ᠵᠤᠬᠢᠶᠠᠭᠴᠢ:
ᠴᠠᠭ:2022-11-07
ᠥᠵᠡᠭᠰᠡᠨ : ℃
ᠢᠷᠡᠯᠲᠡ: ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
ᠪᠥᠬᠦ ᠤᠯᠤᠰ ᠤᠨ ᠠᠩᠬᠠᠳᠠᠭᠴᠢ ᠪᠦᠯᠦᠭ ᠨᠡᠶᠢᠭᠡᠮ ᠤᠨ ᠬᠠᠪᠰᠤᠷᠤᠨ ᠲᠡᠳᠬᠦᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠪᠡ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠ ᠢᠯᠢ ᠶᠢᠨ ︽ᠲᠤᠯᠤᠭᠠᠨ ᠬᠤᠯᠪᠣᠭᠠᠯᠠᠯ︾ ᠰᠣᠩᠭᠤᠭᠳᠠᠪᠠ
ᠣᠶᠢᠷ᠎ᠠ ᠳᠤ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠴᠠ ᠠᠩᠬᠠᠳᠠᠭᠴᠢ ᠪᠦᠯᠦᠭ ᠨᠡᠶᠢᠭᠡᠮ ᠤᠨ ᠬᠠᠪᠰᠤᠷᠤᠨ ᠲᠡᠳᠬᠦᠵᠦ ᠶᠠᠳᠠᠭᠤ ᠠᠴᠠ ᠠᠩᠭᠢᠵᠢᠷᠠᠭᠤᠯᠬᠤ ᠬᠦᠴᠢᠷ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠤᠭᠰᠠᠨ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠪᠡ᠃ ᠮᠠᠨ ᠤ ᠣᠷᠣᠨ ᠤ ᠬᠤᠶᠠᠷ ᠬᠡᠷᠡᠭ ᠤᠨ ᠵᠢᠱᠢᠶ᠎ᠡ ᠰᠣᠩᠭᠤᠭᠳᠠᠵᠤ᠂ ᠲᠡᠷᠡ ᠨᠢ ᠲᠣᠰ ᠲᠣᠰ ᠪᠡᠭᠡᠵᠢᠩ ᠥᠪᠥᠷ ᠮᠣᠩᠭᠤᠯ ᠤᠨ ᠭᠠᠷ ᠬᠤᠯᠪᠣᠯᠴᠠᠨ 《ᠬᠤᠶᠠᠷ ᠰᠠᠭᠤᠷᠢᠨ ᠭᠠᠵᠠᠷ》 ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠢᠨ᠎ᠡ ᠬᠠᠭᠤᠳᠠᠰᠤ ᠶᠢ ᠪᠢᠴᠢᠭᠯᠡᠭᠰᠡᠨ ᠪᠠ ᠢᠯᠢ ᠪᠦᠯᠦᠭᠯᠡᠯ ᠤᠨ 《ᠲᠤᠯᠤᠭᠠᠨ ᠬᠤᠯᠪᠣᠭᠠᠯᠠᠯ》 ᠤᠨ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠴᠢᠨᠡᠭᠡᠯᠢᠭᠵᠢᠯ ᠶᠢ ᠠᠬᠢᠭᠤᠯᠤᠭᠰᠠᠨ ᠬᠤᠶᠠᠷ ᠵᠢᠱᠢᠶ᠎ᠡ ᠪᠣᠯᠣᠨ᠎ᠠ᠃
ᠵᠡᠭᠦᠨ ᠪᠠᠷᠠᠭᠤᠨ ᠬᠡᠰᠡᠭ ᠤᠨ ᠬᠠᠮᠵᠢᠯᠴᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠬᠠᠮᠲᠤᠷᠠᠨ 《ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ ᠭᠠᠵᠠᠷ》 ᠪᠠ 《ᠴᠡᠪᠡᠷ ᠡᠨᠧᠷᠭᠢ ᠶᠢᠨ ᠰᠠᠭᠤᠷᠢᠨ ᠭᠠᠵᠠᠷ》 ᠢ ᠪᠠᠶᠢᠭᠤᠯᠵᠤ᠂ ᠥᠪᠥᠷ ᠮᠣᠩᠭᠤᠯ ᠤᠨ ᠦᠬᠡᠷ ᠬᠤᠨᠢᠨ ᠮᠢᠬ᠎ᠠ᠂ ᠴᠠᠬᠢᠯᠭᠠᠨ ᠬᠦᠴᠦ ᠵᠡᠷᠭᠡ ᠶᠢ ᠬᠠᠪᠰᠤᠷᠤᠨ ᠪᠡᠭᠡᠵᠢᠩ ᠤᠨ ᠵᠠᠬ᠎ᠠ ᠳᠡᠯᠭᠡᠭᠦᠷ ᠲᠤ ᠣᠷᠣᠭᠤᠯᠤᠭᠰᠠᠨ ᠪᠠᠶᠢᠨ᠎ᠠ᠃ ᠡᠭᠦᠨ ᠳᠤ ᠨᠡᠶᠢᠲᠡ 89 ᠵᠢᠮᠢᠰ ᠢᠳᠡᠰᠢᠨ ᠨᠣᠭᠤᠭ᠎ᠠ ᠠᠮᠤ ᠲᠣᠰᠣᠨ ᠤ ᠲᠠᠷᠢᠮᠠᠯ ᠤᠨ ᠰᠠᠭᠤᠷᠢᠨ ᠭᠠᠵᠠᠷ᠂ 44 ᠭᠡᠷ ᠤᠨ ᠵᠢᠭᠦᠷᠲᠡᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠪᠠ 25 ᠮᠢᠬ᠎ᠠ ᠰᠦ ᠠᠮᠤ ᠪᠣᠯᠪᠠᠰᠤᠷᠠᠭᠤᠯᠬᠤ ᠰᠠᠭᠤᠷᠢᠨ ᠭᠠᠵᠠᠷ ᠢ ᠪᠠᠶᠢᠭᠤᠯᠵᠤ᠂ ᠰᠢᠯᠢ ᠶᠢᠨ ᠭᠤᠣᠯ ᠤᠨ ᠬᠤᠨᠢᠨ ᠮᠢᠬ᠎ᠠ᠂ ᠤᠯᠠᠭᠠᠨᠬᠠᠳᠠ ᠶᠢᠨ ᠠᠮᠤ᠂ ᠬᠢᠩᠭᠠᠨ ᠠᠶᠢᠮᠠᠭ ᠤᠨ ᠲᠤᠲᠤᠷᠭ᠎ᠠ ᠵᠡᠷᠭᠡ ᠣᠯᠠᠨ ᠣᠯᠠᠨ ᠨᠠᠷᠠᠲᠤ ᠰᠢᠯᠢᠳᠡᠭ ᠲᠥᠷᠥᠯ ᠲᠡᠮᠳᠡᠭᠲᠦ ᠶᠢ ᠬᠠᠪᠰᠤᠷᠤᠨ ᠪᠣᠶ ᠪᠣᠯᠭᠠᠵᠤ᠂ 2021 ᠣᠨ ᠳᠤ ᠪᠡᠭᠡᠵᠢᠩ ᠬᠤᠲᠠ ᠶᠢᠨ ᠬᠤᠳᠠᠯᠳᠤᠨ ᠠᠪᠤᠭᠰᠠᠨ ᠪᠠ ᠪᠣᠷᠣᠯᠠᠭᠤᠯᠤᠭᠰᠠᠨ ᠥᠪᠥᠷ ᠮᠣᠩᠭᠤᠯ ᠤᠨ ᠲᠠᠷᠢᠶᠠᠯᠠᠩ ᠠᠵᠤ ᠠᠬᠤᠢ ᠶᠢᠨ ᠪᠦᠲᠦᠭᠡᠭᠳᠡᠬᠦᠨ 101 ᠳ᠋ᠦᠩᠰᠢᠭᠤᠷ ᠲᠥᠭᠦᠷᠢᠭ ᠢ ᠳᠠᠪᠠᠪᠠ᠃ ᠪᠡᠭᠡᠵᠢᠩ ᠤᠨ ᠨᠢᠭᠡ ᠪᠦᠯᠦᠭ ᠲᠣᠮᠣ ᠬᠡᠯᠪᠡᠷᠢ ᠶᠢᠨ ᠡᠨᠧᠷᠭᠢ ᠶᠢᠨ ᠠᠵᠤ ᠠᠬᠤᠶᠢᠯᠠᠯ ᠨᠢ ᠥᠪᠥᠷ ᠮᠣᠩᠭᠤᠯ ᠳᠤ ᠰᠠᠭᠤᠷᠢᠰᠢᠵᠤ᠂ ᠶᠡᠷᠦᠩᠬᠡᠢ ᠪᠡᠯᠡ ᠣᠷᠣᠭᠤᠯᠤᠯᠲᠠ ᠨᠢ 1500 ᠳ᠋ᠦᠩᠰᠢᠭᠤᠷ ᠲᠥᠭᠦᠷᠢᠭ ᠢ ᠳᠠᠪᠠᠵᠤ᠂ ᠵᠢᠯ ᠤᠨ ᠶᠡᠷᠦᠩᠬᠡᠢ ᠴᠠᠬᠢᠯᠭᠠᠨ ᠭᠠᠷᠭᠠᠬᠤ ᠬᠡᠮᠵᠢᠶ᠎ᠡ ᠨᠢ 7600 ᠲᠦᠮᠡᠨ ᠺᠢᠯᠣᠸᠠᠲ ᠲᠤ ᠬᠦᠷᠴᠦ᠂ ᠪᠡᠭᠡᠵᠢᠩ ᠬᠤᠳᠠ ᠶᠢᠨ 40% ᠠᠴᠠ ᠳᠡᠭᠡᠭᠰᠢᠬᠢ ᠴᠠᠬᠢᠯᠭᠠᠨ ᠬᠦᠴᠦᠨ ᠤ ᠬᠡᠷᠡᠭᠴᠡᠭᠡ ᠶᠢ ᠪᠠᠲᠤᠯᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠢᠨ᠎ᠡ ᠬᠠᠭᠤᠳᠠᠰᠤ ᠶᠢ ᠪᠢᠴᠢᠭᠯᠡᠵᠡᠢ᠃
ᠢᠯᠢ ᠪᠦᠯᠦᠭᠯᠡᠯ ᠠᠴᠠ ᠪᠦᠬᠦ ᠤᠯᠤᠰ ᠤᠨ ᠣᠯᠠᠨ ᠭᠠᠵᠠᠷ ᠲᠤ ᠪᠡᠯᠡ ᠣᠷᠣᠭᠤᠯᠤᠨ ᠣᠳᠣᠬᠢᠴᠢᠯᠠᠭᠰᠠᠨ ᠰᠦ ᠶᠢᠨ ᠠᠵᠤ ᠦᠢᠯᠡᠰ ᠤᠨ ᠰᠦᠷᠦᠭᠵᠢᠯ ᠢ ᠪᠠᠶᠢᠭᠤᠯᠵᠤ᠂ ᠮᠡᠷᠭᠡᠵᠢᠯ᠂ ᠠᠵᠤ ᠦᠢᠯᠡᠰ᠂ ᠮᠥᠩᠭᠦᠨ ᠭᠦᠢᠯᠭᠡᠭᠡ᠂ ᠠᠶᠤᠯ ᠲᠦᠭᠰᠢᠭᠦᠷᠢ᠂ ᠴᠢᠨᠠᠷ ᠰᠠᠶᠢᠲᠠᠢ ᠪᠥᠭᠡᠳ ᠥᠨᠳᠥᠷ ᠤᠨᠠᠯᠲᠠ ᠲᠠᠢ ᠲᠡᠵᠢᠭᠡᠯ ᠡᠪᠡᠰᠦ ᠪᠣᠷᠳᠤᠭ᠎ᠠ᠂ ᠰᠠᠭᠠᠯᠢ ᠶᠢᠨ ᠦᠨᠢᠶ᠎ᠡ ᠶᠢᠨ ᠶᠠᠰᠤ ᠴᠢᠨᠠᠷ ᠢ ᠲᠡᠰ ᠳᠡᠪᠰᠢᠭᠦᠯᠬᠦ᠂ ᠪᠦᠬᠦ ᠲᠠᠯ᠎ᠠ ᠪᠠᠷ ᠵᠣᠬᠢᠴᠠᠭᠤᠯᠤᠨ ᠦᠢᠯᠡᠴᠢᠯᠡᠬᠦ 《ᠳᠣᠯᠣᠭᠠᠨ ᠬᠤᠯᠪᠣᠭᠠᠯᠠᠯ》 ᠶᠢ ᠪᠠᠶᠢᠭᠤᠯᠤᠨ ᠠᠬᠢᠭᠤᠯᠵᠤ᠂ ᠮᠠᠯᠴᠢᠨ ᠲᠠᠷᠢᠶᠠᠴᠢᠨ ᠯᠤᠭ᠎ᠠ ᠠᠰᠢᠭ ᠲᠤᠰᠠ ᠶᠢ ᠬᠠᠮᠲᠤ ᠪᠠᠷ ᠬᠦᠷᠲᠡᠬᠦ᠂ ᠠᠶᠤᠯ ᠲᠦᠭᠰᠢᠭᠦᠷᠢ ᠶᠢ ᠬᠠᠮᠲᠤ ᠪᠠᠷ ᠡᠭᠦᠷᠭᠡᠯᠡᠬᠦ ᠬᠠᠮᠲᠤ ᠶᠢᠨ ᠴᠣᠭᠴᠠ ᠶᠢ ᠪᠠᠶᠢᠭᠤᠯᠵᠤ᠂ ᠠᠵᠤ ᠦᠢᠯᠡᠰ ᠤᠨ ᠬᠡᠯᠬᠢᠶ᠎ᠡ ᠪᠠᠷ ᠴᠢᠳᠠᠪᠤᠷᠢ ᠣᠯᠭᠤᠬᠤ ᠪᠠ ᠬᠥᠳᠡᠭᠡ ᠲᠣᠰᠬᠤᠨ ᠤ ᠴᠢᠳᠠᠪᠤᠷᠢᠲᠠᠨ ᠢ ᠬᠥᠮᠥᠵᠢᠭᠦᠯᠬᠦ ᠪᠠᠷ ᠳᠠᠮᠵᠢᠨ ᠮᠠᠯᠴᠢᠨ ᠲᠠᠷᠢᠶᠠᠴᠢᠨ ᠢ ᠳᠠᠭᠠᠭᠤᠯᠤᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠪᠠ᠃ 2014 ᠣᠨ ᠠᠴᠠ ᠣᠲᠣ ᠪᠣᠯᠲᠠᠯ᠎ᠠ᠂ ᠰᠠᠭᠠᠯᠢ ᠶᠢᠨ ᠮᠥᠩᠭᠦ ᠪᠠᠷᠤᠭ 1450 ᠳ᠋ᠦᠩᠰᠢᠭᠤᠷ ᠲᠥᠭᠦᠷᠢᠭ ᠲᠠᠷᠬᠠᠭᠠᠵᠤ᠂ ᠬᠤᠷᠰᠢᠭᠰᠠᠨ ᠮᠠᠯᠵᠢᠯ ᠤᠨ ᠲᠠᠯᠠᠪᠠᠶ ᠶᠢ ᠬᠠᠪᠰᠤᠷᠤᠨ 85 ᠳ᠋ᠦᠩᠰᠢᠭᠤᠷ ᠲᠥᠭᠦᠷᠢᠭ ᠤᠨ ᠣᠷᠣᠯᠭ᠎ᠠ ᠨᠡᠮᠡᠭᠳᠡᠭᠦᠯᠵᠦ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠮᠡᠷᠭᠡᠵᠢᠯ ᠤᠨ ᠰᠦᠯᠵᠢᠶᠡᠨ ᠳᠡᠭᠡᠷᠡᠬᠢ ᠪᠣᠯᠪᠠᠰᠤᠷᠠᠯ ᠢ 466 ᠲᠠᠯᠠᠪᠤᠷ ᠤᠳᠠᠭ᠎ᠠ ᠥᠷᠨᠢᠭᠦᠯᠵᠦ᠂ 21.1 ᠲᠦᠮᠡᠨ ᠬᠥᠮᠥᠨ ᠢ ᠪᠣᠯᠪᠠᠰᠤᠷᠠᠭᠤᠯᠵᠤ᠂ 《ᠮᠡᠷᠭᠡᠵᠢᠯ ᠤᠨ ᠬᠡᠯᠪᠡᠷᠢ》《ᠬᠠᠮᠢᠶᠠᠷᠤᠯᠲᠠ ᠶᠢᠨ ᠬᠡᠯᠪᠡᠷᠢ》 ᠶᠢᠨ ᠮᠠᠯ ᠠᠵᠤ ᠠᠬᠤᠢ ᠶᠢᠨ ᠰᠢᠯᠢᠳᠡᠭ ᠴᠢᠳᠠᠪᠤᠷᠢᠲᠠᠨ ᠢ 3000 ᠭᠠᠷᠤᠢ ᠬᠥᠮᠥᠵᠢᠭᠦᠯᠵᠡᠢ᠃
ᠣᠶᠢᠯᠠᠭᠠᠭᠰᠠᠨ ᠢᠶᠠᠷ᠂ ᠨᠡᠶᠢᠲᠡᠯᠢᠭ ᠬᠡᠷᠡᠭ ᠤᠨ ᠵᠢᠱᠢᠶ᠎ᠡ ᠶᠢ ᠡᠯᠰᠡᠬᠦ ᠠᠵᠢᠯ ᠨᠢ ᠥᠪᠡᠷ ᠢ ᠪᠠᠨ ᠲᠠᠨᠢᠯᠴᠠᠭᠤᠯᠤᠨ ᠮᠡᠳᠡᠭᠦᠯᠬᠦ᠂ ᠬᠡᠷᠡᠭ ᠤᠨ ᠵᠢᠱᠢᠶ᠎ᠡ ᠶᠢ ᠠᠩᠬ᠎ᠠ ᠠᠯᠬᠤᠮ ᠰᠣᠩᠭᠤᠬᠤ᠂ ᠲᠤᠰᠬᠠᠢ ᠮᠡᠷᠭᠡᠵᠢᠯᠲᠡᠨ ᠢᠶᠠᠷ ᠬᠢᠨᠠᠨ ᠲᠣᠭᠲᠠᠭᠠᠯᠭᠠᠬᠤ᠂ ᠲᠤᠬᠠᠢ ᠶᠢᠨ ᠭᠠᠵᠠᠷ ᠲᠤ ᠨᠢ ᠪᠠᠶᠢᠴᠠᠭᠠᠨ ᠰᠤᠳᠤᠯᠤᠯᠲᠠ ᠬᠢᠬᠦ ᠵᠡᠷᠭᠡ ᠪᠠᠷ ᠳᠠᠮᠵᠢᠭᠤᠯᠤᠨ᠂ ᠨᠢᠭᠡᠳᠦᠭᠡᠷ ᠪᠦᠯᠦᠭ ᠤᠨ ᠰᠢᠨ᠎ᠡ ᠶᠢ ᠡᠭᠦᠳᠬᠦ ᠴᠢᠨᠠᠷᠲᠠᠢ᠂ ᠲᠥᠯᠥᠭᠡᠯᠡᠬᠦ ᠴᠢᠨᠠᠷᠲᠠᠢ ᠪᠠ ᠳᠡᠯᠭᠡᠷᠡᠭᠦᠯᠬᠦ ᠴᠢᠨᠠᠷᠲᠠᠢ 36 ᠨᠡᠶᠢᠲᠡᠯᠢᠭ ᠬᠡᠷᠡᠭ ᠤᠨ ᠵᠢᠱᠢᠶ᠎ᠡ ᠶᠢ ᠰᠣᠩᠭᠤᠨ ᠭᠠᠷᠭᠠᠵᠤ᠂ ᠵᠡᠭᠦᠨ ᠪᠠᠷᠠᠭᠤᠨ ᠬᠡᠰᠡᠭ ᠤᠨ ᠬᠠᠮᠵᠢᠯᠴᠠᠭ᠎ᠠ᠂ ᠲᠥᠪ ᠤᠨ ᠨᠢᠭᠡᠴᠢ ᠠᠴᠠ ᠴᠡᠭ ᠲᠣᠭᠲᠠᠭᠠᠨ ᠬᠠᠪᠰᠤᠷᠤᠨ ᠲᠡᠳᠬᠦᠬᠦ᠂ ᠠᠷᠠᠳ ᠡᠴᠡ ᠡᠵᠡᠩᠨᠡᠭᠰᠡᠨ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠵᠡᠷᠭᠡ ᠠᠵᠢᠯ ᠢ ᠬᠠᠮᠤᠷᠴᠤ᠂ ᠰᠢᠨ᠎ᠡ ᠱᠠᠲᠦ ᠦᠶ᠎ᠡ ᠳᠠᠬᠢ ᠮᠠᠨ ᠤ ᠤᠯᠤᠰ ᠤᠨ ᠨᠡᠶᠢᠭᠡᠮ ᠤᠨ ᠬᠠᠪᠰᠤᠷᠤᠨ ᠲᠡᠳᠬᠦᠬᠦ ᠠᠵᠢᠯ ᠤᠨ ᠦᠢᠯᠡᠳᠦᠯᠭᠡ ᠶᠢᠨ ᠦᠷ᠎ᠡ ᠪᠦᠲᠦᠭᠡᠯ ᠪᠠ ᠨᠡᠶᠢᠲᠡᠯᠢᠭ ᠠᠷᠭ᠎ᠠ ᠬᠢᠳᠡᠯ ᠢ ᠢᠯᠡᠷᠡᠭᠦᠯᠪᠡ᠃