ᠵᠤᠬᠢᠶᠠᠭᠴᠢ:
ᠴᠠᠭ:2022-09-02
ᠥᠵᠡᠭᠰᠡᠨ : ℃
ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ》 ᠮᠣᠩᠭᠤᠯ ᠰᠦᠯᠵᠢᠶ᠎ᠡ
ᠪᠦᠬᠦ ᠣᠷᠣᠨ ᠤ ᠠᠵᠢᠯ ᠣᠯᠭᠤᠯᠳᠠ ᠶᠢᠨ ᠠᠵᠢᠯ ᠤᠨ ᠲᠧᠯᠸᠢᠰ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠥᠬᠦᠳᠡ ᠬᠤᠷᠠᠯ ᠬᠤᠷᠠᠯᠳᠤᠪᠠ ᠴᠢ᠊ ᠪᠠᠲᠤ ᠶᠠᠷᠢᠶ᠎ᠠ ᠲᠠᠯᠪᠢᠵᠠᠢ
2022 9 ᠰᠠᠷ᠎ᠠ ᠶᠢᠨ 2 ᠤᠨ ᠡᠳᠦᠷ᠂ ᠪᠦᠬᠦ ᠣᠷᠣᠨ ᠤ ᠠᠵᠢᠯ ᠣᠯᠭᠤᠯᠲᠠ ᠶᠢᠨ ᠠᠵᠢᠯ ᠤᠨ ᠲᠧᠯᠸᠢᠰ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠬᠦᠳᠠ ᠬᠤᠷᠠᠯ ᠬᠥᠬᠡᠬᠤᠲᠠ ᠳᠤ ᠬᠤᠷᠠᠯᠳᠤᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠠᠵᠢᠯ ᠣᠯᠭᠤᠯᠲᠠ ᠶᠢ ᠪᠠᠲᠤᠯᠠᠬᠤ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠂ ᠪᠦᠬᠦ ᠤᠯᠤᠰ ᠤᠨ ᠠᠵᠢᠯ ᠣᠯᠭᠤᠯᠲᠠ ᠶᠢᠨ ᠠᠵᠢᠯ ᠤᠨ ᠲᠧᠯᠸᠢᠰ ᠬᠤᠷᠠᠯ ᠵᠢᠴᠢ ᠲᠦᠷᠦ ᠶᠢᠨ ᠶᠠᠪᠤᠳᠠᠯ ᠤᠨ ᠬᠤᠷᠢᠶᠠᠨ ᠤ ᠠᠵᠢᠯ ᠣᠯᠭᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠣᠳᠣᠬᠠᠨ ᠤ ᠠᠵᠢᠯ ᠣᠯᠭᠤᠯᠲᠠ ᠶᠢᠨ ᠪᠠᠶᠢᠳᠠᠯ ᠢ ᠵᠠᠳᠠᠯᠵᠤ᠂ ᠲᠠᠷᠠᠭᠠᠴᠢ ᠶᠢᠨ ᠠᠵᠢᠯ ᠣᠯᠭᠤᠯᠲᠠ ᠶᠢᠨ ᠠᠵᠢᠯ ᠢ ᠪᠠᠶᠢᠷᠢᠯᠠᠭᠤᠯᠪᠠ᠃
ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠴᠢ᠊ ᠪᠠᠲᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃
ᠴᠢ᠊ ᠪᠠᠲᠤ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠵᠤ ᠠᠵᠢᠯ ᠤᠨ ᠪᠠᠶᠢᠷᠢ ᠶᠢ ᠦᠷᠭᠡᠳᠭᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠪᠤᠳᠠᠳᠠᠶᠢᠵᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ︔ ᠲᠥᠷᠥᠯ ᠬᠤᠪᠢᠶᠠᠨ ᠣᠨᠣᠴᠠᠳᠠᠢ ᠠᠷᠭ᠎ᠠ ᠪᠣᠳᠣᠯᠭ᠎ᠠ ᠬᠡᠷᠡᠭᠵᠢᠭᠦᠯᠵᠦ᠂ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠬᠤᠷᠢᠭ᠎ᠠ ᠱᠤᠭᠤᠮ ᠢ ᠬᠦᠴᠦᠯᠡᠨ ᠪᠠᠲᠤ ᠰᠠᠬᠢᠬᠤ ᠭᠡᠷᠡᠭᠳᠠᠢ︔ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠢᠯ ᠣᠯᠭᠤᠯᠲᠠ ᠶᠢᠨ ᠬᠠᠩᠭᠠᠯᠭ᠎ᠠ ᠪᠠ ᠬᠡᠷᠡᠭᠴᠡᠭᠡ ᠶᠢ ᠨᠡᠩ ᠵᠣᠯᠭᠠᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠭᠡᠷᠡᠭᠳᠠᠢ︔ ᠬᠤᠷᠢᠭ᠎ᠠ ᠱᠤᠭᠤᠮ ᠤᠨ ᠰᠡᠳᠭᠢᠬᠦᠢ ᠪᠠᠨ ᠴᠢᠩᠭᠠᠳᠬᠠᠵᠤ᠂ ᠠᠵᠢᠯ ᠣᠯᠭᠤᠯᠲᠠ ᠶᠢᠨ ᠬᠦᠷᠢᠶᠡᠨ ᠳᠠᠬᠢ ᠠᠶᠤᠯ ᠲᠦᠭᠰᠢᠭᠦᠷᠢ ᠭᠡᠮ ᠰᠣᠭᠤᠭ ᠢ ᠪᠦᠲᠦᠮᠵᠢᠲᠡᠢ ᠰᠡᠷᠭᠡᠶᠢᠯᠡᠨ ᠠᠷᠢᠯᠭᠠᠬᠤ ᠭᠡᠷᠡᠭᠳᠠᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠲᠠᠯ᠎ᠠ ᠶᠢᠨ ᠬᠢᠨ ᠬᠠᠮᠲᠤ ᠪᠠᠷ ᠴᠢᠷᠮᠠᠶᠢᠵᠤ᠂ ᠢᠵᠢᠯ ᠴᠢᠭᠯᠡᠯ ᠢᠶᠠᠷ ᠬᠦᠴᠦᠯᠡᠵᠦ᠂ ᠠᠵᠢᠯ ᠣᠯᠭᠤᠯᠲᠠ ᠶᠢᠨ ᠪᠠᠶᠢᠳᠠᠯ ᠤᠨ ᠦᠷᠭᠦᠯᠵᠢᠯᠡᠨ ᠲᠤᠬᠳᠠᠪᠤᠷᠢᠵᠢᠵᠤ ᠰᠠᠶᠢᠵᠢᠷᠠᠬᠤ ᠶᠢ ᠠᠬᠢᠭᠤᠯᠵᠤ᠂ ᠪᠦᠬᠦ ᠵᠢᠯ ᠤᠨ ᠠᠵᠢᠯ ᠣᠯᠭᠤᠯᠲᠠ ᠶᠢᠨ ᠬᠠᠷᠠᠯᠲᠠ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠵᠦ᠂ ᠪᠣᠳᠠᠲᠤ ᠠᠵᠢᠯᠯᠠᠭ᠎ᠠ ᠪᠣᠯᠤᠨ ᠠᠵᠢᠯ ᠤᠨ ᠦᠷ᠎ᠡ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠳᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠲᠠᠷᠠᠭᠠᠴᠢ ᠶᠢᠨ ᠠᠵᠢᠯ ᠣᠯᠭᠤᠯᠲᠠ ᠶᠢᠨ ᠠᠵᠢᠯ ᠢ ᠪᠣᠳᠠᠲᠠᠶ ᠪᠠᠶᠢᠷᠢᠯᠠᠭᠤᠯᠵᠦ᠂ ᠬᠥᠯᠥᠨ ᠪᠣᠶᠢᠷ ᠬᠤᠲᠠ᠂ ᠬᠢᠩᠭᠠᠨ ᠠᠶᠢᠮᠠᠭ᠂ ᠰᠢᠯᠢ ᠶᠢᠨ ᠭᠤᠤᠯ ᠠᠶᠢᠮᠠᠭ᠂ ᠦᠬᠠᠶ ᠬᠤᠲᠠ ᠵᠡᠷᠭᠡ 4 ᠠᠶᠢᠮᠠᠭ ᠬᠤᠲᠠ ᠲᠣᠰ ᠭᠠᠵᠠᠷ ᠣᠷᠣᠨ ᠤ ᠪᠠᠨ ᠠᠵᠢᠯ ᠣᠯᠭᠤᠵᠤ ᠦᠶᠯᠡᠰ ᠪᠤᠰᠬᠠᠬᠤ ᠠᠵᠢᠯ ᠤᠨ ᠠᠬᠢᠴᠠ ᠶᠢᠨ ᠪᠠᠶᠢᠳᠠᠯ ᠢᠶᠠᠨ ᠬᠠᠷᠢᠭᠤ ᠮᠡᠳᠡᠭᠦᠯᠪᠡ᠃