ᠵᠤᠬᠢᠶᠠᠭᠴᠢ:
ᠴᠠᠭ:2022-10-21
ᠥᠵᠡᠭᠰᠡᠨ : ℃
ᠢᠷᠡᠯᠲᠡ: ︽ᠦᠪᠦᠷ ᠮᠣᠩᠭᠤᠯ ᠤᠨ ᠡᠳᠦᠷ ᠤᠨ ᠰᠣᠨᠢᠨ︾
ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠭᠤᠸᠠᠩᠰᠢ ᠶᠢᠨ ᠲᠥᠯᠥᠭᠡᠯᠡᠭᠴᠢᠳ ᠤᠨ ᠪᠦᠯᠬᠦᠮ ᠤᠨ ᠶᠠᠷᠢᠯᠴᠠᠭ᠎ᠠ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶ᠎ᠠ ᠶᠢ ᠰᠤᠷᠤᠯᠴᠠᠵᠤ ᠠᠷᠪᠠ ᠶᠢᠰᠦᠳᠦᠭᠡᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠪᠣᠯᠤᠨ ᠨᠠᠮ ᠤᠨ ᠲᠦᠷᠢᠮ ᠳᠤ ᠵᠠᠰᠠᠪᠤᠷᠢ ᠣᠷᠣᠭᠤᠯᠬᠤ ᠲᠥᠰᠦᠯ ᠢ ᠶᠠᠷᠢᠯᠴᠠᠪᠠ ᠰᠦᠨ ᠱᠤᠤ ᠴᠧᠩ ᠬᠤᠷᠠᠯ ᠢ ᠡᠷᠬᠢᠯᠡᠭᠰᠡᠨ ᠪᠥᠭᠡᠳ ᠦᠭᠡ ᠬᠡᠯᠡᠵᠡᠢ
2022 10 ᠰᠠᠷ᠎ᠠ ᠶᠢᠨ 18 ᠤ ᠡᠳᠦᠷ᠂ ᠨᠠᠮ ᠤᠨ ᠬᠤᠷᠢᠳᠤᠭᠠᠷ ᠶᠡᠭᠡ ᠬᠤᠷᠠᠯ ᠳᠤ ᠣᠷᠣᠯᠴᠠᠵᠤ ᠪᠠᠶᠢᠭ᠎ᠠ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠭᠤᠸᠠᠩᠰᠢ ᠶᠢᠨ ᠲᠥᠯᠥᠭᠡᠯᠡᠭᠴᠢᠳ ᠤᠨ ᠪᠦᠯᠬᠦᠮ ᠤᠨ ᠶᠠᠷᠢᠯᠴᠠᠭ᠎ᠠ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶ᠎ᠠ ᠶᠢ ᠰᠤᠷᠤᠯᠴᠠᠵᠤ᠂ ᠸᠠᠩ ᠬᠤ᠋ ᠨᠢᠩ ᠨᠥᠬᠦᠷ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠣᠯᠣᠳᠤᠭᠠᠷ ᠪᠥᠬᠦᠳᠡ ᠬᠤᠷᠠᠯ ᠳᠡᠭᠡᠷᠡᠬᠢ ᠨᠠᠮ ᠤᠨ ᠲᠦᠷᠢᠮ ᠳᠤ ᠵᠠᠰᠠᠪᠤᠷᠢ ᠣᠷᠣᠭᠤᠯᠬᠤ ᠠᠵᠢᠯ ᠤᠨ ᠲᠤᠬᠠᠶ ᠲᠣᠳᠣᠷᠬᠠᠶᠢᠯᠠᠯᠲᠠ ᠶᠢ ᠤᠯᠠᠮᠵᠢᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠭᠡᠯ ᠢ ᠦᠷᠭᠦᠯᠵᠢᠯᠡᠨ ᠶᠠᠷᠢᠯᠴᠠᠵᠤ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠪᠣᠯᠤᠨ ᠨᠠᠮ ᠤᠨ ᠲᠦᠷᠢᠮ ᠳᠤ ᠵᠠᠰᠠᠪᠤᠷᠢ ᠣᠷᠣᠭᠤᠯᠬᠤ ᠲᠥᠰᠦᠯ ᠢ ᠶᠠᠷᠢᠯᠴᠠᠪᠠ᠃ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠦᠳᠡ ᠶᠢᠨ ᠡᠮᠦᠨᠡᠬᠢ ᠬᠤᠷᠠᠯ ᠢ ᠡᠷᠬᠢᠯᠡᠭᠰᠡᠨ ᠪᠥᠭᠡᠳ ᠦᠭᠡ ᠬᠡᠯᠡᠪᠡ᠃
ᠲᠥᠯᠥᠭᠡᠯᠡᠭᠴᠢᠳ ᠤᠨ ᠪᠦᠯᠬᠦᠮ ᠤᠨ ᠳᠡᠳ᠋ ᠳᠠᠷᠤᠭ᠎ᠠ ᠪᠥᠭᠡᠳ ᠨᠠᠷᠢᠨ ᠪᠢᠴᠢᠭ ᠤᠨ ᠳᠠᠷᠤᠭ᠎ᠠ ᠶᠠᠩ ᠸᠧᠶ ᠳ᠋ᠦᠩ ᠦᠭᠡ ᠬᠡᠯᠡᠭᠰᠡᠨ ᠪᠥᠭᠡᠳ ᠦᠳᠡ ᠶᠢᠨ ᠬᠤᠶᠢᠨᠠᠬᠢ ᠬᠤᠷᠠᠯ ᠢ ᠡᠷᠭᠢᠯᠡᠪᠡ᠃ ᠾᠧ ᠸᠧᠢ ᠬᠤᠸᠠ᠂ ᠰᠢᠤᠢ ᠵᠢᠶᠦ᠋ᠨ ᠰᠢᠶᠠ᠂ ᠭᠤᠤ ᠷᠦᠨ ᠰᠢ᠂ ᠲᠠᠩ ᠢ᠂ ᠰᠢᠤᠸᠠᠢ ᠫᠢᠩ᠂ ᠰᠦᠢ ᠸᠧᠢ ᠵᠢᠶᠦ᠋ᠨ᠂ ᠬᠠᠨ ᠵᠢᠶᠠ ᠲᠦᠩ᠂ ᠳ᠋ᠠᠢ ᠬᠤᠩ᠂ ᠯᠢ ᠰᠢᠤ ᠯᠢᠩ᠂ ᠯᠢᠦ ᠱᠤᠸᠠᠩ᠂ ᠸᠠᠨ ᠴᠤᠤ ᠴᠢ᠂ ᠶᠤᠤ ᠶᠦᠩ ᠪᠥᠸᠧ᠂ ᠸᠠᠩ ᠰᠢᠤ ᡁᠢ᠂ ᠸᠠᠩ ᠭᠠᠢ ᠮᠧᠢ᠂ ᠪᠠᠭᠠᠲᠤᠷ᠂ ᠳ᠋ᠧᠩ ᠢᠦᠢ᠂ ᠲᠠᠶᠢᠴᠢᠨ᠂ ᠪᠠᠢ ᠵᠢᠩ᠂ ᠲᠢᠩ · ᠪᠠᠭᠠᠲᠤᠷ᠂ ᠳ᠋ᠢᠩ ᠰᠢᠤ ᠹᠧᠩ ᠂ ᠮᠧᠩ ᠰᠢᠶᠠᠨ ᠳ᠋ᠦᠩ᠂ ᠬᠦᠤᠲᠠᠭᠤᠯᠠ᠂ ᠵᠧᠩ ᠭᠤᠸᠠᠩ ᠵᠤᠤ᠂ ᠯᠢᠦ ᡁᠢ ᠢᠦᠢ᠂ ᠯᠢᠦ ᠱᠣ᠋ ᠵᠢᠶᠦ᠋ᠨ᠂ ᠯᠢ ᠯᠢ᠂ ᠶᠠᠩ ᠵᠢᠢ ᠫᠧᠩ ᠂ ᠾᠧ ᠢᠦᠢ ᠴᠦᠨ᠂ ᠵᠠᠩ ᠰᠠᠨ ᠮᠢᠩ᠂ ᠵᠠᠩ ᠭᠧᠨ ᠵᠢᠤ᠂ ᠵᠠᠩ ᠰᠢᠶᠤᠤ ᠪᠢᠩ᠂ ᠵᠢᠩᠺᠡᠷ ᠨᠠᠷᠠ᠂ ᠵᠤᠤ ᠵᠢᠩ᠂ ᠵᠤᠤ ᠶᠢᠩ ᠡᠾᠦ᠋ᠢ ᠂ ᠮᠸᠢ ᠶᠤᠸᠠᠨ ᠰᠢᠤᠸᠠᠢ ᠵᠡᠷᠬᠡ ᠲᠥᠯᠥᠭᠡᠯᠡᠭᠴᠢ ᠤᠷᠢᠳ ᠬᠤᠵᠢᠳ ᠦᠭᠡ ᠬᠡᠯᠡᠵᠡᠭᠡᠪᠡ᠃
ᠰᠦᠨ ᠱᠤᠤ ᠴᠧᠩ ᠲᠥᠯᠥᠭᠡᠯᠡᠭᠴᠢ ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠪᠣᠯ ᠰᠤᠷᠲᠠᠯ ᠴᠢᠬᠡᠴᠢ ᠣᠪᠣᠷ ᠲᠥᠪ᠂ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠶᠢ ᠢᠯᠡᠷᠡᠭᠦᠯᠦᠭᠰᠡᠨ ᠰᠠᠶᠢᠨ ᠮᠡᠳᠡᠭᠦᠯᠦᠯᠲᠡ ᠪᠣᠯᠤᠨ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠴᠥᠬᠦᠷᠡᠰᠢ ᠦᠭᠡᠢ ᠭᠦᠨᠵᠡᠭᠡᠶᠢᠷᠡᠭᠦᠯᠵᠦ᠂ ᠵᠠᠭᠤᠨ ᠵᠢᠯ ᠤᠨ ᠲᠤᠮᠤ ᠨᠠᠮ ᠤᠨ ᠨᠠᠮ ᠢ ᠬᠠᠮᠢᠶᠠᠷᠬᠤ ᠨᠠᠮ ᠢ ᠵᠠᠰᠠᠬᠤ ᠰᠢᠨ᠎ᠡ ᠠᠬᠤᠢ ᠪᠠᠶᠢᠳᠠᠯ ᠢ ᠨᠡᠭᠡᠭᠡᠪᠡ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠭᠤᠤᠯᠳᠠᠯᠭ᠎ᠠ ᠳᠤ ᠠᠩᠬᠠᠷᠤᠯ ᠢᠶᠠᠨ ᠲᠦᠪᠯᠡᠷᠡᠭᠦᠯᠦᠨ ᠂ ᠭᠤᠤᠯ ᠠᠵᠢᠯ ᠢᠶᠠᠨ ᠳᠣᠪᠤᠶᠢᠯᠭᠠᠵᠤ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠬᠡᠨ ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠠᠬᠢᠭᠤᠯᠵᠤ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠬᠡᠷᠡᠭᠵᠢᠭᠦᠯᠬᠦ ᠠᠵᠢᠯ ᠢ ᠨᠠᠩ ᠰᠢᠨᠵᠢᠯᠡᠬᠦ ᠤᠬᠠᠭᠠᠨᠴᠢ ᠪᠥᠭᠡᠳ ᠨᠠᠷᠢᠨ ᠣᠨᠣᠪᠴᠢᠲᠠᠶ ᠪᠣᠯᠭᠠᠵᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠭᠰᠠᠨ ᠦᠷ᠎ᠡ ᠪᠦᠲᠦᠮᠵᠢ ᠶᠢ ᠨᠠᠩ ᠢᠯᠡᠷᠬᠡᠶ ᠪᠣᠯᠭᠠᠵᠤ᠂ ᠰᠢᠨ᠎ᠡ ᠴᠠᠭ ᠦᠶ᠎ᠡ ᠶᠢᠨ ᠨᠠᠮ ᠪᠠ ᠤᠯᠤᠰ ᠤᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠳᠤ ᠬᠦᠴᠦᠲᠡᠶ ᠪᠠᠲᠤᠯᠠᠭ᠎ᠠ ᠬᠠᠩᠭᠠᠪᠠ᠃ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠪᠣᠯ ᠡᠭᠦᠷᠢᠳᠡ ᠵᠤᠬᠰᠤᠰᠢ ᠦᠭᠡᠢ ᠶᠤᠮ᠂ ᠪᠢᠳᠡ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠮᠡᠳᠡᠭᠦᠯᠦᠯᠲᠡ ᠶᠢᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠡᠷᠡᠯ ᠢ ᠡᠰᠡᠷᠭᠦᠴᠡᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠪᠦᠲᠦᠮᠵᠢᠲᠡᠢ ᠵᠣᠷᠢᠭᠵᠢᠭᠤᠯᠵᠤ᠂ ᠪᠦᠬᠦ ᠣᠷᠣᠨ ᠤ ᠤᠯᠤᠰ ᠲᠦᠷᠦ ᠶᠢᠨ ᠠᠮᠢ ᠠᠬᠤᠢ ᠶᠢ ᠬᠦᠴᠦᠯᠡᠨ ᠴᠡᠪᠡᠷᠰᠢᠭᠦᠯᠦᠨ ᠰᠡᠷᠭᠦᠭᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠬᠦ ᠬᠡᠷᠡᠭᠲᠡᠢ ᠭᠡᠵᠤ ᠬᠡᠯᠡᠪᠡ᠃ ᠲᠡᠷᠡ᠂ ᠡᠨᠡ ᠤᠳᠠᠭ᠎ᠠ ᠨᠠᠮ ᠤᠨ ᠲᠦᠷᠢᠮ ᠳᠤ ᠵᠠᠰᠠᠪᠤᠷᠢ ᠣᠷᠣᠭᠤᠯᠬᠤ ᠨᠢ ᠪᠦᠬᠦ ᠨᠠᠮ ᠤᠨ ᠤᠶᠤᠨ ᠤᠬᠠᠭᠠᠨ ᠢ ᠲᠥᠪᠯᠡᠷᠡᠭᠦᠯᠵᠦ᠂ ᠪᠦᠬᠦ ᠨᠠᠮ ᠤᠨ ᠰᠡᠳᠭᠢᠯ ᠤᠨ ᠳᠠᠭᠤᠨ ᠢ ᠲᠤᠰᠬᠠᠵᠤ᠂ ᠪᠦᠬᠦ ᠨᠠᠮ ᠤᠨ ᠵᠣᠷᠢᠭ ᠰᠠᠨᠠᠭ᠎ᠠ ᠶᠢ ᠢᠯᠡᠷᠡᠭᠦᠯᠵᠦ᠂ ᠮᠠᠨ ᠤ ᠨᠠᠮ ᠤᠨ ᠲᠦᠷᠦ ᠶᠢ ᠵᠠᠰᠠᠵᠤ ᠵᠠᠰᠠᠭ ᠢ ᠡᠷᠬᠢᠯᠡᠭᠰᠡᠨ ᠬᠠᠮᠤᠭ ᠤᠨ ᠡᠷᠬᠢᠮ ᠨᠠᠨᠳᠢᠨ ᠲᠤᠷᠰᠢᠯᠭ᠎ᠠ ᠶᠢ ᠠᠭᠤᠰᠤᠯᠴᠠᠭᠤᠯᠵᠤ᠂ ᠰᠢᠨ᠎ᠡ ᠪᠠᠶᠢᠳᠠᠯ ᠰᠢᠨ᠎ᠡ ᠡᠭᠦᠷᠭᠡ ᠠᠴᠠ ᠨᠠᠮ ᠤᠨ ᠠᠵᠢᠯ ᠪᠣᠯᠤᠨ ᠨᠠᠮ ᠤᠨ ᠪᠠᠶᠢᠭᠤᠯᠤᠯᠲᠠ ᠳᠤ ᠳᠤᠷᠠᠳᠤᠭᠰᠠᠨ ᠰᠢᠨ᠎ᠡ ᠱᠠᠭᠠᠷᠳᠠᠯᠭ᠎ᠠ ᠳᠤ ᠮᠠᠰᠢ ᠰᠠᠶᠢᠨ ᠵᠣᠬᠢᠴᠠᠵᠤ᠂ ᠮᠠᠨ ᠤ ᠨᠠᠮ ᠤᠨ ᠰᠢᠨ᠎ᠡ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯ᠂ ᠰᠢᠨ᠎ᠡ ᠪᠠᠶᠢᠯᠳᠤᠬᠤ ᠪᠤᠳᠤᠯᠭ᠎ᠠ ᠶᠢᠨ ᠡᠭᠦᠷᠭᠡ᠂ ᠰᠢᠨ᠎ᠡ ᠪᠠᠶᠢᠯᠳᠤᠬᠤ ᠪᠤᠳᠤᠯᠭ᠎ᠠ ᠶᠢᠨ ᠱᠠᠳᠤ ᠦᠶ᠎ᠡ᠂ ᠰᠢᠨ᠎ᠡ ᠪᠠᠶᠢᠯᠳᠤᠬᠤ ᠪᠤᠳᠤᠯᠭ᠎ᠠ ᠶᠢᠨ ᠱᠠᠭᠠᠷᠳᠠᠯᠭ᠎ᠠ᠂ ᠰᠢᠨ᠎ᠡ ᠪᠠᠶᠢᠯᠳᠤᠬᠤ ᠪᠤᠳᠤᠯᠭ᠎ᠠ ᠶᠢᠨ ᠣᠷᠴᠢᠨ ᠢ ᠨᠡᠩ ᠰᠠᠶᠢᠲᠤᠷ ᠡᠵᠡᠮᠳᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠢ ᠲᠠᠰᠤᠷᠠᠯᠳᠡ ᠦᠭᠡᠢ ᠠᠬᠢᠭᠤᠯᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠪᠢᠳᠡ ᠨᠠᠮ ᠤᠨ ᠲᠦᠷᠢᠮ ᠢ ᠰᠤᠷᠤᠯᠴᠠᠨ ᠲᠤᠤᠱᠯᠠᠭᠤᠯᠬᠤ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠨ ᠴᠢᠩᠭ᠎ᠠ ᠪᠥᠭᠡᠳ ᠰᠠᠶᠢᠲᠤᠷ ᠠᠳᠬᠤᠵᠤ᠂ ᠨᠠᠮ ᠤᠨ ᠲᠦᠷᠢᠮ ᠢ ᠰᠤᠷᠤᠯᠴᠠᠬᠤ᠂ ᠨᠠᠮ ᠤᠨ ᠲᠦᠷᠢᠮ ᠢ ᠵᠢᠷᠤᠮᠯᠠᠬᠤ᠂ ᠨᠠᠮ ᠤᠨ ᠲᠦᠷᠢᠮ ᠢ ᠲᠤᠤᠱᠯᠠᠭᠤᠯᠬᠤ ᠂ ᠨᠠᠮ ᠤᠨ ᠲᠦᠷᠢᠮ ᠢ ᠬᠠᠮᠠᠭᠠᠯᠠᠬᠤ ᠭᠦᠨ ᠵᠤᠵᠠᠭᠠᠨ ᠠᠭᠤᠷ ᠠᠮᠢᠰᠬᠤᠯ ᠢ ᠶᠡᠭᠡ ᠪᠠᠷ ᠪᠤᠢ ᠪᠣᠯᠭᠠᠵᠤ᠂ ᠨᠠᠮ ᠤᠨ ᠲᠦᠷᠢᠮ ᠤᠨ ᠡᠯ᠎ᠡ ᠵᠦᠢᠯ ᠤᠨ ᠲᠣᠭᠲᠠᠭᠠᠯ ᠤᠨ ᠱᠠᠭᠠᠷᠳᠠᠯᠭ᠎ᠠ ᠶᠢ ᠲᠡᠷᠡ ᠶᠣᠰᠣᠭᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠤ ᠬᠡᠯᠡᠪᠡ᠃