ᠵᠤᠬᠢᠶᠠᠭᠴᠢ:
ᠴᠠᠭ:2022-09-02
ᠥᠵᠡᠭᠰᠡᠨ : ℃
ᠢᠷᠡᠯᠲᠡ: 《ᠥᠪᠥᠷ ᠮᠣᠩᠭᠤᠯ ᠤᠨ ᠡᠳᠦᠷ ᠤᠨ ᠰᠣᠨᠢᠨ》 ᠮᠣᠩᠭᠤᠯ ᠰᠦᠯᠵᠢᠶ᠎ᠡ
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠬᠤᠷᠢᠶ᠎ᠠ ᠪᠦᠭᠦᠳᠡ ᠬᠤᠷᠠᠯ ᠬᠤᠷᠠᠯᠳᠤᠭᠤᠯᠪᠠ ᠰᠦᠨ ᠱᠣᠣ ᠴᠧᠩ ᠬᠤᠷᠠᠯ ᠢ ᠡᠷᠬᠢᠯᠡᠵᠦ ᠣᠷᠣᠯᠴᠠᠵᠠᠢ
2022 9 ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠬᠤᠷᠢᠶᠠᠨ ᠤ ᠡᠷᠬᠢᠯᠡᠭᠴᠢ ᠰᠦᠨ ᠱᠣᠣ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠬᠤᠷᠢᠶᠠᠨ ᠤ ᠪᠦᠭᠦᠳᠡ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠮᠠᠲ᠋ᠧᠷᠢᠶᠠᠯ ᠢ ᠬᠢᠨᠠᠨ ᠵᠥᠪᠯᠡᠵᠦ᠂ ᠬᠤᠯᠪᠣᠭᠳᠠᠯ ᠪᠦᠬᠦᠢ ᠲᠥᠰᠥᠯ ᠢ ᠵᠥᠪᠰᠢᠶᠡᠷᠡᠵᠦ᠂ ᠬᠤᠯᠪᠣᠭᠳᠠᠯ ᠪᠦᠬᠦᠢ ᠬᠥᠬᠢᠭᠦᠯᠦᠨ ᠰᠠᠶᠢᠰᠢᠶᠠᠬᠤ ᠪᠠ ᠰᠢᠯᠭᠠᠨ ᠦᠨᠡᠯᠡᠬᠦ ᠵᠦᠢᠯᠡᠰ ᠢ ᠰᠤᠳᠤᠯᠵᠤ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃
ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠤᠳᠤᠷᠢᠳᠤᠯᠭ᠎ᠠ ᠂ ᠶᠠᠩ ᠸᠧᠢ ᠳ᠋ᠦᠩ᠂ ᠵᠧᠩ ᠬᠤᠩ ᠹᠠᠨ᠂ ᠳ᠋ᠢᠩ ᠰᠢᠦ ᠹᠧᠩ᠂ ᠬᠤᠸᠠᠩ ᡁᠢ ᠴᠢᠶᠠᠩ᠂ ᠢᠦᠢ ᠯᠢ ᠰᠢᠨ᠂ ᠠᠢ ᠯᠢ ᠬᠤᠸᠠ᠂ ᠪᠣᠣ ᠰᠢᠶᠠᠨ ᠬᠤᠸᠠ᠂ ᠵᠧᠩ ᠭᠤᠸᠠᠩ ᠵᠤᠤ ᠪᠣᠯᠣᠨ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃