ᠵᠤᠬᠢᠶᠠᠭᠴᠢ:
ᠴᠠᠭ:2022-10-28
ᠥᠵᠡᠭᠰᠡᠨ : ℃
ᠢᠷᠡᠯᠲᠡ: ︽ᠦᠪᠦᠷ ᠮᠣᠩᠭᠤᠯ ᠤᠨ ᠡᠳᠦᠷ ᠤᠨ ᠰᠣᠨᠢᠨ︾
ᠰᠦᠨ ᠱᠣᠣ ᠴᠧᠩ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ ᠲᠣᠪᠣᠶᠢᠮ᠎ᠠ ᠠᠰᠠᠭᠤᠳᠠᠯ ᠳᠤ ᠴᠢᠭᠯᠡᠭᠦᠯᠦᠨ ᠪᠣᠳᠠᠲᠠᠢ ᠰᠢᠢᠳᠪᠦᠷᠢᠯᠡᠬᠦ ᠠᠷᠭ᠎ᠠ ᠶᠢ ᠰᠤᠳᠤᠯᠪᠠ ᠸᠠᠩ ᠯᠢ ᠰᠢᠶᠠ ᠬᠤᠷᠠᠯ ᠳᠤ ᠣᠷᠣᠯᠴᠠᠪᠠ
2022 10 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠣᠣ ᠴᠧᠩ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠨᠢᠭᠡᠳ ᠨᠢᠭᠡ ᠪᠠᠷ ᠡᠮᠬᠢᠯᠡᠨ᠂ ᠪᠣᠳᠠᠲᠠᠢ ᠰᠢᠢᠳᠪᠦᠷᠢᠯᠡᠬᠦ ᠠᠷᠭ᠎ᠠ ᠶᠢ ᠨᠢᠭᠡᠳ ᠨᠢᠭᠡ ᠪᠠᠷ ᠰᠤᠳᠤᠯᠤᠨ ᠲᠣᠳᠣᠷᠬᠠᠶᠢᠯᠠᠪᠠ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ᠂ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶᠠᠨ ᠤ ᠳᠡᠳ᠋ ᠳᠠᠷᠤᠭ᠎ᠠ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠥᠪᠥᠷ ᠮᠣᠩᠭᠤᠯ ᠤᠨ ᠠᠵᠢᠯᠯᠠᠬᠤ ᠳᠤᠭᠤᠶᠢᠯᠠᠩ ᠤᠨ ᠳᠠᠷᠤᠭ᠎ᠠ ᠰᠦᠨ ᠶᠠᠩ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ ᠣᠷᠣᠯᠴᠠᠵᠠᠢ᠃
ᠬᠤᠷᠠᠯ ᠠᠴᠠ᠂ ᠮᠠᠨ ᠤ ᠣᠷᠣᠨ ᠳᠤ ᠲᠤᠰ ᠡᠭᠡᠯᠵᠢ ᠶᠢᠨ ᠬᠢᠵᠢᠭ ᠤᠨ ᠪᠠᠶᠢᠳᠠᠯ ᠭᠠᠷᠤᠭᠰᠠᠨ ᠠᠴᠠ ᠨᠠᠭᠠᠰᠢ᠂ ᠤᠯᠤᠰ ᠤᠨ ᠠᠵᠢᠯᠯᠠᠬᠤ ᠳᠤᠭᠤᠶᠢᠯᠠᠩ ᠤᠨ ᠬᠢᠨᠠᠮᠠᠭᠠᠢ ᠵᠢᠯᠣᠭᠤᠳᠤᠯᠭ᠎ᠠ ᠳᠣᠣᠷ᠎ᠠ ᠣᠷᠣᠨ ᠳᠠᠶᠠᠭᠠᠷ ᠢᠶᠠᠨ ᠬᠢᠵᠢᠭ ᠲᠠᠢ ᠲᠡᠮᠡᠴᠡᠬᠦ ᠳᠤ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠵᠤ᠂ ᠵᠣᠬᠢᠬᠤ ᠦᠷ᠎ᠡ ᠪᠦᠲᠦᠮᠵᠢ ᠣᠯᠣᠭᠰᠠᠨ ᠪᠠᠶᠢᠨ᠎ᠠ᠂ ᠭᠡᠪᠡᠴᠦ ᠬᠢᠵᠢᠭ ᠤᠨ ᠪᠠᠶᠢᠳᠠᠯ ᠮᠥᠨ ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠵᠤ᠂ ᠢᠯᠠᠩᠭᠤᠶ᠎ᠠ ᠬᠥᠬᠡᠬᠤᠲᠠ ᠶᠢᠨ ᠪᠠᠶᠢᠳᠠᠯ ᠲᠡᠶᠢᠮᠦ ᠰᠠᠶᠢᠨ ᠪᠢᠰᠢ ᠪᠠᠶᠢᠨ᠎ᠠ᠃ ᠡᠯ᠎ᠡ ᠱᠠᠲᠤᠨ ᠤ ᠬᠢᠨ 《 》 ᠶᠢ ᠪᠠᠷᠢᠮᠲᠠᠯᠠᠨ᠂ ᠬᠥᠳᠡᠯᠭᠡᠵᠦ ᠪᠣᠯᠬᠤ ᠡᠬᠢ ᠪᠠᠶᠠᠯᠢᠭ ᠪᠦᠬᠦᠨ ᠢ ᠬᠥᠳᠡᠯᠭᠡᠵᠦ᠂ ᠪᠣᠳᠠᠲᠤ ᠦᠷ᠎ᠡ ᠪᠦᠲᠦᠮᠵᠢ ᠭᠠᠷᠬᠤᠶᠢᠴᠠ ᠠᠷᠭ᠎ᠠ ᠪᠦᠬᠦᠨ ᠢ ᠠᠪᠴᠤ᠂ ᠪᠦᠬᠦ ᠬᠦᠴᠦᠨ ᠢᠶᠠᠷ ᠢᠶᠠᠨ ᠪᠣᠭᠤᠮᠲᠠ ᠰᠢᠪᠲᠤᠯᠵᠤ᠂ ᠬᠢᠵᠢᠭ ᠤᠨ ᠪᠠᠶᠢᠳᠠᠯ ᠢ ᠠᠷᠢᠯᠭᠠᠬᠤ ᠠᠵᠢᠯ ᠢ ᠲᠦᠷᠭᠡᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠬᠤᠷᠠᠯ ᠠᠴᠠ᠂ ᠪᠦᠬᠦ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠨᠢ ᠬᠥᠬᠡᠬᠤᠲᠠ ᠶᠢᠨ ᠨᠡᠶᠢᠭᠡᠮ ᠳᠡᠭᠡᠷᠡᠬᠢ ᠪᠠ ᠶᠡᠭᠡ ᠳᠡᠭᠡᠳᠦ ᠰᠤᠷᠭᠠᠭᠤᠯᠢ ᠳᠤ ᠪᠠᠶᠢᠨ᠎ᠠ᠂ ᠵᠠᠯᠭᠠᠭᠠᠳ ᠬᠠᠨᠳᠤᠯᠭᠠᠲᠤ ᠴᠢᠨᠠᠷᠲᠠᠢ ᠪᠠᠷ ᠰᠢᠢᠳᠪᠦᠷᠢᠯᠡᠵᠦ᠂ ᠬᠦᠴᠦᠨ ᠢᠶᠠᠨ ᠲᠥᠪᠯᠡᠷᠡᠭᠦᠯᠦᠨ ᠭᠤᠷᠪᠠᠨ ᠡᠭᠡᠯᠵᠢ ᠶᠢᠨ ᠰᠢᠭᠰᠢᠨ ᠪᠠᠶᠢᠴᠠᠭᠠᠯᠲᠠ ᠥᠷᠨᠢᠭᠦᠯᠵᠦ᠂ ᠠᠷᠭ᠎ᠠ ᠴᠢᠨᠠᠷ ᠲᠠᠢ ᠡᠪᠡᠳᠴᠢᠨ ᠤ ᠵᠢᠱᠢᠶ᠎ᠡ ᠶᠢ ᠲᠤᠶᠢᠯᠪᠤᠷᠢᠲᠠᠢ ᠢᠯᠡᠷᠡᠭᠦᠯᠵᠦ᠂ ᠲᠤᠰ ᠰᠠᠷ᠎ᠠ ᠶᠢᠨ ᠰᠡᠭᠦᠯᠴᠢ ᠪᠠᠷ ᠨᠡᠶᠢᠭᠡᠮ ᠳᠡᠭᠡᠷᠡᠬᠢ ᠡᠪᠡᠳᠴᠢᠨ ᠤ ᠵᠢᠱᠢᠶ᠎ᠡ ᠶᠢ ᠪᠦᠷᠢᠮᠦᠰᠦᠨ ᠦᠭᠡᠢ ᠪᠣᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠶᠢᠨ ᠬᠢᠵᠢᠭ ᠢ ᠰᠡᠷᠭᠡᠶᠢᠯᠡᠬᠦ ᠳᠤ 《ᠨᠢᠭᠡ ᠰᠤᠷᠭᠠᠭᠤᠯᠢ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ》 ᠬᠡᠷᠡᠭᠲᠡᠢ᠂ ᠬᠢᠵᠢᠭ ᠤᠨ ᠪᠠᠶᠢᠳᠠᠯ ᠭᠠᠷᠤᠭᠰᠠᠨ ᠦᠭᠡᠢ ᠶᠢ ᠡᠷᠡᠰ ᠪᠢᠲᠡᠭᠦᠮᠵᠢᠯᠡᠨ ᠬᠢᠵᠠᠭᠠᠷᠯᠠᠬᠤ ᠬᠡᠷᠡᠭᠲᠡᠢ︔ ᠨᠢᠭᠡᠨᠲᠡ ᠬᠢᠵᠢᠭ ᠤᠨ ᠪᠠᠶᠢᠳᠠᠯ ᠭᠠᠷᠤᠭᠰᠠᠨ ᠢ ᠰᠢᠨᠵᠢᠯᠡᠬᠦ ᠤᠬᠠᠭᠠᠨᠴᠢ ᠪᠠᠷ ᠲᠤᠰᠠᠭᠠᠷᠯᠠᠵᠤ᠂ ᠴᠠᠭ ᠲᠤᠬᠠᠢ ᠳᠤᠨᠢ ᠠᠪᠤᠷᠠᠨ ᠡᠮᠨᠡᠬᠦ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠶᠢᠨ ᠤᠳᠤᠷᠢᠳᠬᠤ ᠪᠠᠭ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠣᠯᠪᠢᠴᠠᠨ ᠬᠠᠯᠳᠠᠪᠤᠷᠢᠯᠠᠬᠤ ᠪᠠ 《ᠪᠢᠲᠡᠭᠦᠮᠵᠢᠯᠡᠭᠰᠡᠨ ᠭᠤᠭᠴᠤᠭ᠎ᠠ ᠶᠢ ᠡᠪᠳᠡᠬᠦ》 ᠠᠰᠠᠭᠤᠳᠠᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ᠃ ᠨᠠᠰᠤᠵᠢᠯ ᠤᠨ ᠠᠰᠠᠷᠠᠮᠵᠢ᠂ ᠠᠰᠠᠷᠠᠮᠵᠢ ᠶᠢᠨ ᠪᠠᠶᠢᠭᠤᠯᠤᠮᠵᠢ ᠵᠡᠷᠭᠡ ᠲᠠᠯᠠᠪᠤᠷ ᠤᠨ ᠬᠢᠵᠢᠭ ᠢ ᠰᠡᠷᠭᠡᠶᠢᠯᠡᠬᠦ ᠠᠵᠢᠯ ᠢ ᠴᠢᠩᠭᠠᠳᠬᠠᠬᠤ ᠬᠡᠷᠡᠭᠲᠡᠢ᠃ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ᠂ ᠠᠵᠢᠯ ᠤᠨ ᠰᠠᠨᠠᠯ ᠲᠣᠳᠣᠷᠬᠠᠢ ᠪᠣᠯᠤᠭᠰᠠᠨ ᠤ ᠳᠠᠷᠠᠭ᠎ᠠ ᠳᠠᠷᠤᠶᠢᠬᠠᠨ ᠬᠡᠷᠡᠭᠵᠢᠭᠦᠯᠬᠦ ᠬᠡᠷᠡᠭᠲᠡᠢ᠂ ᠲᠠᠲᠠᠭᠠᠯᠵᠠᠵᠤ ᠪᠣᠯᠬᠤ ᠦᠭᠡᠢ᠃ ᠰᠤᠷᠤᠭᠴᠢᠳ ᠤᠨ ᠰᠡᠳᠬᠢᠴᠡ ᠶᠢᠨ ᠵᠢᠯᠣᠭᠤᠳᠤᠯᠭ᠎ᠠ ᠪᠠ ᠬᠠᠯᠠᠮᠵᠢᠯᠠᠯ ᠢ ᠴᠢᠩᠭᠠᠳᠬᠠᠬᠤ ᠬᠡᠷᠡᠭᠲᠡᠢ᠃ ᠲᠤᠰᠠᠭᠠᠷᠯᠠᠭᠳᠠᠭᠰᠠᠨ ᠣᠯᠠᠨ ᠲᠦᠮᠡᠨ ᠢ ᠬᠠᠪᠰᠤᠷᠤᠨ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ ᠥᠭᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠬᠤᠷᠠᠯ ᠠᠴᠠ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠰᠢᠰᠲ᠋ᠧᠮ ᠢ ᠬᠤᠪᠢᠷᠠᠭᠤᠯᠬᠤ ᠦᠭᠡᠢ ᠪᠠᠶᠢᠬᠤ ᠶᠢ ᠪᠠᠲᠤᠯᠠᠨ᠂ ᠬᠤᠯᠪᠣᠭᠳᠠᠯ ᠪᠦᠬᠦᠢ ᠤᠳᠤᠷᠢᠳᠬᠤ ᠨᠥᠬᠦᠳ ᠢ ᠶᠡᠭᠡ ᠳᠡᠭᠡᠳᠦ ᠰᠤᠷᠭᠠᠭᠤᠯᠢ ᠶᠢᠨ ᠡᠮᠦᠨ᠎ᠡ ᠹᠷᠣᠨᠲ ᠲᠤ ᠣᠴᠢᠭᠤᠯᠵᠤ᠂ ᠰᠠᠬᠢᠨ ᠰᠠᠭᠤᠯᠭᠠᠵᠤ᠂ ᠵᠢᠯᠣᠭᠤᠳᠤᠭᠤᠯᠬᠤ ᠬᠡᠷᠡᠭᠲᠡᠢ᠃ ᠵᠠᠷᠢᠮ ᠶᠡᠭᠡ ᠳᠡᠭᠡᠳᠦ ᠰᠤᠷᠭᠠᠭᠤᠯᠢ ᠶᠢᠨ ᠤᠳᠤᠷᠢᠳᠬᠤ ᠪᠠᠭ ᠢ ᠴᠠᠭ ᠲᠤᠬᠠᠢ ᠳᠤᠨᠢ ᠲᠣᠬᠢᠷᠠᠭᠤᠯᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠭᠡ ᠳᠠᠶᠢᠯᠠᠯᠳᠤᠭᠠᠨ ᠶᠡᠭᠡ ᠰᠢᠯᠭᠠᠯᠲᠠ ᠳᠤᠮᠳᠠ ᠺᠠᠳ᠋ᠷ ᠢ ᠢᠯᠭᠠᠨ ᠲᠠᠨᠢᠵᠤ ᠰᠢᠯᠭᠠᠨ ᠪᠠᠶᠢᠴᠠᠭᠠᠬᠤ ᠶᠢ ᠴᠢᠬᠤᠯᠠᠴᠢᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠺᠠᠳ᠋ᠷ ᠢ ᠳᠡᠪᠰᠢᠭᠦᠯᠦᠨ ᠴᠢᠬᠤᠯᠠᠴᠢᠯᠠᠨ ᠬᠡᠷᠡᠭᠯᠡᠵᠦ᠂ ᠬᠠᠷᠢᠭᠤᠴᠠᠯᠭ᠎ᠠ ᠡᠭᠦᠷᠭᠡᠯᠡᠬᠦ ᠦᠭᠡᠢ ᠵᠢᠳᠬᠦᠯ ᠴᠢᠷᠮᠠᠶᠢᠯᠭ᠎ᠠ ᠭᠠᠷᠭᠠᠬᠤ ᠦᠭᠡᠢ ᠺᠠᠳ᠋ᠷ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠡᠯ᠎ᠡ ᠱᠠᠲᠤᠨ ᠤ ᠺᠠᠳ᠋ᠷᠴᠤᠳ ᠪᠦᠯᠬᠦᠮᠳᠡᠨ ᠲᠡᠮᠡᠴᠡᠵᠦ᠂ ᠵᠣᠬᠢᠶᠠᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠢ ᠡᠷᠡᠰ ᠳᠠᠭᠠᠵᠤ᠂ ᠬᠡᠨ ᠤ ᠬᠠᠷᠢᠭᠤᠴᠠᠯᠭ᠎ᠠ ᠪᠣᠯ ᠲᠡᠷᠡ ᠡᠭᠦᠷᠭᠡᠯᠡᠵᠦ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠡᠴᠦᠰ ᠤᠨ ᠢᠯᠠᠯᠲᠠ ᠶᠢ ᠲᠡᠮᠡᠴᠡᠨ ᠣᠯᠬᠤ ᠬᠡᠷᠡᠭᠲᠡᠢ ᠭᠡᠪᠡ᠃