ᠵᠤᠬᠢᠶᠠᠭᠴᠢ:
ᠴᠠᠭ:2022-11-07
ᠥᠵᠡᠭᠰᠡᠨ : ℃
ᠢᠷᠡᠯᠲᠡ: ︽ᠦᠪᠦᠷ ᠮᠣᠩᠭᠤᠯ ᠤᠨ ᠡᠳᠦᠷ ᠤᠨ ᠰᠣᠨᠢᠨ︾
ᠸᠠᠩ ᠯᠢ ᠰᠢᠶᠠ ᠶᠡᠭᠡ ᠳᠡᠭᠡᠳᠦ ᠰᠤᠷᠭᠠᠭᠤᠯᠢ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠪᠠ
2022 11 ᠰᠠᠷ᠎ᠠ 1 ᠤ ᠡᠳᠦᠷ᠂ ᠸᠠᠩ ᠯᠢ ᠰᠢᠶᠠ ᠬᠦᠬᠡᠬᠤᠲᠠ ᠦᠨᠳᠦᠰᠦᠲᠡᠨ ᠤ ᠳᠡᠭᠡᠳᠦ ᠰᠤᠷᠭᠠᠭᠤᠯᠢ᠂ ᠦᠪᠦᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠵᠢᠨᠴᠤᠸᠠᠨ ᠰᠤᠷᠭᠠᠭᠤᠯᠢ ᠶᠢᠨ ᠲᠣᠭᠤᠷᠢᠭ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠦᠢᠯᠡᠰ ᠪᠤᠰᠬᠠᠬᠤ ᠳᠡᠭᠡᠳᠦ ᠰᠤᠷᠭᠠᠭᠤᠯᠢ ᠳᠤ ᠬᠦᠷᠴᠦ᠂ ᠠᠷᠭ᠎ᠠ ᠴᠢᠨᠠᠷᠲᠠᠢ ᠡᠪᠡᠳᠴᠢᠨ ᠤ ᠵᠢᠱᠢᠶ᠎ᠡ ᠶᠢ ᠬᠦᠯᠢᠶᠡᠨ ᠠᠪᠴᠤ ᠡᠮᠨᠡᠨ ᠵᠠᠰᠠᠭᠰᠠᠨ᠂ ᠨᠢᠭᠲᠠ ᠣᠶᠢᠷᠠᠲᠤᠭᠴᠢ ᠶᠢ ᠲᠤᠰᠠᠭᠠᠷᠯᠠᠭᠰᠠᠨ ᠵᠡᠷᠭᠡ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠢᠭᠡᠳ ᠨᠢᠭᠡ ᠪᠠᠷ ᠯᠠᠪᠯᠠᠨ ᠠᠰᠠᠭᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠴᠢᠩᠭ᠎ᠠ ᠵᠢᠭᠠᠨ ᠭᠠᠷᠭᠠᠵᠤ᠂ ᠲᠤᠬᠠᠢ ᠶᠢᠨ ᠲᠠᠯᠠᠪᠤᠷ ᠲᠤ ᠪᠤᠲᠠᠲᠠᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠ ᠱᠠᠭᠠᠷᠳᠠᠯᠭ᠎ᠠ ᠳᠤᠷᠠᠳᠪᠠ᠃ ᠲᠡᠷᠡ᠂ ᠶᠡᠭᠡ ᠳᠡᠭᠡᠳᠦ ᠰᠤᠷᠭᠠᠭᠤᠯᠢ ᠶᠢᠨ ᠤᠳᠤᠷᠢᠳᠬᠤ ᠪᠠᠭ ᠪᠣᠯᠣᠨ ᠠᠵᠢᠯᠯᠠᠬᠤ ᠳᠤᠭᠤᠶᠢᠯᠠᠩ ᠤᠨ ᠬᠢᠨ ᠠᠷᠭ᠎ᠠ ᠪᠦᠬᠦᠨ ᠢ ᠰᠦᠪᠡᠭᠴᠢᠯᠡᠵᠦ᠂ ᠬᠠᠮᠲᠤᠷᠠᠯ ᠬᠦᠴᠦᠨ ᠢ ᠪᠦᠷᠢᠯᠳᠦᠭᠦᠯᠦᠨ᠂ ᠦᠵᠡᠯ ᠰᠠᠨᠠᠭᠠᠨ ᠤ ᠳᠠᠶᠢᠴᠢᠯᠠᠯᠲᠠ ᠪᠣᠯᠣᠨ ᠵᠣᠬᠢᠶᠠᠨ ᠪᠠᠶᠢᠭᠤᠯᠵᠤ ᠳᠠᠶᠢᠴᠢᠯᠠᠬᠤ ᠡᠷᠴᠢᠮ ᠢᠶᠠᠨ ᠴᠢᠩᠭᠠᠷᠠᠭᠤᠯᠵᠤ᠂ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠣᠨᠣᠴᠠᠲᠠᠢ ᠦᠨᠳᠦᠷ ᠪᠦᠲᠦᠮᠵᠢᠲᠡᠢ ᠦᠷᠨᠢᠭᠦᠯᠦᠨ᠂ ᠢᠯᠡᠷᠢᠰᠢᠵᠦ ᠡᠮᠨᠡᠯᠭᠡ ᠠᠴᠠ ᠭᠠᠷᠤᠭᠰᠠᠨ ᠪᠠ ᠲᠤᠰᠠᠭᠠᠷᠯᠠᠯ ᠠᠴᠠ ᠭᠠᠷᠤᠭᠠᠳ ᠰᠤᠷᠭᠠᠭᠤᠯᠢ ᠳᠠᠭᠠᠨ ᠪᠤᠴᠠᠵᠤ ᠢᠷᠡᠭᠰᠡᠨ ᠰᠤᠷᠤᠭᠴᠢ ᠶᠢ ᠲᠦᠷᠦᠯ ᠬᠤᠪᠢᠶᠠᠨ ᠬᠠᠮᠢᠶᠠᠷᠴᠤ᠂ ᠰᠤᠷᠭᠠᠭᠤᠯᠢ ᠶᠢᠨ ᠳᠣᠲᠣᠭᠠᠳᠤ ᠳᠤ ᠡᠪᠡᠳᠴᠢᠨ ᠤ ᠵᠢᠱᠢᠶ᠎ᠡ ᠦᠭᠡᠢ ᠪᠣᠯᠭᠠᠬᠤ ᠬᠠᠷᠠᠯᠲᠠ ᠶᠢ ᠲᠦᠷᠭᠡᠨ ᠪᠡᠶᠡᠯᠡᠭᠦᠯᠬᠦ ᠬᠡᠷᠡᠭᠲᠡᠢ ᠭᠡᠵᠦ ᠬᠡᠯᠡᠪᠡ᠃
ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠣᠣ ᠰᠢᠶᠠᠨ ᠬᠤᠸᠠ ᠬᠠᠮᠲᠤ ᠪᠠᠶᠢᠴᠠᠭᠠᠪᠠ᠃