ᠵᠤᠬᠢᠶᠠᠭᠴᠢ:
ᠴᠠᠭ:2022-10-28
ᠥᠵᠡᠭᠰᠡᠨ : ℃
ᠢᠷᠡᠯᠲᠡ: ︽ᠦᠪᠦᠷ ᠮᠣᠩᠭᠤᠯ ᠤᠨ ᠡᠳᠦᠷ ᠤᠨ ᠰᠣᠨᠢᠨ︾
ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠪᠦᠭᠦ ᠣᠷᠣᠨ ᠤ ᠤᠳᠤᠷᠢᠳᠬᠤ ᠺᠠᠳ᠋ᠷᠴᠤᠳ ᠤᠨ ᠶᠡᠭᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠪᠠ
2022 10 ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠭᠦ ᠣᠷᠣᠨ ᠤ ᠤᠳᠤᠷᠢᠳᠬᠤ ᠺᠠᠳ᠋ᠷᠴᠤᠳ ᠤᠨ ᠶᠡᠭᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠯᠢ ᠰᠢᠶᠠ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃
ᠸᠠᠩ ᠯᠢ ᠰᠢᠶᠠ᠂ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠤᠭᠰᠠᠨ ᠲᠡᠦᠬᠡᠨ ᠠᠵᠠ ᠲᠣᠭᠢᠶᠠᠯ ᠲᠤᠶᠢᠯ ᠤᠨ ᠵᠠᠩᠭᠢᠯᠠᠭ᠎ᠠ ᠶᠢᠨ ᠪᠠᠶᠢᠵᠤ᠂ ᠡᠭᠦᠷᠭᠡᠯᠡᠵᠦ ᠪᠠᠶᠢᠭ᠎ᠠ ᠡᠭᠦᠷᠭᠡ ᠬᠠᠷᠢᠭᠤᠴᠠᠯᠭ᠎ᠠ ᠲᠤᠶᠢᠯ ᠤᠨ ᠴᠢᠬᠤᠯᠠ᠂ ᠣᠯᠣᠭᠰᠠᠨ ᠤᠯᠤᠰ ᠲᠦᠷᠦ ᠶᠢᠨ ᠦᠷ᠎ᠡ ᠪᠦᠲᠦᠭᠡᠯ ᠲᠤᠶᠢᠯ ᠤᠨ ᠴᠢᠬᠤᠯᠠ ᠶᠤᠮ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠠᠮ ᠢᠶᠠᠨ ᠬᠦᠴᠦᠷᠬᠡᠭᠵᠢᠭᠦᠯᠵᠦ ᠤᠯᠤᠰ ᠢᠶᠠᠨ ᠬᠦᠴᠦᠷᠬᠡᠭᠵᠢᠭᠦᠯᠬᠦ ᠶᠡᠭᠡ ᠦᠢᠯᠡᠰ᠂ ᠦᠨᠳᠦᠰᠦᠲᠡᠨ ᠢᠶᠠᠨ ᠰᠡᠷᠭᠦᠭᠡᠨ ᠮᠠᠨᠳᠤᠭᠤᠯᠬᠤ ᠠᠭᠤᠤ ᠦᠢᠯᠡᠰ ᠤᠨ ᠥᠨᠳᠥᠷᠴᠡ ᠠᠴᠠ ᠶᠡᠭᠡ ᠬᠤᠷᠠᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠯᠤᠭ᠎ᠠ ᠨᠢᠭᠡᠳᠬᠡᠵᠦ᠂ ᠪᠠᠲᠤ ᠴᠢᠩᠭ᠎ᠠ ᠲᠡᠦᠬᠡᠨ ᠡᠭᠦᠷᠭᠡᠲᠦ ᠰᠡᠳᠬᠢᠯᠭᠡ ᠪᠠ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠷ ᠰᠤᠷᠤᠯᠴᠠᠵᠤ ᠤᠬᠠᠭᠤᠯᠤᠨ ᠠᠵᠢᠯ ᠢ ᠰᠠᠶᠢᠲᠤᠷ ᠠᠳᠬᠤᠵᠤ᠂ ᠪᠣᠳᠠᠲᠤ ᠠᠵᠢᠯᠯᠠᠭ᠎ᠠ ᠪᠠᠷ ᠢᠶᠠᠨ 《ᠬᠤᠶᠠᠷ ᠢ ᠲᠣᠭᠲᠠᠭᠠᠭᠰᠠᠨ》 ᠢ ᠬᠦᠷᠢᠶᠡᠯᠡᠵᠦ᠂ 《ᠬᠤᠶᠠᠷ ᠢ ᠬᠠᠮᠠᠭᠠᠯᠠᠬᠤ》 ᠶᠢ ᠪᠡᠶᠡᠯᠡᠭᠦᠯᠬᠦ ᠬᠡᠷᠡᠭᠲᠡᠢ ᠭᠡᠵᠦ ᠬᠡᠯᠡᠪᠡ᠃
ᠸᠠᠩ ᠯᠢ ᠰᠢᠶᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠦᠵᠡᠯ ᠰᠠᠨᠠᠭ᠎ᠠ ᠡᠴᠢᠨ᠎ᠡ ᠭᠦᠨ᠂ ᠥᠷᠭᠡᠨ ᠭᠦᠨᠵᠡᠭᠡᠢ ᠶᠤᠮ᠂ ᠶᠡᠭᠡ ᠬᠤᠷᠠᠯ ᠤᠨ ᠭᠤᠣᠯ ᠰᠡᠳᠦᠪ ᠤᠨ ᠪᠠᠶᠠᠯᠢᠭ ᠠᠭᠤᠯᠤᠭᠳᠠᠬᠤᠨ᠂ ᠠᠭᠤᠤ ᠶᠡᠭᠡ ᠬᠤᠪᠢᠰᠤᠯᠲᠠ ᠶᠢᠨ ᠴᠢᠬᠤᠯᠠ ᠶᠡᠭᠡ ᠠᠴᠢ ᠬᠤᠯᠪᠣᠭᠳᠠᠯ᠂ ᠤᠨᠤᠯ ᠤᠨ ᠦᠷ᠎ᠡ ᠪᠦᠲᠦᠭᠡᠯ ᠤᠨ ᠭᠦᠨᠵᠡᠭᠡᠶᠢᠷᠡᠯ ᠳᠡᠭᠡᠭᠰᠢᠯᠡᠯᠲᠡ᠂ ᠡᠭᠦᠷᠭᠡ ᠬᠠᠷᠢᠭᠤᠴᠠᠯᠭ᠎ᠠ ᠶᠢᠨ ᠰᠢᠰᠲ᠋ᠧᠮ ᠲᠠᠢ ᠲᠣᠳᠣᠷᠬᠠᠶᠢᠯᠠᠯᠲᠠ᠂ ᠬᠠᠷᠠᠯᠲᠠ ᠡᠭᠦᠷᠭᠡ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠪᠣᠯᠣᠨ ᠨᠠᠮ ᠢ ᠬᠠᠮᠢᠶᠠᠷᠴᠤ ᠨᠠᠮ ᠢ ᠵᠠᠰᠠᠬᠤ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠶᠢ ᠬᠢᠨᠠᠮᠠᠭᠠᠢ ᠰᠤᠷᠤᠯᠴᠠᠨ ᠣᠶᠢᠯᠠᠭᠠᠵᠤ᠂ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠷᠢᠨ ᠪᠦᠲᠦᠨ ᠵᠥᠪ ᠣᠨᠣᠪᠴᠢᠲᠠᠢ ᠪᠦᠭᠦ ᠲᠠᠯ᠎ᠠ ᠪᠠᠷ ᠣᠶᠢᠯᠠᠭᠠᠨ ᠡᠵᠡᠮᠰᠢᠵᠦ᠂ ᠰᠠᠶᠢᠲᠤᠷ ᠣᠶᠢᠯᠠᠭᠠᠵᠤ ᠲᠤᠭᠤᠷᠠᠲᠠᠯ᠎ᠠ ᠮᠠᠳᠡᠵᠤ ᠪᠣᠳᠠᠲᠠᠢ ᠬᠢᠬᠦ ᠳᠡᠭᠡᠷ᠎ᠡ ᠲᠠᠰᠤᠷᠠᠯᠳᠠ ᠦᠭᠡᠢ ᠰᠢᠨ᠎ᠡ ᠲᠠᠪᠰᠢᠯᠳᠠ ᠲᠠᠢ ᠪᠤᠯᠬᠤ ᠬᠡᠷᠡᠭᠲᠡᠢ ᠭᠡᠵᠦ ᠬᠡᠯᠡᠪᠡ᠃
ᠸᠠᠩ ᠯᠢ ᠰᠢᠶᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠯᠤᠭ᠎ᠠ ᠰᠢᠰᠲ᠋ᠧᠮ ᠲᠠᠢ ᠣᠨᠣᠴᠠᠲᠠᠢ ᠬᠠᠷᠭᠤᠭᠤᠯᠤᠨ ᠪᠠᠷᠢᠮᠵᠢᠶᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠨᠠᠶᠢᠳᠠᠪᠤᠷᠢᠵᠢᠭᠤᠯᠬᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ᠂ ᠠᠷᠢᠭᠤᠨ ᠴᠢᠬᠡᠴᠢ ᠵᠠᠰᠠᠭ ᠤᠨ ᠣᠷᠳᠣᠨ ᠢ ᠪᠠᠶᠢᠭᠤᠯᠬᠤ ᠰᠡᠳᠬᠢᠴᠡ ᠪᠠ ᠠᠷᠭ᠎ᠠ ᠬᠡᠮᠵᠢᠶ᠎ᠡ ᠶᠢ ᠭᠦᠨᠵᠡᠭᠡᠶᠢᠷᠡᠭᠦᠯᠵᠦ᠂ ᠪᠣᠳᠠᠲᠠᠶᠢᠵᠢᠭᠤᠯᠵᠤ᠂ ᠨᠠᠷᠢᠯᠢᠭᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠣᠪᠣᠶᠢᠮ᠎ᠠ ᠰᠠᠶᠢᠲᠤᠷ ᠠᠳᠬᠤᠵᠤ᠂ ᠠᠵᠤ ᠠᠬᠤᠢ ᠶᠢᠨ ᠡᠷᠭᠢᠯᠲᠡ ᠶᠢ ᠬᠦᠴᠦᠯᠡᠨ ᠲᠣᠭᠲᠠᠪᠤᠷᠢᠵᠢᠭᠤᠯᠵᠤ᠂ ᠵᠢᠯ ᠤᠨ ᠰᠡᠭᠦᠯᠴᠢ ᠶᠢᠨ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠢᠷᠡᠬᠦ ᠵᠢᠯ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠬᠢᠨᠠᠮᠠᠭᠠᠢ ᠲᠥᠯᠥᠪᠵᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠠᠵᠢᠯ ᠳᠤ ᠦᠷ᠎ᠡ ᠪᠦᠲᠦᠭᠡᠯ ᠭᠠᠷᠭᠠᠵᠤ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠬᠡᠯᠡᠪᠡ᠃