠨ ᠢᠯᠡᠳᠬᠡᠯ ᠪᠣᠯᠣᠨ᠎ᠠ᠂ ᠪᠢ ᠴᠢᠩ ᠰᠡᠳᠬᠢᠯ ᠠᠴᠠ ᠪᠠᠨ ᠬᠦᠷᠢᠶᠡᠯᠡᠵᠦ ᠪᠠᠶᠢᠨ᠎ᠠ᠃ ᠲᠤᠭ ᠲᠡᠮᠳᠡᠭ ᠴᠢᠭᠯᠡᠯ ᠢ ᠵᠢᠭᠠᠨ᠎ᠠ᠂ ᠡᠷᠬᠡᠪᠰᠢ ᠢᠮᠠᠭᠲᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠬᠤ ᠭᠡᠷᠡᠭᠲᠡᠢ︔ ᠭᠤᠣᠯ ᠠᠰᠠᠭᠤᠳᠠᠯ ᠪᠣᠯᠣᠨ ᠵᠢᠯᠤᠭᠤᠳᠬᠤ ᠦᠵᠡᠯ ᠰᠠᠨᠠᠭᠠᠨ ᠤ ᠠᠰᠠᠭᠤᠳᠠᠯ ᠨᠢ ᠨᠠᠮ ᠪᠣᠯᠣᠨ ᠤᠯᠤᠰ ᠤᠨ ᠢᠷᠡᠭᠡᠳᠦᠢ ᠬᠤᠪᠢ ᠵᠠᠶᠠᠭ᠎ᠠ ᠲᠠᠢ ᠬᠤᠯᠪᠣᠭᠳᠠᠨ᠎ᠠ᠂ ᠡᠷᠬᠡᠪᠰᠢ 《ᠬᠤᠶᠠᠷ ᠢ ᠲᠣᠭᠲᠠᠭᠠᠭᠰᠠᠨ》 ᠢ ᠦᠨᠡᠨᠴᠢ ᠪᠠᠷ ᠬᠠᠮᠠᠭᠠᠯᠠᠬᠤ ᠭᠡᠷᠡᠭᠲᠡᠢ︔ ᠵᠠᠮ ᠬᠤᠪᠢ ᠵᠠᠶᠠᠭ᠎ᠠ ᠶᠢ ᠲᠣᠭᠲᠠᠭᠠᠨ᠎ᠠ᠂ ᠡᠷᠬᠡᠪᠰᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠠᠬᠢᠭᠤᠯᠬᠤ ᠶᠢ ᠪᠠᠷᠢᠮᠲᠠᠯᠠᠬᠤ ᠭᠡᠷᠡᠭᠲᠡᠢ︔ ᠠᠷᠠᠳ ᠲᠦᠮᠡᠨ ᠪᠣᠯ ᠨᠠᠮ ᠪᠣᠯᠣᠨ ᠤᠯᠤᠰ ᠤᠨ ᠢᠷᠡᠭᠡᠳᠦᠢ ᠬᠤᠪᠢ ᠵᠠᠶᠠᠭ᠎ᠠ ᠶᠢ ᠲᠣᠭᠲᠠᠭᠠᠬᠤ ᠦᠨᠳᠦᠰᠦᠨ ᠬᠦᠴᠦᠨ ᠮᠥᠨ᠂ ᠡᠷᠬᠡᠪᠰᠢ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠠᠷᠠᠳ ᠤᠯᠠᠨ ᠲᠠᠢ ᠵᠢᠷᠭᠠᠯ ᠵᠣᠪᠠᠯᠠᠩ ᠢᠶᠠᠨ ᠬᠠᠮᠲᠤᠳᠬᠠᠨ᠂ ᠪᠦᠯᠬᠦᠮᠳᠡᠨ ᠲᠡᠮᠡᠴᠡᠬᠦ ᠭᠡᠷᠡᠭᠲᠡᠢ︔ ᠳᠤᠮᠳᠠᠳᠤ ᠤᠯᠤᠰ ᠤᠨ ᠶᠠᠪᠤᠳᠠᠯ ᠢ ᠰᠠᠶᠢᠲᠤᠷ ᠬᠢᠬᠦ ᠶᠢᠨ ᠵᠠᠩᠭᠢᠯᠠᠭ᠎ᠠ ᠨᠢ ᠨᠠᠮ ᠳᠤ ᠪᠤᠢ᠂ ᠡᠷᠬᠡᠪᠰᠢ ᠲᠣᠮᠣ ᠨᠠᠮ ᠤᠨ ᠥᠪᠡᠷᠮᠢᠴᠡ ᠬᠦᠴᠢᠷ ᠠᠰᠠᠭᠤᠳᠠᠯ ᠢ ᠰᠢᠢᠳᠪᠦᠷᠢᠯᠡᠬᠦ ᠰᠡᠷᠭᠡᠭ ᠴᠢᠨᠠᠷ ᠪᠠ ᠡᠷᠡᠰ ᠪᠠᠲᠤ ᠴᠢᠨᠠᠷ ᠢ ᠴᠠᠭ ᠢᠮᠠᠭᠲᠠ ᠪᠠᠲᠤᠯᠠᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠴᠥᠬᠦᠷᠡᠰᠢ ᠦᠭᠡᠢ ᠠᠬᠢᠭᠤᠯᠬᠤ ᠬᠡᠷᠡᠭᠲᠡᠢ ᠭᠡᠵᠦ ᠬᠡᠯᠡᠪᠡ᠃

ᠳ᠋ᠢᠩ ᠰᠢᠤ ᠹᠧᠩ ᠲᠥᠯᠥᠭᠡᠯᠡᠭᠴᠢ᠂ ᠪᠢ ᠶᠡᠷᠦᠩᠬᠡᠢ ᠱᠦᠵᠢ ᠰᠢ ᠶᠢᠨ ᠫᠢᠩ ᠤᠨ ᠬᠢᠭᠰᠡᠨ ᠢᠯᠡᠳᠬᠡᠯ ᠢ ᠪᠦᠷᠢᠮᠦᠰᠦᠨ ᠵᠥᠪᠰᠢᠶᠡᠷᠡᠵᠦ᠂ ᠡᠷᠡᠰ ᠬᠦᠷᠢᠶᠡᠯᠡᠵᠦ ᠪᠠᠶᠢᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠨᠢ ᠮᠠᠨ ᠤ ᠨᠠᠮ ᠳᠤ ᠵᠠᠭᠤᠨ ᠵᠢᠯ ᠤᠨ ᠠᠴᠢ ᠬᠤᠯᠪᠣᠭᠳᠠᠯ ᠲᠠᠢ᠂ ᠨᠡᠶᠢᠭᠡᠮ ᠵᠢᠷᠤᠮ ᠳᠤ ᠵᠠᠭᠤᠨ ᠵᠢᠯ ᠤᠨ ᠠᠴᠢ ᠬᠤᠯᠪᠣᠭᠳᠠᠯ ᠲᠠᠢ᠂ ᠮᠠᠨ ᠤ ᠤᠯᠤᠰ ᠪᠠ ᠳᠤᠮᠳᠠᠳᠤ ᠶᠢᠨ ᠦᠨᠳᠦᠰᠦᠲᠡᠨ ᠳᠤ ᠵᠠᠭᠤᠨ ᠵᠢᠯ ᠤᠨ ᠠᠴᠢ ᠬᠤᠯᠪᠣᠭᠳᠠᠯ ᠲᠠᠢ ᠶᠤᠮ᠃ ᠪᠤᠭᠤᠲᠤ ᠬᠤᠳᠠ ᠲᠡᠦᠬᠡᠨ ᠳᠡᠭᠡᠷ᠎ᠡ ᠪᠦᠭᠦᠳᠡ ᠨᠠᠶᠢᠷᠠᠮᠳᠠᠬᠤ ᠤᠯᠤᠰ ᠤᠨ 《ᠪᠣᠯᠣᠳ ᠲᠡᠮᠦᠷ ᠤᠨ ᠵᠡᠭᠦᠳᠦ》 ᠶᠢ ᠲᠡᠷᠭᠡᠯᠰᠢᠭᠦᠯᠬᠦ᠂ 《ᠵᠡᠪᠰᠡᠭ ᠲᠣᠨᠣᠭᠯᠠᠯ》 ᠬᠢᠬᠦ ᠳᠤ ᠬᠦᠴᠦᠨ ᠨᠡᠮᠡᠷᠢᠯᠡᠪᠡ᠂ ᠪᠢᠳᠡ ᠲᠡᠦᠬᠡ ᠶᠢᠨ ᠬᠠᠮᠤᠭ ᠤᠨ ᠥᠨᠳᠥᠷ ᠲᠦᠪᠰᠢᠨ ᠳᠤ ᠪᠤᠴᠠᠬᠤ ᠢᠲᠡᠭᠡᠯ ᠵᠣᠷᠢᠭ ᠪᠠ ᠣᠮᠤᠭ ᠵᠣᠷᠢᠭ ᠢᠶᠠᠨ ᠬᠥᠪᠴᠢᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ ᠲᠣᠭᠤᠷᠢᠨ ᠳᠤ᠂ 《ᠬᠤᠶᠠᠷ ᠰᠢᠨ᠎ᠡ》 ᠪᠠᠷ ᠤᠳᠤᠷᠢᠳᠤᠮᠵᠢ ᠪᠤᠯᠭᠠᠵᠤ᠂ ᠬᠡᠮᠵᠢᠶ᠎ᠡ ᠶᠢ ᠨᠡᠮᠡᠭᠳᠡᠭᠦᠯᠬᠦ ᠤᠬᠠᠮᠰᠠᠷ ᠢᠶᠠᠷ ᠵᠢᠯᠣᠭᠤᠳᠤᠮᠵᠢ ᠪᠣᠯᠭᠠᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠰᠢᠨ᠎ᠡ ᠶᠢ ᠡᠭᠦᠳᠭᠦ ᠪᠠᠷ ᠬᠥᠳᠡᠯᠭᠡᠭᠦᠷ ᠪᠤᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠡᠷᠡᠰ ᠭᠤᠶᠢᠪᠢᠰᠢ ᠦᠭᠡᠢ ᠬᠡᠷᠡᠭᠵᠢᠭᠦᠯᠵᠦ᠂ ᠬᠤᠳᠠ ᠶᠢᠨ ᠬᠥᠭᠵᠢᠯᠲᠡ ᠶᠢᠨ ᠰᠢᠨ᠎ᠡ ᠬᠥᠳᠡᠯᠭᠡᠭᠦ ᠴᠢᠳᠠᠪᠤᠷᠢ ᠶᠢ ᠪᠣᠶᠢᠵᠢᠭᠤᠯᠵᠤ᠂ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠥᠨᠳᠥᠷ ᠪᠦᠲᠦᠮᠵᠢᠲᠡᠢ ᠠᠰᠢᠭᠯᠠᠬᠤ ᠪᠠᠷ ᠤᠳᠤᠷᠢᠳᠤᠮᠵᠢ ᠪᠣᠯᠭᠠᠨ ᠬᠥᠭᠵᠢᠯᠲᠡ ᠶᠢᠨ ᠭᠡᠯᠪᠡᠷᠢ ᠶᠢ ᠬᠤᠪᠢᠷᠠᠭᠤᠯᠬᠤ ᠶᠢ ᠠᠬᠢᠭᠤᠯᠵᠤ᠂ ᠪᠠᠳᠠᠷᠠᠯᠲᠤ ᠣᠨ ᠵᠢᠯ ᠢ ᠳᠠᠬᠢᠨᠲᠠ ᠢᠯᠡᠷᠡᠭᠦᠯᠵᠦ᠂ ᠪᠤᠭᠤᠲᠤ ᠶᠢᠨ ᠴᠤᠬ ᠵᠢᠪᠬᠤᠭ᠎ᠠ ᠶᠢ ᠲᠠᠭᠢᠨ ᠮᠠᠨᠳᠤᠭᠤᠯᠤᠨ᠎ᠠ ᠭᠡᠵᠦ ᠬᠡᠯᠡᠪᠡ᠃

ᠮᠧᠩ ᠰᠢᠶᠠᠨ ᠳ᠋ᠦᠩ ᠲᠥᠯᠥᠭᠡᠯᠡᠭᠴᠢ᠂ ᠢᠯᠡᠳᠬᠡᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ ᠳᠤ᠂ ᠭᠤᠷᠪᠠᠨ ᠵᠠᠩᠭᠢᠯᠠᠭ᠎ᠠ ᠶᠢᠨ ᠠᠰᠠᠭᠤᠳᠠᠯ ᠢ ᠰᠠᠨᠠᠭᠠᠴᠢᠯᠠᠭ᠎ᠠ  ᠠᠴᠠ ᠪᠠᠨ ᠰᠠᠶᠢᠲᠤᠷ ᠰᠢᠢᠳᠪᠦᠷᠢᠯᠡᠪᠡᠯ ᠵᠣᠬᠢᠨ᠎ᠠ᠄ ᠨᠢᠭᠡ ᠳᠤ᠂ ᠥᠩᠭᠡᠷᠡᠭᠰᠡᠨ ᠲᠠᠪᠤᠨ ᠵᠢᠯ ᠪᠣᠯᠣᠨ ᠰᠢᠨ᠎ᠡ ᠴᠠᠭ ᠦᠶ᠎ᠡ ᠶᠢᠨ ᠨᠠᠮ ᠪᠣᠯᠣᠨ ᠤᠯᠤᠰ ᠤᠨ ᠠᠵᠢᠯ ᠦᠢᠯᠡᠰ ᠤᠨ ᠶᠡᠷᠦ ᠪᠤᠰᠤ ᠶᠢᠨ ᠠᠮᠵᠢᠯᠲᠠ ᠪᠦᠲᠦᠮᠵᠢ ᠪᠣᠯᠣᠨ ᠠᠭᠤᠤ ᠶᠡᠭᠡ ᠬᠤᠪᠢᠰᠤᠯᠲᠠ ᠶᠢ ᠭᠦᠢᠴᠡᠳ ᠲᠠᠨᠢᠵᠤ᠂ ᠡᠲᠡᠭᠡᠷ ᠠᠮᠵᠢᠯᠲᠠ ᠪᠦᠲᠦᠮᠵᠢ ᠪᠣᠯᠣᠨ ᠬᠤᠪᠢᠰᠤᠯᠲᠠ ᠶᠢᠨ ᠦᠨᠳᠦᠰᠦᠨ ᠰᠢᠯᠲᠠᠭᠠᠨ ᠢ ᠭᠦᠢᠴᠡᠳ ᠲᠠᠨᠢᠵᠤ᠂ 《ᠬᠤᠶᠠᠷ ᠢ ᠲᠣᠭᠲᠠᠭᠠᠭᠰᠠᠨ》 ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠬᠤ ᠬᠡᠷᠡᠭᠲᠡᠢ᠃ ᠬᠤᠶᠠᠷ ᠲᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠤᠨᠤᠯ ᠢ ᠭᠦᠨᠵᠡᠭᠡᠢ ᠣᠶᠢᠯᠠᠭᠠᠵᠤ᠂ ᠲᠡᠭᠦᠨ ᠳᠤ ᠠᠭᠤᠯᠤᠭᠳᠠᠵᠤ ᠪᠠᠶᠢᠭ᠎ᠠ ᠶᠣᠰᠣ ᠤᠴᠢᠷ᠂ ᠶᠣᠰᠣ ᠵᠦᠢ᠂ ᠭᠦᠨ ᠤᠬᠠᠭᠠᠨ ᠢ ᠭᠦᠨᠵᠡᠭᠡᠢ ᠣᠶᠢᠯᠠᠭᠠᠵᠤ᠂ ᠨᠠᠮ ᠤᠨ ᠰᠢᠨ᠎ᠡ ᠶᠢ ᠡᠭᠦᠳᠭᠦ ᠤᠨᠤᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠳᠠᠪᠤᠷᠢ ᠪᠠᠨ ᠦᠨᠡᠨ ᠬᠦ ᠴᠢᠩᠭᠠᠳᠬᠠᠬᠤ ᠬᠡᠷᠡᠭᠲᠡᠢ᠃ ᠭᠤᠷᠪᠠ ᠳᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠡᠷᠮᠢᠴᠡ ᠠᠭᠤᠯᠤᠭᠳᠠᠬᠤᠨ ᠪᠣᠯᠣᠨ ᠮᠥᠨ ᠴᠢᠨᠠᠷ ᠤᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠲᠣᠬᠢᠷᠠᠭᠤᠯᠤᠯᠲᠠ᠂ ᠬᠠᠷᠠᠯᠲᠠ ᠡᠭᠦᠷᠭᠡ ᠶᠢ ᠣᠨᠣᠪᠴᠢᠲᠠᠢ ᠡᠵᠡᠮᠳᠡᠵᠦ᠂ ᠨᠠᠮ ᠪᠣᠯᠣᠨ ᠤᠯᠤᠰ ᠤᠨ ᠠᠵᠢᠯ ᠤᠨ ᠶᠡᠭᠡ ᠲᠠᠯ᠎ᠠ ᠶᠢᠨ ᠳᠣᠣᠷ᠎ᠠ ᠭᠤᠣᠯ ᠰᠢᠪᠲᠤᠯᠤᠯᠲᠠ ᠶᠢᠨ ᠴᠢᠭᠯᠡᠯ ᠢᠶᠠᠨ ᠲᠣᠭᠲᠠᠭᠠᠵᠤ᠂ ᠪᠠᠶᠢᠪᠠᠰᠤ ᠵᠣᠬᠢᠬᠤ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠭᠦ ᠬᠡᠷᠡᠭᠲᠡᠢ ᠭᠡᠵᠦ ᠬᠡᠯᠡᠪᠡ᠃

ᠬᠤᠸᠠᠩ ᡁᠢ ᠴᠢᠶᠠᠩ ᠲᠥᠯᠥᠭᠡᠯᠡᠭᠴᠢ᠂ ᠶᠡᠷᠦᠩᠬᠡᠢ ᠱᠦᠵᠢ ᠰᠢ ᠶᠢᠨ ᠫᠢᠩ ᠤᠨ ᠬᠢᠭᠰᠡᠨ ᠢᠯᠡᠳᠬᠡᠯ ᠢ ᠰᠤᠷᠤᠯᠴᠠᠬᠤ ᠲᠤᠳᠤᠮ ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠰᠦᠷ ᠳᠠᠯᠠᠶᠢᠴᠠᠲᠠᠢ᠂ ᠰᠦᠷ ᠬᠦᠴᠦᠨ ᠠᠤᠭ᠎ᠠ ᠶᠡᠭᠡ᠂ ᠦᠵᠡᠯ ᠰᠠᠨᠠᠭ᠎ᠠ ᠭᠦᠨ ᠭᠦᠨᠵᠡᠭᠡᠢ ᠰᠠᠨᠠᠭᠳᠠᠵᠤ ᠪᠠᠶᠢᠨ᠎ᠠ᠃ ᠪᠦᠭᠦ ᠢᠯᠡᠳᠬᠡᠯ ᠨᠢ ᠢᠲᠡᠭᠡᠯ ᠪᠢᠰᠢᠷᠡᠯ ᠤᠨ ᠬᠦᠴᠦᠨ ᠢ ᠢᠯᠡᠷᠡᠭᠦᠯᠵᠦ᠂ ᠦᠨᠡᠨ ᠶᠣᠰᠣᠨ ᠤ ᠭᠡᠷᠡᠯ ᠭᠢᠯᠪᠠᠭ᠎ᠠ ᠰᠠᠴᠤᠷᠠᠭᠤᠯᠵᠤ ᠪᠠᠶᠢᠨ᠎ᠠ᠂ ᠡᠨᠡ ᠪᠣᠯ ᠮᠠᠨ ᠤ ᠨᠠᠮ ᠤᠨ ᠰᠢᠨ᠎ᠡ ᠠᠶᠠᠨ ᠳᠤ ᠬᠠᠨᠳᠤᠬᠤ ᠴᠢᠬᠤᠯᠠ ᠤᠯᠤᠰ ᠲᠦᠷᠦ ᠶᠢᠨ ᠲᠤᠩᠬᠠᠭ ᠪᠠ ᠠᠵᠢᠯᠯᠠᠭᠠᠨ ᠤ ᠬᠥᠲᠥᠯᠪᠦᠷᠢ ᠪᠣᠯᠣᠨ᠎ᠠ᠃ ᠰᠢᠨ᠎ᠡ ᠴᠠᠭ ᠦᠶ᠎ᠡ ᠳᠤ ᠨᠠᠮ ᠪᠣᠯᠣᠨ ᠤᠯᠤᠰ ᠤᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠤᠭᠰᠠᠨ ᠤ ᠬᠠᠮᠤᠭ ᠤᠨ ᠦᠨᠳᠦᠰᠦᠨ ᠵᠦᠢᠯ ᠨᠢ ᠶᠡᠷᠦᠩᠬᠡᠢ ᠱᠦᠵᠢ ᠰᠢ ᠶᠢᠨ ᠫᠢᠩ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠭᠦ ᠨᠠᠮ ᠤᠨ ᠭᠤᠣᠯᠯᠠᠭᠴᠢ ᠪᠣᠯᠵᠤ ᠵᠠᠯᠠᠭᠤᠷ ᠢ ᠡᠵᠡᠮᠳᠡᠵᠦ ᠠᠶᠠᠯᠠᠯ ᠢ ᠵᠢᠯᠣᠭᠤᠳᠤᠭᠰᠠᠨ ᠳᠤ ᠪᠠᠶᠢᠨ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠤ ᠪᠠᠶᠢᠨ᠎ᠠ᠃ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠡᠷᠡᠰ ᠪᠡᠶᠡᠯᠡᠭᠦᠯᠵᠦ᠂ ᠥᠪᠥᠷ ᠮᠣᠩᠭᠤᠯ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠰᠠᠶᠢᠲᠤᠷ ᠪᠢᠴᠢᠭᠯᠡᠬᠦ ᠬᠡᠷᠡᠭᠲᠡᠢ ᠭᠡᠵᠦ ᠬᠡᠯᠡᠪᠡ᠃

ᠬᠦᠦᠳᠠᠭᠤᠯᠠ ᠲᠥᠯᠥᠭᠡᠯᠡᠭᠴᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠪᠣᠯ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠭᠡᠷᠡᠯ ᠰᠠᠴᠤᠷᠠᠩᠭᠤᠢ ᠮᠠᠷᠺᠰ ᠤᠨ ᠦᠵᠡᠯ ᠤᠨ ᠬᠥᠲᠥᠯᠪᠦᠷᠢ ᠶᠢᠨ ᠴᠢᠨᠠᠷᠲᠠᠢ ᠲᠤᠯᠭᠤᠷ ᠪᠢᠴᠢᠭ ᠮᠥᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠣᠮᠤᠭ ᠲᠡᠭᠦᠯᠳᠡᠷ ᠲᠤᠩᠬᠠᠭ ᠮᠥᠨ᠃ ᠢᠯᠡᠳᠬᠡᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ  ᠨᠢ ᠨᠢᠭᠡᠳᠦᠮᠡᠯ ᠹᠷᠣᠨᠲ ᠤᠨ ᠠᠵᠢᠯ ᠳᠤ ᠠᠪᠴᠤ ᠬᠡᠯᠡᠪᠡᠯ᠂ ᠨᠢᠭᠡ ᠳᠤ᠂ 《ᠬᠤᠶᠠᠷ ᠢ ᠲᠣᠭᠲᠠᠭᠠᠭᠰᠠᠨ》 ᠢ ᠦᠨᠡᠨᠴᠢ ᠰᠢᠳᠤᠷᠭᠤ ᠪᠠᠷ ᠬᠦᠷᠢᠶᠡᠯᠡᠵᠦ᠂ 《ᠬᠤᠶᠠᠷ ᠢ ᠬᠠᠮᠠᠭᠠᠯᠠᠬᠤ》 ᠶᠢ ᠡᠷᠡᠰ ᠪᠡᠶᠡᠯᠡᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠥᠮᠥᠰ ᠤᠨ ᠰᠡᠳᠬᠢᠯ ᠢ ᠥᠷᠭᠡᠨ ᠢᠶᠠᠷ ᠨᠢᠭᠲᠠᠷᠠᠭᠤᠯᠵᠤ᠂ ᠠᠤᠭ᠎ᠠ ᠬᠦᠴᠦᠨ ᠢ ᠨᠢᠭᠲᠠᠷᠠᠭᠤᠯᠬᠤ ᠬᠡᠷᠡᠭᠲᠡᠢ᠃ ᠬᠤᠶᠠᠷ ᠲᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠮ ᠢᠶᠠᠷ ᠡᠷᠡᠰ ᠭᠤᠶᠢᠪᠢᠰᠢ ᠦᠭᠡᠢ ᠰᠠᠶᠢᠲᠤᠷ ᠵᠠᠮᠨᠠᠵᠤ᠂ ᠶᠡᠷᠦᠩᠬᠡᠢ ᠱᠦᠵᠢ ᠰᠢ ᠶᠢᠨ ᠫᠢᠩ ᠤᠨ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠲᠣᠭᠤᠷᠢᠨ ᠳᠤ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠭᠤᠷᠪᠠ ᠳᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠬᠠᠷᠠᠯᠲᠠ ᠶᠢ ᠲᠣᠭᠲᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ 《 ᠵᠢᠱᠢᠶᠡᠴᠢ ᠥᠪᠡᠷᠲᠡᠭᠡᠨ ᠵᠠᠰᠠᠬᠤ ᠣᠷᠣᠨ》 ᠤ ᠡᠷᠬᠢᠮ ᠳᠡᠭᠡᠳᠦ ᠢᠷᠠᠭᠤ ᠠᠯᠳᠠᠷ ᠢ ᠰᠠᠶᠢᠲᠤᠷ ᠬᠠᠮᠠᠭᠠᠯᠠᠵᠤ᠂ ᠳᠤᠮᠳᠠᠳᠤ ᠶᠢᠨ ᠬᠥᠪᠡᠭᠦᠳ ᠥᠬᠢᠳ ᠤᠨ ᠶᠡᠭᠡ ᠪᠦᠯᠬᠦᠮᠳᠡᠯ ᠢ ᠠᠬᠢᠭᠤᠯᠬᠤ ᠥᠪᠥᠷ ᠮᠣᠩᠭᠤᠯ ᠤᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠬᠡᠷᠡᠭᠲᠡᠢ ᠭᠡᠵᠦ ᠬᠡᠯᠡᠪᠡ᠃

ᠵᠧᠩ ᠭᠤᠸᠠᠩ ᠵᠤᠤ ᠲᠥᠯᠥᠭᠡᠯᠡᠭᠴᠢ᠂ ᠶᠡᠷᠦᠩᠬᠡᠢ ᠱᠦᠵᠢ ᠰᠢ ᠶᠢᠨ ᠫᠢᠩ ᠤᠨ ᠬᠢᠭᠰᠡᠨ ᠢᠯᠡᠳᠬᠡᠯ ᠨᠢ ᠤᠯᠤᠰ ᠲᠦᠷᠦ ᠶᠢᠨ ᠵᠢᠯᠣᠭᠤᠳᠤᠮᠵᠢ ᠪᠠᠷ ᠴᠢᠩᠭ᠎ᠠ᠂ ᠵᠣᠷᠢᠯᠲᠠ ᠶᠢᠨ ᠦᠵᠡᠯᠲᠡ ᠭᠦᠨ᠂ ᠪᠣᠳᠠᠲᠠᠢ ᠠᠵᠢᠯᠯᠠᠬᠤ ᠤᠳᠤᠷᠢᠳᠤᠮᠵᠢ ᠲᠣᠳᠣᠷᠬᠠᠢ ᠪᠠᠶᠢᠵᠤ᠂ ᠰᠣᠨᠣᠰᠤᠭᠰᠠᠨ ᠤ ᠲᠠᠷᠠᠭ᠎ᠠ ᠮᠠᠰᠢ ᠤᠷᠮ᠎ᠠ ᠵᠣᠷᠢᠭ ᠲᠠᠢ ᠪᠣᠯᠵᠤ᠂ ᠡᠷᠴᠢ ᠵᠣᠷᠢᠭ ᠬᠥᠪᠴᠢᠯᠡᠭᠳᠡᠪᠡ᠃ ᠥᠩᠭᠡᠷᠡᠭᠰᠡᠨ ᠠᠷᠪᠠᠨ ᠵᠢᠯ ᠳᠤ ᠮᠠᠨ ᠤ ᠤᠯᠤᠰ ᠤᠨ ᠴᠢᠨᠠᠷ ᠰᠠᠶᠢᠲᠠᠢ ᠬᠥᠭᠵᠢᠯᠲᠡ ᠬᠦᠴᠢᠷ ᠢ ᠳᠠᠪᠠᠵᠤ ᠤᠷᠤᠭᠰᠢᠯᠠᠨ ᠳᠠᠪᠰᠢᠵᠤ᠂ ᠠᠮᠵᠢᠯᠲᠠ ᠪᠦᠲᠦᠮᠵᠢ ᠣᠯᠣᠭᠰᠠᠨ ᠨᠢ ᠭᠢᠯᠪᠠᠷ ᠪᠤᠰᠤ ᠪᠠᠶᠢᠵᠤ᠂ ᠬᠥᠮᠥᠰ ᠢ ᠶᠡᠬᠡᠳᠡ ᠵᠣᠷᠢᠭᠵᠢᠭᠤᠯᠵᠤ᠂ ᠪᠢᠳᠡᠨ ᠤ ᠥᠨᠳᠥᠷ ᠣᠷᠭᠢᠯ ᠳᠤ ᠲᠠᠭᠢᠨ ᠠᠪᠠᠷᠢᠬᠤ ᠢᠲᠡᠭᠡᠯ ᠵᠣᠷᠢᠭ ᠡᠷᠡᠰ ᠵᠣᠷᠢᠭ ᠢ ᠨᠠᠩ ᠪᠠᠲᠤᠳᠬᠠᠪᠠ᠃ ᠢᠯᠡᠳᠬᠡᠯ ᠳᠤ ᠰᠢᠨ᠎ᠡ ᠠᠮᠤᠷ ᠲᠦᠪᠰᠢᠨ ᠤ ᠪᠠᠶᠢᠷᠢᠰᠢᠯ ᠢᠶᠠᠷ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠂ ᠪᠢᠳᠡ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ᠂ ᠤᠯᠤᠰ ᠲᠥᠷᠥ ᠶᠢᠨ ᠠᠮᠤᠷ ᠲᠦᠪᠰᠢᠨ ᠢ ᠬᠠᠮᠠᠭᠠᠯᠠᠬᠤ ᠰᠠᠨᠠᠭᠠᠴᠢᠯᠠᠭᠠᠲᠤ ᠳᠠᠶᠢᠯᠠᠯᠳᠤᠭᠠᠨ ᠵᠡᠷᠭᠡ 《ᠲᠠᠪᠤᠨ ᠶᠡᠭᠡ ᠳᠠᠶᠢᠯᠠᠯᠳᠤᠭᠠᠨ》 ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ 《ᠬᠤᠶᠠᠷ ᠢ ᠴᠡᠪᠡᠷᠯᠡᠵᠦ ᠬᠤᠶᠠᠷ ᠲᠤ ᠴᠣᠬᠢᠯᠲᠠ ᠥᠭᠬᠦ》 ᠵᠡᠷᠭᠡ ᠲᠤᠰᠬᠠᠢ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠠᠵᠤ ᠠᠬᠤᠢ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢᠨ ᠠᠮᠤᠷ ᠲᠦᠪᠰᠢᠨ ᠢ ᠪᠠᠲᠤᠯᠠᠬᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠪᠦᠭᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ 《ᠲᠠᠪᠤᠨ ᠲᠡᠷᠢᠭᠦᠨ ᠤ ᠳᠦᠷᠢ ᠲᠥᠷᠬᠦ》 ᠶᠢ ᠱᠤᠭᠤᠬᠤ ᠶᠢ ᠠᠬᠢᠭᠤᠯᠵᠤ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠪᠣᠯᠣᠨ ᠴᠢᠨᠠᠷ ᠰᠠᠶᠢᠲᠠᠢ ᠬᠥᠭᠵᠢᠯᠲᠡ ᠶᠢᠨ ᠰᠠᠶᠢᠨ ᠬᠤᠷᠰᠢᠯ ᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠬᠡᠯᠡᠪᠡ᠃

 

 


   :                    
   :           
备案序号:蒙ICP备05003250号 公安备案15010502000173