ᠵᠤᠬᠢᠶᠠᠭᠴᠢ: ᠴᠠᠭ:2022-10-28 ᠥᠵᠡᠭᠰᠡᠨ : ᠢᠷᠡᠯᠲᠡ: ︽ᠦᠪᠦᠷ ᠮᠣᠩᠭᠤᠯ ᠤᠨ ᠡᠳᠦᠷ ᠤᠨ ᠰᠣᠨᠢᠨ︾  
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ  ᠺᠠᠳ᠋ᠷᠴᠤᠳ ᠤᠨ ᠶᠡᠭᠡ ᠬᠤᠷᠠᠯ ᠬᠢᠪᠡ ᠰᠦᠨ ᠱᠤᠤ ᠴᠧᠩ ᠶᠠᠷᠢᠶ᠎ᠠ ᠲᠠᠯᠪᠢᠵᠤ ᠸᠠᠩ ᠯᠢ ᠰᠢᠶᠠ ᠬᠤᠷᠠᠯ ᠢ ᠡᠷᠭᠢᠯᠡᠵᠦ ᠯᠢ ᠰᠢᠤ ᠯᠢᠩ ᠣᠷᠣᠯᠴᠠᠵᠠᠢ

 

2022  10  ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠦᠭᠦ ᠣᠷᠣᠨ ᠤ ᠤᠳᠤᠷᠢᠳᠬᠤ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ  ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠶᠠᠷᠢᠶ᠎ᠠ ᠲᠠᠯᠪᠢᠵᠠᠢ᠃

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢ ᠰᠢᠤ ᠯᠢᠩ ᠵᠡᠷᠭᠡ ᠲᠤᠰᠢᠶᠠᠯ ᠳᠤ ᠪᠠᠶᠢᠭ᠎ᠠ ᠮᠤᠵᠢ ᠶᠢᠨ ᠲᠠᠰ ᠤᠨ ᠤᠳᠤᠷᠢᠳᠬᠤ ᠨᠥᠬᠦᠳ ᠬᠤᠷᠠᠯ ᠳᠤ ᠣᠷᠣᠯᠴᠠᠵᠠᠢ᠃

ᠰᠦᠨ ᠱᠤᠤ ᠴᠧᠩ᠂ ᠤᠯᠤᠰ ᠳᠠᠶᠠᠭᠠᠷ ᠤᠨ ᠠᠩᠬᠠᠷᠤᠯ ᠢ ᠲᠠᠲᠠᠵᠤ᠂ ᠳᠡᠯᠡᠬᠡᠢ ᠳ᠋ᠠᠬᠢᠨ ᠤ ᠬᠠᠷᠠᠭ᠎ᠠ ᠶᠢ ᠪᠤᠯᠢᠶᠠᠭᠰᠠᠨ ᠨᠠᠮ ᠤᠨ ᠬᠤᠷᠢᠳᠤᠭᠠᠷ ᠶᠡᠭᠡ ᠬᠤᠷᠠᠯ ᠪᠣᠯ ᠲᠤᠭ ᠢ ᠮᠠᠨᠳᠤᠭᠤᠯᠤᠨ ᠴᠢᠭᠯᠡᠯ ᠢ ᠲᠣᠭᠲᠠᠭᠠᠵᠤ᠂ ᠨᠢᠭᠡ ᠰᠡᠳᠬᠢᠯ ᠨᠠᠶᠢᠳᠠ ᠶᠢᠨ ᠬᠦᠴᠦᠨ ᠢᠶᠠᠷ ᠂ ᠢᠲᠡᠭᠡᠯ ᠵᠣᠷᠢᠭ ᠢ ᠬᠥᠪᠴᠢᠯᠡᠵᠦ᠂ ᠨᠠᠮ ᠳᠤ ᠴᠢᠭᠯᠡᠯ ᠢ ᠵᠢᠭᠠᠭᠰᠠᠨ᠂ ᠤᠯᠤᠰ ᠲᠤ ᠢᠲᠡᠭᠡᠯ ᠵᠣᠷᠢᠭ ᠢ ᠨᠡᠮᠡᠭᠳᠡᠭᠦᠯᠦᠭᠰᠡᠨ᠂ ᠪᠦᠭᠦ ᠤᠯᠤᠰ ᠤᠨ ᠠᠷᠠᠳ ᠲᠦᠮᠡᠨ ᠳᠤ ᠪᠤᠶᠠᠨ ᠵᠢᠷᠭᠠᠯ ᠣᠯᠭᠤᠭᠰᠠᠨ᠂ ᠳᠤᠮᠳᠠᠳᠤ ᠶᠢᠨ ᠦᠨᠳᠦᠰᠦᠲᠡᠨ ᠳᠤ ᠢᠲᠡᠭᠡᠯ ᠬᠠᠶᠢᠷᠠᠯᠠᠭᠰᠠᠨ᠂ ᠳᠡᠯᠡᠬᠡᠢ ᠶᠢᠨ ᠬᠥᠭᠵᠢᠯᠲᠡ ᠳᠤ ᠠᠮᠢᠵᠢᠷᠠᠯ ᠤᠨ ᠬᠦᠴᠦᠨ ᠨᠡᠮᠡᠷᠢᠯᠡᠭᠰᠡᠨ ᠲᠡᠦᠬᠡᠲᠦ ᠴᠢᠨᠠᠷᠲᠠᠢ ᠦᠪᠡᠳᠡᠭᠰᠢ ᠬᠤᠷᠠᠯ ᠪᠣᠯᠣᠨ᠎ᠠ᠂ ᠡᠨᠡ ᠨᠢ ᠨᠠᠮ ᠪᠠ ᠤᠯᠤᠰ ᠤᠨ ᠲᠡᠦᠬᠡᠨ ᠳᠡᠭᠡᠷ᠎ᠡ ᠴᠠᠭ ᠦᠶ᠎ᠡ ᠶᠢ ᠵᠠᠭᠠᠭᠯᠠᠭᠰᠠᠨ᠂ ᠬᠥᠰᠢᠶ᠎ᠡ ᠲᠡᠮᠳᠡᠭ ᠤᠨ ᠴᠢᠬᠤᠯᠠ ᠶᠡᠭᠡ ᠠᠴᠢ ᠬᠤᠯᠪᠣᠭᠳᠠᠯ ᠲᠠᠢ ᠪᠠᠷ ᠪᠠᠷᠠᠬᠤ ᠦᠭᠡᠢ᠂ ᠳᠡᠯᠡᠬᠡᠢ ᠨᠡᠶᠢᠭᠡᠮ ᠳᠤ ᠢᠳᠡᠪᠬᠢᠲᠡᠢ ᠪᠥᠭᠡᠳ ᠥᠷᠭᠡᠨ ᠳᠡᠯᠭᠡᠷ ᠨᠥᠯᠥᠭᠡ ᠦᠵᠡᠭᠦᠯᠵᠡᠢ᠃ ᠪᠦᠭᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠤᠯᠠᠨ ᠨᠠᠮ ᠤᠨ ᠭᠡᠰᠢᠭᠦᠨ ᠡᠷᠬᠡᠪᠰᠢ ᠤᠯᠤᠰ ᠲᠦᠷᠦ᠂ ᠪᠠᠶᠢᠯᠳᠤᠬᠤ ᠪᠣᠳᠣᠯᠭ᠎ᠠ᠂ ᠪᠦᠭᠦ ᠲᠠᠯ᠎ᠠ ᠶᠢᠨ ᠥᠨᠳᠥᠷᠴᠡ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠪᠠᠲᠤ ᠴᠢᠩᠭ᠎ᠠ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠣᠨ ᠲᠡᠦᠬᠡ ᠶᠢᠨ ᠡᠭᠦᠷᠭᠡᠲᠦ ᠰᠡᠳᠬᠢᠯᠭᠡ ᠪᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ  ᠠᠵᠢᠯ ᠢ ᠰᠠᠶᠢᠲᠤᠷ ᠠᠳᠬᠤᠵᠤ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠦᠨᠡᠨ ᠬᠦ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠯᠤᠭ᠎ᠠ  ᠨᠢᠭᠡᠳᠬᠡᠬᠦ ᠬᠡᠷᠡᠭᠲᠡᠢ ᠭᠡᠵᠦ ᠬᠡᠯᠡᠵᠡᠢ ᠃

ᠰᠦᠨ ᠱᠤᠤ ᠴᠧᠩ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠥᠨᠳᠥᠷ ᠲᠤ ᠵᠣᠭᠰᠣᠨ ᠠᠯᠤᠰ ᠢ ᠪᠠᠷᠠᠯᠠᠵᠥ᠂ ᠰᠦᠷ ᠳᠠᠯᠠᠶᠢᠴᠠᠲᠠᠢ ᠪᠠᠶᠢᠵᠤ ᠂ ᠲᠡᠦᠬᠡ ᠶᠢ ᠠᠵᠢᠨ ᠢᠷᠡᠭᠡᠳᠦᠢ ᠶᠢ ᠪᠠᠷᠠᠯᠠᠵᠥ᠂ ᠳᠤᠮᠳᠠᠳᠤ ᠤᠯᠤᠰ ᠤᠨ ᠠᠰᠠᠭᠤᠯᠲᠠ᠂ ᠳᠡᠯᠡᠬᠡᠢ ᠶᠢᠨ ᠠᠰᠠᠭᠤᠯᠲᠠ᠂ ᠠᠷᠠᠳ ᠲᠦᠮᠡᠨ ᠤ ᠠᠰᠠᠭᠤᠯᠲᠠ᠂ ᠴᠠᠭ ᠦᠶ᠎ᠡ ᠶᠢᠨ ᠠᠰᠠᠭᠤᠯᠲᠠ ᠳᠤ ᠭᠦᠨᠵᠡᠭᠡᠢ ᠬᠠᠷᠢᠭᠤᠯᠲᠠ ᠥᠭᠴᠡᠢ᠂ ᠡᠨᠡ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠬᠤ ᠲᠤᠩᠬᠠᠭ ᠪᠢᠴᠢᠭ᠂ ᠲᠦᠮᠡᠨ ᠤᠯᠠᠨ ᠢᠶᠠᠷ ᠢᠶᠠᠨ ᠰᠡᠳᠬᠢᠯ ᠨᠢᠭᠡᠳᠦᠨ ᠰᠢᠨ᠎ᠡ ᠤᠷᠳᠤ ᠵᠠᠮ ᠤᠨ ᠠᠶᠠᠨ ᠲᠠᠶᠢᠨ ᠢ ᠰᠠᠶᠢᠲᠤᠷ ᠬᠢᠬᠦ ᠴᠤᠭᠯᠠᠷᠠᠯ ᠤᠨ ᠪᠦᠷᠢᠶ᠎ᠡ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠠᠶᠢᠴᠢᠯᠠᠯᠲᠠ ᠶᠢᠨ ᠵᠠᠷᠯᠢᠭ ᠮᠥᠨ᠂ ᠮᠠᠨ ᠤ ᠨᠠᠮ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠬᠦ᠂ ᠴᠠᠭ ᠦᠶ᠎ᠡ ᠶᠢᠨ ᠬᠥᠭᠵᠢᠯᠲᠡ ᠶᠢ ᠬᠥᠲᠥᠯᠥᠨ ᠳᠠᠭᠠᠭᠤᠯᠬᠤ᠂ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠬᠥᠲᠥᠯᠪᠦᠷᠢ ᠶᠢᠨ ᠴᠢᠨᠠᠷᠲᠠᠢ ᠲᠤᠯᠭᠤᠷ ᠪᠢᠴᠢᠭ ᠮᠥᠨ᠃ ᠪᠢᠳᠠ ᠢᠯᠡᠳᠬᠡᠯ ᠢ ᠲᠡᠷᠡ ᠶᠣᠰᠣᠭᠠᠷ ᠨᠢ ᠰᠤᠷᠤᠯᠴᠠᠵᠤ᠂ ᠦᠭᠡ ᠥᠭᠦᠯᠡᠪᠦᠷᠢ ᠳᠠᠷᠠᠭᠠᠯᠠᠨ ᠰᠤᠳᠤᠯᠤᠨ ᠤᠩᠰᠢᠵᠤ᠂ ᠢᠯᠡᠳᠬᠡᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠵᠥᠪ ᠣᠨᠣᠪᠴᠢᠲᠠᠢ ᠭᠦᠨ ᠭᠦᠨᠵᠡᠭᠡᠢ ᠣᠶᠢᠯᠠᠭᠠᠨ ᠡᠵᠡᠮᠰᠢᠵᠦ ᠂ ᠢᠯᠠᠩᠭᠤᠶ᠎ᠠ ᠶᠡᠭᠡ ᠬᠤᠷᠠᠯ ᠤᠨ ᠭᠤᠣᠯ ᠰᠡᠳᠦᠪ ᠪᠤᠯᠬᠤ 《ᠰᠦᠭ ᠰᠦᠨᠡᠰᠦ 》 ᠪᠣᠯᠣᠨ 《 ᠶᠡᠷᠦᠩᠬᠡᠢ ᠬᠥᠲᠥᠯᠪᠦᠷᠢ 》 ᠶᠢ ᠭᠦᠨᠵᠡᠭᠡᠢ ᠣᠶᠢᠯᠠᠭᠠᠵᠤ᠂ ᠥᠩᠭᠡᠷᠡᠭᠰᠡᠨ 5 ᠵᠢᠯ ᠤᠨ ᠠᠵᠢᠯ ᠪᠣᠯᠣᠨ ᠰᠢᠨ᠎ᠡ ᠴᠠᠭ ᠦᠶ᠎ᠡ ᠶᠢᠨ 10 ᠵᠢᠯ ᠤᠨ ᠠᠭᠤᠤ ᠶᠡᠭᠡ ᠬᠤᠪᠢᠰᠤᠯᠲᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠪᠠᠲᠤ ᠡᠵᠡᠮᠳᠡᠨ᠂ ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠣᠨᠣᠯ ᠢ ᠪᠠᠲᠤ ᠡᠵᠡᠮᠳᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠡᠭᠦᠷᠭᠡ ᠬᠠᠷᠢᠭᠤᠴᠠᠯᠭ᠎ᠠ ᠶᠢ ᠪᠠᠲᠤ ᠡᠵᠡᠮᠳᠡᠨ᠂ ᠠᠭᠤᠤ ᠶᠡᠭᠡ ᠥᠪᠡᠷ ᠪᠡᠶ᠎ᠡ ᠶᠢᠨ ᠬᠤᠪᠢᠰᠬᠠᠯ ᠢᠶᠠᠷ ᠠᠭᠤᠤ ᠶᠡᠭᠡ ᠨᠡᠶᠢᠭᠡᠮ ᠤᠨ ᠬᠤᠪᠢᠰᠬᠠᠯ ᠢ ᠬᠥᠲᠥᠯᠥᠨ ᠳᠠᠭᠠᠭᠤᠯᠬᠤ ᠴᠢᠬᠤᠯᠠ ᠱᠠᠭᠠᠷᠳᠠᠯᠭ᠎ᠠ ᠶᠢ ᠪᠠᠲᠤ ᠡᠵᠡᠮᠳᠡᠵᠦ᠂ ᠪᠦᠯᠬᠦᠮᠳᠡᠨ ᠲᠡᠮᠡᠴᠡᠬᠦ ᠴᠠᠭ ᠦᠶ᠎ᠡ ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠲᠡᠭᠦᠨ ᠤ ᠳᠣᠲᠣᠷ᠎ᠠ ᠠᠭᠤᠯᠤᠭᠳᠠᠵᠤ ᠪᠠᠶᠢᠭ᠎ᠠ ᠴᠢᠬᠤᠯᠠ ᠦᠵᠡᠯ ᠰᠠᠨᠠᠭ᠎ᠠ᠂ ᠴᠢᠬᠤᠯᠠ ᠦᠵᠡᠯᠲᠡ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠴᠢᠬᠤᠯᠠ ᠶᠡᠭᠡ ᠠᠷᠭ᠎ᠠ ᠬᠡᠮᠵᠢᠶ᠎ᠡ ᠶᠢ ᠰᠠᠶᠢᠲᠤᠷ ᠣᠶᠢᠯᠠᠭᠠᠨ ᠲᠤᠭᠤᠷᠠᠲᠠᠯ᠎ᠠ ᠮᠡᠳᠡᠵᠤ ᠪᠣᠳᠠᠲᠠᠢ ᠬᠢᠵᠦ᠂ ᠭᠦᠨᠵᠡᠭᠡᠢ ᠰᠤᠷᠴᠤ ᠨᠡᠪᠲᠡᠷᠡᠳᠠᠯ᠎ᠠ ᠣᠶᠢᠯᠠᠭᠠᠨ᠂ ᠦᠭᠡ ᠥᠭᠦᠯᠡᠪᠦᠷᠢ ᠶᠢ ᠨᠢ ᠣᠶᠢᠯᠠᠭᠠᠬᠤ ᠪᠠᠷ ᠪᠠᠷᠠᠬᠤ ᠦᠭᠡᠢ ᠨᠡᠩ ᠴᠤ ᠤᠳᠬ᠎ᠠ ᠰᠠᠨᠠᠭ᠎ᠠ ᠶᠢ ᠨᠢ ᠣᠶᠢᠯᠠᠭᠠᠵᠤ᠂ ᠲᠡᠶᠢᠮᠤ ᠪᠤᠯᠬᠤ ᠶᠢ ᠮᠡᠳᠡᠭᠦ ᠪᠠᠷ ᠪᠠᠷᠠᠬᠤ ᠦᠭᠡᠢ ᠴᠣᠬᠤᠮ ᠶᠠᠭᠠᠬᠢᠭᠠᠳ ᠲᠡᠶᠢᠮᠤ ᠪᠣᠯᠤᠭᠰᠠᠨ  ᠢ ᠮᠡᠳᠡᠭᠦ ᠬᠡᠷᠡᠭᠲᠡᠢ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠨᠠᠮ ᠤᠨ ᠳᠦᠷᠢᠮ ᠪᠣᠯᠣᠨ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠦ ᠂ ᠨᠠᠮ ᠤᠨ ᠠᠵᠢᠯ ᠪᠣᠯᠣᠨ ᠨᠠᠮ ᠤᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨᠴᠢᠯᠠᠯᠲᠠ᠂ ᠳᠦᠷᠢᠮᠵᠢᠯᠲᠡ᠂ ᠵᠢᠷᠦᠮᠵᠢᠯᠲᠡ ᠶᠢᠨ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠬᠦ ᠬᠡᠷᠡᠭᠲᠡᠢ ᠭᠡᠵᠦ ᠬᠡᠯᠡᠪᠡ᠃     

ᠰᠦᠨ ᠱᠤᠤ ᠴᠧᠩ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠠᠩᠬᠠᠳᠤᠭᠠᠷ ᠪᠦᠭᠦᠳᠠ ᠬᠤᠷᠠᠯ ᠠᠴᠠ ᠰᠢᠨ᠎ᠡ ᠨᠢᠭᠡ ᠬᠤᠭᠤᠴᠠᠭᠠᠨ ᠤ ᠲᠥᠪ ᠬᠤᠷᠢᠶᠠᠨ ᠤ ᠤᠳᠤᠷᠢᠳᠬᠤ ᠪᠠᠶᠢᠭᠤᠯᠤᠮᠵᠢ ᠶᠢ ᠰᠣᠩᠭᠤᠨ ᠭᠠᠷᠭᠠᠪᠠ᠃ ᠰᠢ ᠶᠢᠨ ᠫᠢᠩ ᠨᠥᠬᠦᠷ ᠦᠷᠭᠦᠯᠵᠢᠯᠡᠨ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠭᠰᠡᠨ ᠨᠢ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠵᠣᠷᠢᠭ ᠰᠠᠨᠠᠭ᠎ᠠ᠂ ᠬᠠᠮᠲᠤ ᠶᠢᠨ ᠬᠦᠰᠡᠯ ᠡᠷᠡᠮᠡᠯᠵᠡᠯ᠂ ᠬᠠᠮᠲᠤ ᠶᠢᠨ ᠬᠦᠰᠡᠯ ᠰᠠᠨᠠᠭ᠎ᠠ ᠶᠢ ᠭᠦᠢᠴᠡᠳ ᠲᠤᠰᠬᠠᠵᠠᠢ᠂ ᠡᠨᠡ ᠪᠣᠯ ᠲᠡᠦᠬᠡ ᠶᠢᠨ ᠰᠣᠩᠭᠤᠯᠲᠠ᠂ ᠴᠠᠭ ᠦᠶ᠎ᠡ ᠶᠢᠨ ᠤᠷᠢᠶᠠᠯᠠᠭ᠎ᠠ ᠮᠥᠨ᠃ ᠰᠢᠨ᠎ᠡ ᠴᠠᠭ ᠦᠶ᠎ᠡ ᠶᠢᠨ 10 ᠵᠢᠯ ᠤᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠪᠣᠯᠣᠨ ᠲᠡᠦᠬᠡᠲᠦ ᠴᠢᠨᠠᠷᠲᠠᠢ ᠬᠤᠪᠢᠰᠤᠯᠲᠠ ᠶᠢ ᠶᠡᠷᠦᠩᠬᠡᠢ ᠱᠦᠵᠢ ᠰᠢ ᠶᠢᠨ ᠫᠢᠩ ᠪᠢᠳᠠᠨ ᠢ ᠳᠠᠭᠠᠭᠤᠯᠤᠨ ᠴᠢᠷᠮᠠᠶᠢᠵᠤ᠂ ᠠᠵᠢᠯᠯᠠᠵᠤ᠂ ᠲᠡᠮᠡᠴᠡᠵᠦ ᠪᠠᠶᠢᠭᠠᠳ ᠣᠯᠣᠭᠰᠠᠨ ᠶᠤᠮ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠢᠳᠡᠨ ᠢ ᠵᠢᠯᠤᠭᠤᠳᠴᠤ ᠪᠠᠶᠢᠭᠠᠳ ᠣᠯᠣᠭᠰᠠᠨ ᠶᠤᠮ᠃ 《 ᠬᠤᠶᠠᠷ ᠢ ᠲᠣᠭᠲᠠᠭᠠᠭᠰᠠᠨ 》 ᠨᠢ ᠨᠢᠭᠡᠨᠲᠡ ᠰᠢᠨ᠎ᠡ ᠴᠠᠭ ᠦᠶ᠎ᠡ ᠶᠢᠨ ᠠᠭᠤᠤ ᠶᠡᠭᠡ ᠠᠶᠠᠨ ᠵᠠᠮ ᠳᠤ ᠪᠢᠴᠢᠭᠯᠡᠭᠳᠡᠵᠦ᠂ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠬᠢᠯ ᠳᠤ ᠪᠢᠴᠢᠭᠯᠡᠭᠳᠡᠵᠦ᠂ ᠮᠠᠨ ᠤ ᠨᠠᠮ ᠤᠨ ᠠᠯᠢᠪᠠ ᠲᠣᠭᠲᠠᠪᠤᠷᠢ ᠦᠭᠡᠢ ᠴᠢᠨᠠᠷ ᠢ ᠠᠷᠭᠠᠴᠠᠬᠤ ᠬᠠᠮᠤᠭ ᠤᠨ ᠶᠡᠭᠡ ᠲᠣᠬᠲᠠᠭᠠᠯᠲᠤ ᠴᠢᠨᠠᠷ᠂ ᠬᠠᠮᠤᠭ ᠤᠨ ᠶᠡᠭᠡ ᠢᠳᠡ ᠬᠦᠴᠦᠨ᠂ ᠬᠠᠮᠤᠭ ᠤᠨ ᠶᠡᠭᠡ ᠪᠠᠲᠤᠯᠠᠭ᠎ᠠ ᠪᠣᠯᠪᠠ᠃ ᠪᠦᠭᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠣᠯᠠᠨ ᠨᠠᠮ ᠤᠨ ᠭᠡᠰᠢᠭᠦᠨ 《 ᠬᠤᠶᠠᠷ ᠢ ᠲᠣᠭᠲᠠᠭᠠᠭᠰᠠᠨ 》 ᠢ ᠨᠠᠩ ᠡᠷᠡᠰ ᠪᠠᠲᠤ ᠤᠬᠠᠮᠰᠠᠷ ᠠᠴᠠ ᠪᠠᠨ ᠬᠦᠷᠢᠶᠡᠯᠡᠵᠦ᠂ 《 ᠳᠥᠷᠪᠡᠨ ᠤᠬᠠᠮᠰᠠᠷ 》 ᠢᠶᠠᠨ ᠤᠯᠠᠮ ᠨᠢᠭᠡ ᠠᠯᠬᠤᠮ ᠴᠢᠩᠭᠠᠳᠬᠠᠨ᠂ 《 ᠳᠥᠷᠪᠡᠨ ᠢᠲᠡᠭᠡᠯ 》 ᠢᠶᠠᠨ ᠪᠠᠲᠤᠳᠬᠠᠵᠤ᠂ 《 ᠬᠤᠶᠠᠷ ᠢ ᠬᠠᠮᠠᠭᠠᠯᠠᠬᠤ 》 ᠶᠢ ᠪᠡᠶᠡᠯᠡᠭᠦᠯᠵᠦ᠂ ᠶᠡᠷᠦᠩᠬᠡᠢ ᠱᠦᠵᠢ ᠶᠢᠨ ᠲᠣᠭᠤᠷᠢᠨ ᠳᠤ 《 ᠬᠠᠲᠠᠭᠤ ᠪᠠᠬᠢ ᠪᠣᠯᠣᠳ ᠲᠡᠮᠦᠷ 》 ᠮᠡᠲᠦ ᠪᠦᠯᠬᠦᠮᠳᠡᠵᠦ᠂ ᠶᠡᠷᠦᠩᠬᠡᠢ ᠱᠦᠵᠢ ᠶᠢᠨ ᠡᠭᠦᠳᠦᠨ ᠪᠦᠲᠦᠭᠡᠭᠰᠡᠨ ᠲᠡᠦᠬᠡ ᠶᠢᠨ ᠰᠢᠨ᠎ᠡ ᠠᠭᠤᠤ ᠦᠢᠯᠡᠰ ᠢ ᠴᠢᠩᠭ᠎ᠠ ᠳᠠᠭᠠᠬᠤ ᠬᠡᠷᠡᠭᠲᠡᠢ ᠭᠡᠵᠦ ᠬᠡᠯᠡᠪᠡ᠃

ᠰᠦᠨ ᠱᠤᠤ ᠴᠧᠩ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠵᠤ᠂ ᠰᠠᠶᠢᠲᠤᠷ  ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠠ ᠲᠡᠷᠢᠭᠦᠨ ᠴᠢᠬᠤᠯᠠ ᠶᠡᠭᠡ ᠶᠠᠪᠤᠳᠠᠯ ᠪᠣᠯᠣᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ  ᠬᠢᠨ ᠳᠠᠷᠤᠢ ᠲᠦᠷᠭᠡᠨ ᠬᠥᠳᠡᠯᠦᠯᠴᠡᠵᠦ᠂ ᠰᠤᠷᠤᠯᠴᠠᠯᠭ᠎ᠠ ᠪᠣᠯᠪᠠᠰᠤᠷᠠᠯ᠂ ᠤᠬᠠᠭᠤᠯᠤᠨ ᠲᠠᠶᠢᠯᠪᠤᠷᠢᠯᠠᠬᠤ ᠵᠡᠷᠭᠡ ᠠᠵᠢᠯ ᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠥᠷᠨᠢᠭᠦᠯᠵᠦ᠂ ᠦᠳᠲᠡᠷ ᠲᠦᠷᠭᠡᠨ ᠥᠷᠨᠢᠯᠲᠡ ᠭᠠᠷᠭᠠᠨ᠂ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠥᠮᠥᠰ ᠤᠨ ᠰᠡᠳᠬᠢᠯ ᠳᠤ ᠬᠠᠳᠠᠩᠰᠢᠭᠤᠯᠵᠤ ᠂ ᠳᠠᠶᠠᠭᠠᠷ ᠢᠶᠠᠨ ᠮᠡᠳᠡᠭᠦ ᠶᠢ ᠠᠬᠢᠭᠤᠯᠬᠤ ᠬᠡᠷᠡᠭᠲᠡᠢ᠃ ᠬᠤᠭᠤᠰᠤᠨ ᠦᠭᠡ ᠶᠠᠷᠢᠬᠤ ᠠᠴᠠ ᠵᠠᠶᠢᠯᠠᠰᠬᠢᠨ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠪᠣᠳᠠᠲᠠᠢ ᠲᠠᠢ ᠨᠢᠭᠲᠠ ᠤᠶᠠᠯᠳᠤᠭᠤᠯᠵᠤ ᠂  ᠨᠠᠶᠢᠳᠠᠪᠤᠷᠢᠵᠢᠭᠤᠯᠬᠤ ᠪᠣᠳᠠᠲᠠᠢ ᠰᠡᠳᠬᠢᠴᠡ ᠪᠠ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠰᠤᠳᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠳᠤ ᠪᠣᠳᠠᠲᠠᠢ ᠦᠷ᠎ᠡ ᠪᠦᠲᠦᠮᠵᠢ ᠣᠯᠬᠤ ᠶᠢ ᠴᠢᠨᠠᠭᠰᠢᠳᠠ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠥᠪᠥᠷ ᠮᠣᠩᠭᠤᠯ ᠳᠤ ᠦᠨᠡᠨ ᠬᠦ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠢᠷᠡᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ ᠡᠷᠲᠡᠬᠡᠨ ᠲᠥᠯᠥᠪᠵᠢᠭᠦᠯᠵᠦ᠂ ᠬᠠᠷᠠᠯᠲᠠ ᠡᠭᠦᠷᠭᠡ ᠪᠠᠨ ᠨᠠᠷᠢᠯᠢᠭᠵᠢᠭᠤᠯᠤᠨ᠂ ᠠᠵᠢᠯ ᠤᠨ ᠠᠷᠭ᠎ᠠ ᠬᠡᠮᠵᠢᠶ᠎ᠡ  ᠪᠠᠨ ᠪᠣᠳᠠᠲᠠᠶᠢᠵᠢᠭᠤᠯᠵᠤ᠂ ᠲᠥᠷᠥᠯ ᠵᠦᠢᠯ ᠤᠨ ᠨᠥᠭᠡᠴᠡ ᠪᠠᠨ ᠴᠢᠩᠭᠠᠳᠬᠠᠨ᠂ 《 ᠡᠪᠦᠯ ᠤᠨ ᠰᠡᠯᠡᠭᠦᠦ ᠪᠠᠶᠢᠳᠠᠯ 》 ᠢ 《 ᠡᠪᠦᠯ ᠤᠨ ᠶᠠᠭᠠᠷᠠᠤ ᠪᠠᠶᠢᠳᠠᠯ 》 ᠪᠣᠯᠭᠠᠨ ᠬᠤᠪᠢᠷᠠᠭᠤᠯᠵᠤ᠂ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ  ᠨᠠᠶᠢᠳᠠᠪᠤᠷᠢᠵᠢᠭᠤᠯᠬᠤ ᠨᠢᠭᠡᠳᠦᠭᠡᠷ ᠵᠢᠯ ᠤᠨ ᠡᠯ᠎ᠡ ᠵᠦᠢᠯ ᠤᠨ ᠠᠵᠢᠯ ᠳᠤ ᠰᠢᠨ᠎ᠡ ᠳᠦᠷᠰᠦ ᠪᠠᠶᠢᠳᠠᠯ ᠢᠯᠡᠷᠡᠭᠦ ᠶᠢ ᠦᠨᠡᠨ ᠬᠦ ᠪᠠᠲᠤᠯᠠᠬᠤ ᠬᠡᠷᠡᠭᠲᠡᠢ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠬᠥᠮᠥᠵᠢᠭᠦᠯᠦᠨ ᠵᠢᠯᠤᠭᠤᠳᠴᠤ ᠪᠠᠶᠢᠭᠠᠳ 《 ᠭᠤᠷᠪᠠᠨ ᠡᠷᠬᠡᠪᠰᠢ 》 ᠶᠢ ᠦᠢᠯᠡᠳᠦᠯᠭᠡᠵᠢᠭᠦᠯᠦᠨ᠂ 《 ᠭᠤᠷᠪᠠ ᠶᠢ ᠪᠠᠲᠤ ᠴᠡᠭᠡᠵᠢᠯᠡᠬᠦ 》 ᠶᠢ ᠪᠡᠶᠡᠯᠡᠭᠦᠯᠵᠦ᠂ 《 ᠲᠡᠰᠪᠦᠷᠢ ᠬᠠᠲᠠᠭᠤᠵᠢᠯᠲᠠᠢ᠂ ᠴᠤᠴᠠᠯᠲᠠ ᠦᠭᠡᠢ ᠤᠷᠤᠭᠰᠢᠯᠠᠵᠤ᠂ ᠵᠣᠷᠢᠭᠰᠠᠨ ᠳᠠᠭᠠᠨ ᠵᠠᠪᠠᠯ ᠬᠦᠷᠬᠦ 》 ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠰᠠᠶᠢᠲᠤᠷ ᠪᠢᠴᠢᠭᠯᠡᠬᠦ ᠬᠡᠷᠡᠭᠲᠡᠢ ᠭᠡᠵᠦ ᠬᠡᠯᠡᠪᠡ᠃

ᠬᠤᠷᠠᠯ ᠢ ᠸᠢᠳᠢᠤ᠋ ᠭᠡᠯᠪᠡᠷᠢ ᠪᠠᠷ ᠬᠤᠷᠠᠯᠳᠤᠭᠤᠯᠪᠠ᠃

 


   :                    
   :           
备案序号:蒙ICP备05003250号 公安备案15010502000173