ᠵᠤᠬᠢᠶᠠᠭᠴᠢ:
ᠴᠠᠭ:2022-09-02
ᠥᠵᠡᠭᠰᠡᠨ : ℃
ᠢᠷᠡᠯᠲᠡ: 《ᠥᠪᠥᠷ ᠮᠣᠩᠭᠤᠯ ᠤᠨ ᠡᠳᠦᠷ ᠤᠨ ᠰᠣᠨᠢᠨ》 ᠮᠣᠩᠭᠤᠯ ᠰᠦᠯᠵᠢᠶ᠎ᠡ
ᠪᠥᠬᠦ ᠣᠷᠣᠨ ᠤ ᠬᠠᠷᠭᠠᠨ᠎ᠠ ᠶᠢᠨ ᠭᠤᠤᠷᠰᠦ ᠶᠢ ᠳᠡᠭᠰᠢᠯᠡᠵᠦ ᠮᠠᠰᠢᠨ ᠢᠶᠠᠷ ᠬᠤᠷᠢᠶᠠᠬᠤ ᠵᠢᠴᠢ ᠲᠠᠷᠢᠶᠠᠯᠠᠩ ᠤᠨ ᠮᠠᠰᠢᠨ ᠢ ᠳᠡᠯᠭᠡᠷᠡᠭᠦᠯᠬᠦ ︽ᠲᠠᠷᠢᠶᠠᠨ ᠵᠤᠷᠬ᠎ᠠ ᠶᠢᠨ ᠡᠳᠦᠷᠯᠢᠭ︾ ᠤᠨ ᠠᠵᠢᠯᠯᠠᠭ᠎ᠠ ᠶᠠᠪᠤᠭᠳᠠᠪᠠ ᠯᠢ ᠪᠢᠩ ᠷᠦᠩ ᠠᠵᠢᠯᠯᠠᠭ᠎ᠠ ᠳᠤ ᠣᠷᠣᠯᠴᠠᠵᠠᠶ
2022 8 ᠰᠠᠷ᠎ᠠ ᠶᠢᠨ 30 ᠤ ᠡᠳᠦᠷ᠂ ᠪᠥᠬᠦ ᠣᠷᠣᠨ ᠤ ᠬᠠᠷᠭᠠᠨ᠎ᠠ ᠶᠢᠨ ᠭᠤᠤᠷᠰᠦ ᠶᠢ ᠳᠡᠭᠰᠢᠯᠡᠵᠦ ᠮᠠᠰᠢᠨ ᠢᠶᠠᠷ ᠬᠤᠷᠢᠶᠠᠬᠤ ᠵᠢᠴᠢ ᠲᠠᠷᠢᠶᠠᠯᠠᠩ ᠤᠨ ᠮᠠᠰᠢᠨ ᠢ ᠳᠡᠯᠭᠡᠷᠡᠭᠦᠯᠬᠦ 《ᠲᠠᠷᠢᠶᠠᠨ ᠵᠤᠷᠬ᠎ᠠ ᠶᠢᠨ ᠡᠳᠦᠷᠯᠢᠭ》 ᠤᠨ ᠠᠵᠢᠯᠯᠠᠭ᠎ᠠ ᠪᠤᠭᠤᠲᠤ ᠬᠤᠳᠠ ᠶᠢᠨ ᠭᠦᠶᠡᠩ ᠰᠢᠶᠠᠨ ᠳᠤ ᠶᠠᠪᠤᠭᠳᠠᠪᠠ᠃
ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ ᠠᠵᠢᠯᠯᠠᠭ᠎ᠠ ᠳᠤ ᠣᠷᠣᠯᠴᠠᠵᠠᠶ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠷᠭᠠᠨ᠎ᠠ ᠶᠢᠨ ᠭᠤᠤᠷᠰᠦ ᠶᠢ ᠳᠡᠭᠰᠢᠯᠡᠵᠦ ᠬᠤᠷᠢᠶᠠᠬᠤ ᠲᠤᠨᠤᠭᠯᠠᠯ ᠤᠨ ᠪᠠᠲᠤᠯᠠᠭ᠎ᠠ ᠶᠢ ᠴᠢᠩᠭᠠᠳᠬᠠᠵᠤ᠂ ᠪᠥᠬᠦ ᠣᠷᠣᠨ ᠤ ᠬᠠᠷᠭᠠᠨ᠎ᠠ ᠶᠢᠨ ᠠᠵᠤ ᠦᠶᠯᠡᠰ ᠤᠨ ᠬᠥᠭᠵᠢᠯᠲᠡ ᠶᠢ ᠠᠬᠢᠭᠤᠯᠬᠤ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠮᠠᠯᠵᠢᠬᠤ ᠣᠷᠣᠨ ᠤ ᠲᠢᠩᠬᠢᠮ ᠪᠣᠯᠤᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠮᠠᠨ ᠤ ᠣᠷᠣᠨ ᠤ ᠬᠠᠷᠭᠠᠨ᠎ᠠ ᠶᠢᠨ ᠭᠤᠤᠷᠰᠦ ᠶᠢ ᠳᠡᠭᠰᠢᠯᠡᠵᠦ ᠬᠤᠷᠢᠶᠠᠬᠤ ᠪᠣᠳᠠᠲᠤ ᠬᠡᠷᠡᠭᠴᠡᠭᠡ ᠱᠠᠭᠠᠷᠳᠠᠯᠭ᠎ᠠ ᠪᠠ ᠪᠣᠳᠠᠲᠠᠶ ᠪᠠᠶᠢᠳᠠᠯ ᠠᠴᠠ ᠡᠭᠦᠰᠴᠦ᠂ ᠣᠷᠣᠨ ᠤ ᠳᠣᠲᠣᠨ᠎ᠠ ᠭᠠᠳᠠᠨᠠᠬᠢ ᠬᠠᠷᠭᠠᠨ᠎ᠠ ᠶᠢᠨ ᠭᠤᠤᠷᠰᠦ ᠶᠢ ᠳᠡᠭᠰᠢᠯᠡᠵᠦ ᠬᠤᠷᠢᠶᠠᠬᠤ ᠲᠥᠯᠥᠭᠡᠯᠡᠬᠦ ᠴᠢᠨᠠᠷᠲᠠᠶ ᠮᠠᠰᠢᠨ ᠦᠶᠯᠡᠳᠬᠦ ᠠᠵᠤ ᠠᠬᠤᠶᠢᠯᠠᠯ ᠢ ᠨᠠᠷᠢᠨ ᠨᠢᠮᠪᠠᠶ ᠵᠣᠬᠢᠶᠠᠨ ᠪᠠᠶᠢᠭᠤᠯᠵᠤ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠭᠤᠯᠪᠠ᠃
ᠠᠵᠢᠯᠯᠠᠭ᠎ᠠ ᠨᠢ ᠰᠢᠨ᠎ᠡ ᠪᠠᠷ ᠰᠤᠳᠤᠯᠤᠨ ᠦᠶᠯᠡᠳᠦᠭᠰᠡᠨ ᠲᠤᠰᠬᠠᠶ ᠬᠤᠷᠢᠶᠠᠬᠤ ᠮᠠᠰᠢᠨ᠂ ᠤᠯᠠᠮᠵᠢᠯᠠᠯᠲᠤ ᠬᠤᠷᠢᠶᠠᠬᠤ ᠮᠠᠰᠢᠨ᠂ ᠰᠢᠨ᠎ᠡ ᠬᠡᠯᠪᠡᠷᠢ ᠶᠢᠨ ᠬᠤᠷᠢᠶᠠᠬᠤ ᠮᠠᠰᠢᠨ ᠢ ᠬᠠᠷᠢᠴᠠᠭᠤᠯᠤᠨ ᠦᠵᠡᠭᠦᠯᠬᠦ ᠪᠠ ᠲᠤᠰᠬᠠᠶ ᠮᠡᠷᠭᠡᠵᠢᠯᠲᠡᠨ ᠤ ᠲᠤᠬᠠᠶ ᠶᠢᠨ ᠲᠠᠯᠠᠪᠠᠶ ᠳᠤ ᠦᠨᠡᠯᠡᠨ ᠵᠢᠱᠢᠵᠦ ᠰᠢᠯᠭᠠᠨ ᠪᠠᠲᠤᠯᠠᠬᠤ ᠪᠠᠷ ᠳᠠᠮᠵᠢᠭᠤᠯᠤᠨ᠂ ᠡᠯ᠎ᠡ ᠲᠥᠷᠥᠯ ᠤᠨ ᠮᠠᠰᠢᠨ ᠤ ᠣᠨᠴᠠᠯᠢᠭ ᠢ ᠳᠡᠯᠭᠡᠨ ᠦᠵᠡᠭᠦᠯᠵᠦ᠂ ᠬᠠᠷᠭᠠᠨ᠎ᠠ ᠶᠢᠨ ᠭᠤᠤᠷᠰᠦ ᠶᠢ ᠮᠠᠰᠢᠨ ᠮᠧᠬᠠᠨᠢᠭ ᠤᠨ ᠴᠢᠳᠠᠪᠬᠢ ᠶᠢ ᠤᠯᠠᠮ ᠨᠢᠭᠡ ᠠᠯᠬᠤᠮ ᠰᠠᠶᠢᠵᠢᠷᠠᠭᠤᠯᠬᠤ ᠪᠠ ᠵᠠᠩᠭᠢᠯᠠᠭ᠎ᠠ ᠶᠢᠨ ᠲᠣᠨᠣᠭᠯᠠᠭᠠᠰᠤ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠬᠤ ᠳᠤ ᠴᠢᠭᠯᠡᠯ ᠢ ᠲᠣᠳᠣᠷᠬᠠᠶ ᠵᠢᠭᠠᠵᠤ ᠥᠭᠴᠡᠶ᠃
ᠠᠵᠢᠯᠯᠠᠭ᠎ᠠ ᠳᠤᠮᠳᠠ ᠬᠠᠮᠢᠶ᠎ᠠ ᠪᠥᠬᠦᠶ ᠠᠵᠤ ᠠᠬᠤᠶᠢᠯᠠᠯ ᠤᠨ ᠬᠢᠨ ᠲᠣᠰ ᠤᠳᠠᠭᠠᠨ ᠤ ᠦᠵᠡᠭᠦᠯᠭᠡ ᠳᠤ ᠦᠨᠡᠯᠡᠨ ᠵᠢᠱᠢᠯᠲᠡ ᠬᠢᠭᠰᠡᠨ ᠰᠠᠭᠤᠷᠢᠨ ᠳᠡᠭᠡᠷ᠎ᠡ᠂ ᠥᠯᠢᠭᠡᠷ ᠮᠠᠰᠢᠨ ᠤ ᠪᠦᠬᠦᠯᠢ ᠴᠤᠭᠴᠠ ᠶᠢᠨ ᠳᠠᠭᠠᠭᠠᠮᠠᠭᠠᠶ ᠴᠢᠨᠠᠷ ᠤᠨ ᠬᠢᠨᠠᠨ ᠰᠢᠯᠭᠠᠯᠲᠠ ᠪᠠ ᠬᠢᠲᠤᠭᠠᠨ ᠢᠯᠲᠠᠰᠤ ᠶᠢᠨ ᠦᠶᠯᠡᠳᠪᠦᠷᠢᠯᠡᠯ ᠬᠡᠷᠡᠭᠯᠡᠭᠡᠨ ᠤ ᠬᠢᠨᠠᠨ ᠰᠢᠯᠭᠠᠯᠲᠠ ᠶᠢ ᠦᠷᠭᠦᠯᠵᠢᠯᠡᠨ ᠥᠷᠨᠢᠭᠦᠯᠵᠦ᠂ ᠬᠠᠷᠭᠠᠨ᠎ᠠ ᠶᠢᠨ ᠭᠤᠤᠷᠰᠦ ᠶᠢ ᠮᠠᠰᠢᠨ ᠮᠧᠬᠠᠨᠢᠭ ᠵᠢᠴᠢ ᠬᠢᠲᠤᠭᠠᠨ ᠢᠯᠲᠠᠰᠤ ᠶᠢᠨ ᠴᠢᠳᠠᠪᠬᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠮᠠᠨ ᠤ ᠣᠷᠣᠨ ᠤ ᠬᠠᠷᠭᠠᠨ᠎ᠠ ᠶᠢᠨ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ ᠭᠡᠵᠦ ᠢᠯᠡᠳᠭᠡᠵᠡᠭᠡᠪᠡ᠃ ᠣᠶᠢᠯᠠᠭᠠᠭᠰᠠᠨ ᠢᠶᠠᠷ᠂ ᠬᠠᠷᠭᠠᠨ᠎ᠠ ᠶᠢᠨ ᠭᠤᠤᠷᠰᠦ ᠶᠢ ᠳᠡᠭᠰᠢᠯᠡᠵᠦ ᠬᠤᠷᠢᠶᠠᠬᠤ ᠲᠤᠰᠬᠠᠶ ᠮᠠᠰᠢᠨ ᠵᠢᠴᠢ ᠬᠢᠲᠤᠭᠠᠨ ᠢᠯᠲᠠᠰᠤ ᠶᠢᠨ ᠬᠦᠴᠢᠷ ᠠᠰᠠᠭᠤᠳᠠᠯ ᠢ ᠰᠢᠶᠳᠪᠦᠷᠢᠯᠡᠬᠦ ᠶᠢᠨ ᠲᠥᠯᠥᠭᠡ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠤᠲᠤᠭ ᠪᠡᠯᠴᠢᠭᠡᠷ ᠰᠤᠳᠤᠯᠬᠤ ᠭᠠᠵᠠᠷ᠂ ᠳᠤᠮᠳᠠᠳᠤ ᠤᠯᠤᠰ ᠤᠨ ᠲᠠᠷᠢᠶᠠᠯᠠᠩ ᠤᠨ ᠮᠠᠰᠢᠨ ᠤ ᠬᠦᠷᠢᠶᠡᠯᠡᠩ ᠤᠨ ᠬᠥᠬᠡᠬᠤᠲᠠ ᠶᠢᠨ ᠬᠤᠪᠢᠶᠠᠷᠢ ᠬᠦᠷᠢᠶᠡᠯᠡᠩ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠶ ᠲᠦᠷᠦᠯ ᠵᠦᠶᠯ ᠳᠤ ᠲᠦᠰᠢᠭᠯᠡᠨ᠂ ᠬᠠᠷᠭᠠᠨ᠎ᠠ ᠶᠢᠨ ᠭᠤᠤᠷᠰᠦ ᠶᠢ ᠳᠡᠭᠰᠢᠯᠡᠵᠦ ᠬᠤᠷᠢᠶᠠᠬᠤ ᠲᠤᠰᠬᠠᠶ ᠥᠯᠢᠭᠡᠷ ᠮᠠᠰᠢᠨ ᠢ ᠰᠤᠳᠤᠯᠤᠨ ᠦᠶᠯᠡᠳᠦᠭᠰᠡᠨ ᠪᠠᠶᠢᠨ᠎ᠠ᠃ ᠥᠪᠥᠷ ᠮᠣᠩᠭᠤᠯ ᠤᠨ ᠨᠢᠭᠡᠳᠦᠭᠡᠷ ᠮᠠᠰᠢᠨ ᠮᠧᠬᠠᠨᠢᠭ ᠤᠨ ᠪᠦᠯᠦᠭᠯᠡᠯ ᠰᠢᠷᠭᠠᠭᠤ ᠬᠠᠳᠠᠭᠤᠵᠢᠯᠳᠠᠢ ᠰᠤᠳᠤᠯᠤᠨ ᠨᠡᠭᠡᠭᠡᠵᠦ᠂ ᠬᠢᠲᠤᠭᠠᠨ ᠢᠯᠲᠠᠰᠤ ᠶᠢᠨ ᠶᠠᠰᠤ ᠴᠢᠨᠠᠷ ᠤᠨ ᠴᠢᠬᠤᠯᠠ ᠶᠡᠭᠡ ᠰᠢᠪᠲᠤᠯᠤᠯᠲᠠ ᠶᠢ ᠪᠡᠶᠡᠯᠡᠭᠦᠯᠦᠭᠰᠡᠨ ᠪᠥᠭᠡᠳ ᠬᠠᠮᠢᠶ᠎ᠠ ᠪᠥᠬᠦᠶ ᠲᠤᠰᠬᠠᠶ ᠠᠰᠢᠭ ᠤᠨ ᠡᠷᠭᠡ ᠶᠢ ᠭᠤᠶᠤᠴᠢᠯᠠᠨ ᠮᠡᠳᠡᠭᠦᠯᠬᠦ ᠠᠵᠢᠯ ᠢ ᠪᠡᠶᠡᠯᠡᠭᠦᠯᠪᠡ᠃