ᠵᠤᠬᠢᠶᠠᠭᠴᠢ:
ᠴᠠᠭ:2022-09-02
ᠥᠵᠡᠭᠰᠡᠨ : ℃
ᠢᠷᠡᠯᠲᠡ: 《ᠥᠪᠥᠷ ᠮᠣᠩᠭᠤᠯ ᠤᠨ ᠡᠳᠦᠷ ᠤᠨ ᠰᠣᠨᠢᠨ》 ᠮᠣᠩᠭᠤᠯ ᠰᠦᠯᠵᠢᠶ᠎ᠡ
ᠰᠢ ᠶᠢᠨ ᠫᠢᠩ 2022 ᠣᠨ ᠤ ᠳᠤᠮᠳᠠᠳᠤ ᠤᠯᠤᠰ ᠤᠨ ᠤᠯᠠᠨ ᠤᠯᠤᠰ ᠤᠨ ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ ᠳᠤ ᠪᠠᠶᠠᠷ ᠤᠨ ᠵᠠᠬᠢᠳᠠᠯ ᠢᠯᠡᠭᠡᠪᠡ
2022 8 ᠰᠠᠷ᠎ᠠ ᠶᠢᠨ 31 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ 2022 ᠣᠨ ᠤ ᠳᠤᠮᠳᠠᠳᠤ ᠤᠯᠤᠰ ᠤᠨ ᠣᠯᠠᠨ ᠤᠯᠤᠰ ᠤᠨ ᠦᠶᠯᠡᠴᠢᠯᠡᠭᠡᠨ ᠤ ᠠᠷᠠᠯᠵᠢᠶᠠᠨ ᠤ ᠴᠤᠭᠯᠠᠭᠠᠨ ᠳᠤ ᠪᠠᠶᠠᠷ ᠤᠨ ᠵᠠᠬᠢᠳᠠᠯ ᠢᠯᠡᠭᠡᠪᠡ᠃
ᠰᠢ ᠶᠢᠨ ᠫᠢᠩ᠂ ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ ᠪᠣᠯ ᠳᠤᠮᠳᠠᠳᠤ ᠤᠯᠤᠰ ᠤᠨ ᠨᠡᠬᠡᠬᠡᠯᠳᠡ ᠪᠠᠨ ᠥᠷᠭᠡᠳᠭᠡᠬᠦ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ᠂ ᠰᠢᠨ᠎ᠡ ᠶᠢ ᠡᠭᠦᠳᠬᠦ ᠶᠢ ᠬᠦᠳᠦᠯᠦᠨ ᠳᠠᠭᠠᠭᠤᠯᠬᠤ ᠴᠢᠬᠤᠯᠠ ᠲᠠᠪᠴᠠᠩ ᠮᠥᠨ᠂ ᠪᠦᠬᠦ ᠪᠥᠮᠪᠥᠷᠴᠡᠭ ᠤᠨ ᠦᠢᠯᠡᠴᠢᠯᠡᠭᠡᠨ ᠤ ᠦᠢᠯᠡᠰ ᠪᠣᠯᠤᠨ ᠦᠢᠯᠡᠴᠢᠯᠡᠭᠡᠨ ᠤ ᠠᠷᠠᠯᠵᠢᠶᠠᠨ ᠤ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠳᠤᠮᠳᠠᠳᠤ ᠤᠯᠤᠰ ᠥᠨᠳᠥᠷ ᠲᠦᠪᠰᠢᠨ ᠪᠦᠬᠦᠢ ᠨᠡᠭᠡᠭᠡᠯᠲᠡ ᠪᠠᠷ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠵᠤ᠂ ᠦᠶᠯᠡᠴᠢᠯᠡᠭᠡᠨ ᠤ ᠬᠦᠷᠢᠶᠡᠨ ᠤ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠲᠠᠰᠤᠷᠠᠯᠲᠠ ᠥᠬᠡᠶ ᠠᠭᠤᠵᠢᠭᠤ ᠲᠠᠯᠪᠢᠵᠤ᠂ ᠬᠢᠯᠢ ᠠᠯᠤᠰᠯᠠᠭᠰᠠᠨ ᠦᠶᠯᠡᠴᠢᠯᠡᠭᠡᠨ ᠤ ᠠᠷᠠᠯᠵᠢᠶᠠᠨ ᠤ ᠨᠡᠭᠡᠭᠡᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠭᠠᠳᠠᠭᠠᠳᠤ ᠨᠡᠭᠡᠭᠡᠯᠲᠡ ᠶᠢᠨ ᠲᠠᠪᠴᠠᠩ ᠤᠨ ᠴᠢᠳᠠᠮᠵᠢ ᠶᠢ ᠥᠷᠭᠡᠳᠭᠡᠵᠦ᠂ ᠥᠨᠳᠥᠷ ᠪᠠᠷᠢᠮᠵᠢᠶᠠᠲᠤ ᠦᠶᠯᠡᠴᠢᠯᠡᠭᠡᠨ ᠤ ᠦᠶᠯᠡᠰ ᠤᠨ ᠨᠡᠭᠡᠭᠡᠯᠲᠡ ᠶᠢᠨ ᠲᠦᠷᠢᠮ ᠤᠨ ᠴᠢᠷᠮᠠᠶᠢᠨ ᠪᠠᠶᠢᠭᠤᠯᠵᠠᠢ ᠭᠡᠵᠤ ᠵᠢᠭᠠᠵᠤ ᠭᠠᠷᠭᠠᠵᠠᠢ᠃
ᠰᠢ ᠶᠢᠨ ᠫᠢᠩ᠂ ᠳᠤᠮᠳᠠᠳᠤ ᠤᠯᠤᠰ ᠳᠤᠷᠠᠲᠠᠶ᠎ᠠ ᠳᠡᠯᠡᠬᠡᠢ ᠶᠢᠨ ᠡᠯ᠎ᠡ ᠤᠯᠤᠰ ᠲᠠᠢ ᠬᠠᠮᠲᠤ ᠪᠠᠷ᠂ ᠵᠢᠩᠬᠢᠨᠢ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠲᠦᠭᠡᠮᠡᠯ ᠠᠰᠢᠭ ᠬᠦᠷᠲᠡᠭᠡᠬᠦ ᠪᠠᠭᠲᠠᠭᠠᠮᠵᠢᠲᠠᠢ ᠪᠠᠶᠢᠬᠤ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠬᠦ ᠶᠢ ᠪᠠᠷᠢᠮᠲᠠᠯᠠᠵᠤ᠂ ᠭᠠᠷ ᠬᠤᠯᠪᠣᠯᠴᠠᠨ ᠨᠡᠭᠡᠭᠡᠯᠳᠠ ᠲᠠᠢ ᠬᠠᠮᠲᠤ ᠪᠠᠷ ᠡᠳ᠋ᠯᠡᠬᠦ ᠦᠢᠯᠡᠴᠢᠯᠡᠭᠡᠨ ᠤ ᠠᠵᠤ ᠠᠬᠤᠢ ᠶᠢ ᠬᠠᠮᠳᠦ ᠪᠠᠷ ᠠᠬᠢᠭᠤᠯᠵᠤ᠂ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠬᠥᠭᠵᠢᠯᠲᠡ ᠳᠤ ᠬᠥᠳᠡᠯᠭᠡᠬᠦ ᠬᠦᠴᠦᠨ ᠨᠡᠮᠡᠷᠢᠯᠡᠨ᠎ᠡ ᠭᠡᠵᠤ ᠴᠢᠬᠤᠯᠠᠴᠢᠯᠠᠵᠠᠢ᠃
2022 ᠣᠨ ᠤ ᠳᠤᠮᠳᠠᠳᠤ ᠤᠯᠤᠰ ᠤᠨ ᠣᠯᠠᠨ ᠤᠯᠤᠰ ᠤᠨ ᠦᠶᠯᠡᠴᠢᠯᠡᠭᠡᠨ ᠤ ᠠᠷᠠᠯᠵᠢᠶᠠᠨ ᠤ ᠴᠤᠭᠯᠠᠭᠠᠨ 8 ᠰᠠᠷ᠎ᠠ ᠶᠢᠨ 31 ᠤ ᠡᠳᠦᠷ ᠠᠴᠠ 9 ᠰᠠᠷ᠎ᠠ ᠶᠢᠨ 5 ᠤ ᠡᠳᠦᠷ ᠪᠣᠯᠲᠠᠯ᠎ᠠ ᠪᠡᠭᠡᠵᠢᠩ ᠳᠤ ᠶᠠᠪᠤᠭᠳᠠᠨ᠎ᠠ᠂ 《ᠦᠶᠯᠡᠴᠢᠯᠡᠭᠡᠨ ᠤ ᠬᠠᠮᠲᠤᠷᠠᠯᠴᠠᠭ᠎ᠠ ᠪᠠᠷ ᠬᠥᠭᠵᠢᠯᠲᠡ ᠶᠢ ᠠᠬᠢᠭᠤᠯᠵᠤ ᠪᠣᠬᠢᠷᠲᠤᠯ ᠥᠬᠡᠶ ᠰᠢᠨ᠎ᠡ ᠶᠢ ᠡᠭᠦᠳᠬᠦ ᠪᠠᠷ ᠢᠷᠡᠭᠡᠳᠦᠶ ᠶᠢ ᠤᠭᠲᠤᠶ᠎ᠠ》 ᠭᠡᠬᠦ ᠭᠤᠤᠯ ᠰᠡᠳᠦᠪ ᠲᠠᠢ ᠪᠠᠶᠢᠵᠤ᠂ ᠬᠤᠳᠠᠯᠳᠤᠭᠠᠨ ᠤ ᠶᠠᠪᠤᠳᠠᠯ ᠤᠨ ᠶᠠᠮᠤᠨ ᠪᠣᠯᠤᠨ ᠪᠡᠭᠡᠵᠢᠩ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠮᠲᠤ ᠪᠠᠷ ᠭᠤᠤᠯᠯᠠᠨ ᠡᠷᠭᠢᠯᠡᠪᠡ᠃