ᠵᠤᠬᠢᠶᠠᠭᠴᠢ:
ᠴᠠᠭ:2022-09-02
ᠥᠵᠡᠭᠰᠡᠨ : ℃
ᠢᠷᠡᠯᠲᠡ: 《ᠥᠪᠥᠷ ᠮᠣᠩᠭᠤᠯ ᠤᠨ ᠡᠳᠦᠷ ᠤᠨ ᠰᠣᠨᠢᠨ》 ᠮᠣᠩᠭᠤᠯ ᠰᠦᠯᠵᠢᠶ᠎ᠡ
ᠠᠷᠪᠠ ᠶᠢᠰᠦᠲᠦᠭᠡᠷ ᠬᠤᠭᠤᠴᠠᠭᠠᠨ ᠤ ᠲᠣᠮᠲᠠᠲᠣ ᠣᠯᠣᠰ·ᠦᠪᠦᠷ ᠮᠣᠩᠭᠤᠯ ᠤᠨ ᠲᠠᠯ᠎ᠠ ᠨᠣᠲᠤᠬ ᠤᠨ ᠰᠣᠶᠣᠯ ᠤᠨ ᠨᠠᠶᠢᠷ ᠦᠨᠳᠦᠷᠯᠡᠪᠡ
2022 8 ᠰᠠᠷ᠎ᠠ ᠶᠢᠨ 31 ᠤ ᠣᠷᠣᠢ᠂ ᠠᠷᠪᠠ ᠶᠢᠰᠦᠲᠦᠭᠡᠷ ᠬᠤᠭᠤᠴᠠᠭᠠᠨ ᠤ ᠲᠣᠮᠲᠠᠲᠣ ᠣᠯᠣᠰ· ᠦᠪᠦᠷ ᠮᠣᠩᠭᠤᠯ ᠤᠨ ᠲᠠᠯ᠎ᠠ ᠨᠣᠲᠤᠬ ᠤᠨ ᠰᠣᠶᠣᠯ ᠤᠨ ᠨᠠᠶᠢᠷ ᠤᠨ ᠲᠡᠬᠦᠰᠬᠦ ᠶᠣᠰᠣᠯᠠᠯ ᠵᠢᠴᠢ ᠪᠦᠬᠦ ᠣᠷᠣᠨ ᠤ ᠠᠷᠪᠠᠨ ᠲᠠᠪᠣᠲᠣᠭᠠᠷ ᠬᠤᠭᠤᠴᠠᠭᠠᠨ ᠤ ᠣᠶᠣᠨ ᠤ ᠪᠣᠯᠪᠠᠰᠣᠨ ᠤ ᠪᠠᠶᠢᠭᠤᠯᠣᠯᠲᠠ ᠶᠢᠨ 《ᠲᠠᠪᠣᠨ ᠨᠢᠭᠡ ᠶᠢᠨ ᠢᠨᠵᠧᠨᠧᠷᠢᠩ》 ᠤᠨ ᠱᠠᠩᠨᠠᠯ ᠣᠯᠭᠤᠬᠤ ᠶᠣᠰᠣᠯᠠᠯ ᠦᠪᠦᠷ ᠮᠣᠩᠭᠤᠯ ᠤᠨ ᠣᠷᠠᠯᠢᠬ ᠵᠦᠴᠦᠭᠡ ᠶᠢᠨ ᠬᠦᠷᠢᠶᠡᠯᠡᠩ ᠤᠨ ᠲᠠᠭᠤᠣ ᠬᠦᠭᠵᠢᠮ ᠤᠨ ᠲᠢᠩᠬᠢᠮ ᠳᠤ ᠶᠠᠪᠣᠬᠲᠠᠪᠠ᠃
ᠦᠪᠡᠷᠲᠡᠭᠡᠨ ᠵᠠᠰᠠᠬᠤ ᠣᠷᠣᠨ ᠤ ᠲᠡᠳ᠋ ᠲᠡᠷᠢᠬᠦᠯᠡᠭᠴᠢ ᠴᠢ᠊ ᠪᠠᠲᠣ ᠲᠡᠬᠦᠰᠬᠦ ᠶᠣᠰᠣᠯᠠᠯ ᠵᠢᠴᠢ ᠱᠠᠩᠨᠠᠯ ᠣᠯᠭᠤᠬᠤ ᠶᠣᠰᠣᠯᠠᠯ ᠳᠤ ᠣᠷᠣᠯᠴᠠᠵᠤ᠂ ᠡᠯ᠎ᠡ ᠦᠨᠳᠦᠰᠦᠲᠡᠨ ᠡᠯ᠎ᠡ ᠡᠲᠡᠭᠡᠳ ᠤᠨ ᠣᠯᠠᠨ ᠲᠦᠮᠡᠨ ᠲᠠᠢ ᠬᠠᠮᠲᠣ ᠲᠣᠬᠯᠠᠯᠲᠠ ᠶᠢ ᠰᠤᠨᠢᠷᠬᠠᠪᠠ᠃ ᠲᠡᠬᠦᠰᠬᠦ ᠶᠣᠰᠣᠯᠠᠯ ᠤᠨ ᠦᠳᠡᠰᠢᠯᠡᠭᠡ ᠨᠢ 《ᠦᠪᠦᠷ ᠮᠣᠩᠭᠤᠯ ᠤᠨ ᠮᠠᠬᠲᠠᠭᠠᠯ ᠲᠠᠭᠤᠣ》 ᠪᠠᠷ ᠡᠬᠢᠯᠡᠯᠲᠡ ᠶᠢᠨ ᠬᠦᠰᠢᠭᠡ ᠪᠠᠨ ᠰᠡᠬᠦᠵᠦ᠂ ᠪᠦᠬᠦ ᠣᠷᠣᠨ ᠤ ᠠᠷᠪᠠᠨ ᠲᠠᠪᠣᠲᠣᠭᠠᠷ ᠬᠤᠭᠤᠴᠠᠭᠠᠨ ᠤ ᠣᠶᠣᠨ ᠤ ᠪᠣᠯᠪᠠᠰᠣᠨ ᠤ ᠪᠠᠶᠢᠭᠤᠯᠣᠯᠲᠠ ᠶᠢᠨ 《ᠲᠠᠪᠣᠨ ᠨᠢᠭᠡ ᠶᠢᠨ ᠢᠨᠵᠧᠨᠧᠷᠢᠩ》 ᠤᠨ ᠱᠠᠩᠨᠠᠯ ᠬᠦᠷᠲᠡᠭᠰᠡᠨ ᠲᠣᠬᠯᠠᠯᠲᠠ ᠪᠣᠯᠬᠤ 《ᠴᠠᠭᠠᠨ ᠬᠡᠷᠡᠮ ᠤᠨ ᠣᠩᠰᠢᠭᠤ》 ᠪᠤᠯᠤᠨ ᠲᠣᠰ ᠬᠤᠭᠤᠴᠠᠭᠠᠨ ᠤ ᠲᠠᠯ᠎ᠠ ᠨᠣᠲᠤᠬ ᠤᠨ ᠰᠣᠶᠣᠯ ᠤᠨ ᠨᠠᠶᠢᠷ ᠠᠴᠠ ᠰᠢᠯᠢᠵᠦ ᠰᠣᠩᠭᠤᠬᠰᠠᠨ ᠰᠢᠯᠢᠲᠡᠭ ᠲᠣᠬᠯᠠᠯᠲᠠ ᠪᠣᠯᠬᠤ ᠱᠠᠨ ᠰᠢ ᠵᠦᠴᠦᠭᠡ 《ᠦ᠋ ᠬᠠᠨ ᠳ᠋ᠢᠩ》 ᠵᠡᠷᠭᠡ ᠶᠢ ᠲᠣᠬᠯᠠᠨ ᠦᠵᠡᠬᠦᠯᠵᠦ᠂ 《ᠮᠠᠯᠴᠢᠨ ᠲᠦᠮᠡᠨ ᠡᠪ ᠬᠠᠮᠳᠤ ᠨᠠᠮ ᠢᠶᠠᠨ ᠮᠠᠬᠲᠠᠨ ᠲᠠᠭᠤᠯᠠᠨ᠎ᠠ》 ᠭᠡᠬᠦ ᠲᠠᠭᠤᠣ ᠪᠠᠷ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠯᠠᠭᠤᠨ ᠵᠢᠷᠦᠭᠡᠨ ᠤ ᠬᠠᠶᠢᠷ᠎ᠠ ᠶᠢᠨ ᠣᠶᠠᠩᠭ᠎ᠠ ᠶᠢ ᠬᠠᠩᠬᠢᠨᠠᠭᠤᠯᠵᠦ᠂ 《ᠣᠷᠢᠬᠠᠨ ᠰᠠᠯᠬᠢ ᠢᠯᠪᠢᠬᠦᠶᠠ ᠦᠩᠭᠡ ᠶᠢᠨ ᠴᠡᠴᠡᠭᠡᠰ ᠮᠢᠷᠠᠯᠵᠠᠨ ᠲᠡᠯᠭᠡᠷᠡᠨᠡᠮ》 ᠠᠶ᠎ᠠ ᠲᠠᠭᠤᠣ ᠶᠢᠨ ᠲᠣᠮᠲᠠ ᠦᠨᠳᠦᠷᠯᠡᠭᠰᠨᠨ ᠪᠠᠶᠢᠨ᠎ᠠ᠃
ᠲᠡᠬᠦᠰᠬᠦ ᠶᠣᠰᠣᠯᠠᠯ ᠲᠡᠭᠡᠷ᠎ᠡ᠂ ᠣᠶᠢᠷ᠎ᠠ ᠶᠢᠨ ᠵᠢᠯ ᠠᠴᠠ ᠨᠠᠭᠠᠰᠢᠬᠢ ᠮᠠᠨ ᠤ ᠣᠷᠣᠨ ᠤ ᠰᠣᠷᠲᠠᠯ ᠣᠬᠠᠭᠤᠯᠭ᠎ᠠ ᠦᠵᠡᠯ ᠰᠠᠨᠠᠭ᠎ᠠ ᠰᠣᠶᠣᠯ ᠤᠨ ᠹᠷᠣᠨᠲ ᠠᠴᠠ ᠴᠤᠯᠭᠤᠷᠠᠭᠰᠠᠨ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠬ ᠦᠶ᠎ᠡ ᠶᠢᠨ ᠲᠣᠮᠲᠠᠲᠣ ᠣᠯᠣᠰ ᠤᠨ ᠣᠨᠴᠠᠯᠢᠬ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠲᠣᠯᠭ᠎ᠠ ᠪᠣᠯᠭᠠᠵᠦ᠂ ᠲᠤᠬ ᠲᠡᠮᠲᠡᠭ ᠲᠣᠲᠣᠷᠬᠠᠢ᠂ ᠰᠢᠨ᠎ᠡ ᠬᠦᠮᠦᠨ ᠢ ᠬᠦᠮᠦᠵᠢᠬᠦᠯᠣᠨ᠂ ᠰᠣᠶᠣᠯ ᠢ ᠮᠠᠨᠲᠣᠭᠤᠯᠵᠦ᠂ ᠲᠦᠷᠢ ᠲᠦᠷᠬᠦ ᠱᠣᠭᠤᠵᠦ᠂ ᠲᠣᠮᠲᠠᠲᠣ ᠶᠢᠨ ᠦᠨᠳᠦᠰᠦᠲᠡᠨ ᠤ ᠬᠠᠮᠲᠣ ᠶᠢᠨ ᠴᠣᠬᠴᠠ ᠶᠢᠨ ᠣᠬᠠᠮᠰᠠᠷ ᠢ ᠪᠠᠲᠣ ᠴᠣᠬᠴᠠᠯᠠᠬᠰᠠᠨ ᠰᠢᠯᠢᠲᠡᠭ ᠪᠦᠲᠦᠭᠡᠯ ᠤᠳ ᠲᠤ ᠱᠠᠩᠨᠠᠯ ᠣᠯᠭᠤᠪᠠ᠃ 《ᠮᠣᠷᠢᠲᠣ ᠴᠡᠷᠢᠭ》 ᠪᠠ 《ᠦ᠋ ᠬᠠᠨ ᠳ᠋ᠢᠩ》 ᠵᠡᠷᠭᠡ 11 ᠪᠦᠲᠦᠭᠡᠯ 《ᠲᠠᠪᠣᠨ ᠨᠢᠭᠡ ᠶᠢᠨ ᠢᠨᠵᠧᠨᠧᠷᠢᠩ》 ᠤᠨ ᠰᠢ ᠵᠦᠴᠦᠭᠡ ᠶᠢᠨ ᠱᠠᠩᠨᠠᠯ᠂ 《ᠲᠣᠮᠲᠠᠲᠣ ᠶᠢᠨ ᠡᠮᠴᠢ》 ᠪᠠ 《ᠬᠠᠶᠢᠷ᠎ᠠ ᠶᠢᠨ ᠲᠠᠭᠤᠣ》 ᠵᠡᠷᠭᠡ 6 ᠪᠦᠲᠦᠭᠡᠯ 《ᠲᠠᠪᠣᠨ ᠨᠢᠭᠡ ᠶᠢᠨ ᠢᠨᠵᠧᠨᠧᠷᠢᠩ》 ᠤᠨ ᠺᠢᠨᠣ᠋ ᠶᠢᠨ ᠱᠠᠩᠨᠠᠯ᠂ 《ᠣᠯᠣᠰ ᠤᠨ ᠬᠡᠦᠬᠡᠳ》 ᠪᠠ 《ᠦᠪᠦᠷ ᠮᠣᠩᠭᠤᠯ ᠤᠨ ᠮᠣᠷᠢᠲᠣ ᠴᠡᠷᠢᠭ》 ᠵᠡᠷᠭᠡ 11 ᠪᠦᠲᠦᠭᠡᠯ 《ᠲᠠᠪᠣᠨ ᠨᠢᠭᠡ ᠶᠢᠨ ᠢᠨᠵᠧᠨᠧᠷᠢᠩ》 ᠤᠨ ᠲᠧᠯᠸᠢᠰ ᠵᠦᠴᠦᠭᠡ ᠶᠢᠨ ᠱᠠᠩᠨᠠᠯ᠂ 《ᠡᠵᠢ》 ᠵᠡᠷᠭᠡ 8 ᠪᠦᠲᠦᠭᠡᠯ 《ᠲᠠᠪᠣᠨ ᠨᠢᠭᠡ ᠶᠢᠨ ᠢᠨᠵᠧᠨᠧᠷᠢᠩ》 ᠤᠨ ᠷᠠᠳᠢᠣ᠋ ᠵᠦᠴᠦᠭᠡ ᠶᠢᠨ ᠱᠠᠩᠨᠠᠯ᠂ 《ᠲᠦᠬᠦᠶᠢᠮ᠎ᠡ ᠡᠵᠢ》 ᠵᠡᠷᠭᠡ 13 ᠪᠦᠲᠦᠭᠡᠯ 《ᠲᠠᠪᠣᠨ ᠨᠢᠭᠡ ᠶᠢᠨ ᠢᠨᠵᠧᠨᠧᠷᠢᠩ》 ᠤᠨ ᠲᠠᠭᠤᠣ ᠬᠦᠭᠵᠢᠮ ᠤᠨ ᠱᠠᠩᠨᠠᠯ᠂ 《ᠲᠠᠯ᠎ᠠ ᠨᠣᠲᠤᠬ ᠤᠨ ᠲᠡᠮᠦᠷ ᠬᠡᠦᠬᠡᠨᠴᠣᠳ》 ᠵᠡᠷᠭᠡ 10 ᠪᠦᠲᠦᠭᠡᠯ 《ᠲᠠᠪᠣᠨ ᠨᠢᠭᠡ ᠶᠢᠨ ᠢᠨᠵᠧᠨᠧᠷᠢᠩ》 ᠤᠨ ᠪᠦᠵᠢᠭ ᠤᠨ ᠱᠠᠩᠨᠠᠯ᠂ 《ᠶᠣᠸᠠᠨ ᠯᠦᠩ ᠫᠢᠩ ᠬᠢᠭᠡᠳ ᠬᠢᠩᠭᠠᠨ ᠲᠣᠲᠣᠷᠭ᠎ᠠ》 ᠪᠠ 《ᠴᠠᠭᠠᠨ ᠠᠯᠴᠢᠭᠤᠷ》 ᠵᠡᠷᠭᠡ 17 ᠪᠦᠲᠦᠭᠡᠯ 《ᠲᠠᠪᠣᠨ ᠨᠢᠭᠡ ᠶᠢᠨ ᠢᠨᠵᠧᠨᠧᠷᠢᠩ》 ᠤᠨ ᠨᠣᠮ ᠪᠢᠴᠢᠭ ᠤᠨ ᠱᠠᠩᠨᠠᠯ ᠬᠦᠷᠲᠡᠵᠦ᠂ ᠪᠣᠭᠤᠲᠣ ᠬᠤᠲᠠ ᠶᠢᠨ ᠨᠠᠮ ᠤᠨ ᠬᠤᠷᠢᠶᠠᠨ ᠤ ᠣᠬᠠᠭᠤᠯᠬᠤ ᠬᠡᠯᠲᠡᠰ᠂ ᠬᠦᠬᠡᠬᠤᠲᠠ ᠶᠢᠨ ᠨᠠᠮ ᠤᠨ ᠬᠤᠷᠢᠶᠠᠨ ᠤ ᠣᠬᠠᠭᠤᠯᠬᠤ ᠬᠡᠯᠲᠡᠰ᠂ ᠣᠷᠲᠣᠰ ᠬᠤᠲᠠ ᠶᠢᠨ ᠨᠠᠮ ᠤᠨ ᠬᠤᠷᠢᠶᠠᠨ ᠤ ᠣᠬᠠᠭᠤᠯᠬᠤ ᠬᠡᠯᠲᠡᠰ ᠵᠡᠷᠭᠡ 3 ᠨᠢᠭᠡᠴᠢ 《ᠵᠣᠬᠢᠶᠠᠨ ᠪᠠᠶᠢᠭᠤᠯᠣᠬᠰᠠᠨ ᠠᠵᠢᠯ ᠤᠨ ᠱᠠᠩᠨᠠᠯ》 ᠬᠦᠷᠲᠡᠵᠠᠢ᠃
ᠲᠣᠰ ᠬᠤᠭᠤᠴᠠᠭᠠᠨ ᠤ ᠲᠠᠯ᠎ᠠ ᠨᠣᠲᠤᠬ ᠤᠨ ᠰᠣᠶᠣᠯ ᠤᠨ ᠨᠠᠶᠢᠷ ᠨᠢ ᠲᠣᠮᠲᠠᠲᠣ ᠶᠢᠨ ᠰᠣᠶᠣᠯ ᠤᠨ ᠲᠡᠮᠲᠡᠭ ᠪᠣᠯᠣᠨ ᠲᠣᠮᠲᠠᠲᠣ ᠶᠢᠨ ᠦᠨᠳᠦᠰᠦᠲᠡᠨ ᠤ ᠲᠦᠷᠢ ᠲᠦᠷᠬᠦ ᠶᠢ ᠱᠣᠭᠤᠵᠦ᠂ ᠲᠣᠮᠲᠠᠲᠣ ᠶᠢᠨ ᠦᠨᠳᠦᠰᠦᠲᠡᠨ ᠤ ᠬᠠᠮᠲᠣ ᠶᠢᠨ ᠣᠶᠣᠨ ᠰᠠᠨᠠᠭᠠᠨ ᠤ ᠭᠡᠷ ᠣᠷᠣᠨ ᠢ ᠴᠤᠭᠴᠠᠯᠠᠬᠤ ᠶᠢ ᠠᠬᠢᠭᠤᠯᠵᠦ᠂ ᠲᠣᠮᠲᠠᠲᠣ ᠶᠢᠨ ᠦᠨᠳᠦᠰᠦᠲᠡᠨ ᠤ ᠬᠠᠮᠲᠣ ᠶᠢᠨ ᠴᠣᠬᠴᠠ ᠶᠢᠨ ᠣᠬᠠᠮᠰᠠᠷ ᠢ ᠪᠠᠲᠣ ᠴᠣᠬᠴᠠᠯᠠᠬᠤ ᠪᠠᠷ ᠵᠣᠷᠢᠯᠲᠠ ᠪᠣᠯᠭᠠᠨ᠂ ᠰᠠᠷ᠎ᠠ ᠭᠠᠷᠣᠢ ᠶᠢᠨ ᠬᠤᠭᠤᠴᠠᠭᠠᠨ ᠳᠤ 6 ᠶᠡᠭᠡ ᠬᠡᠰᠡᠭ ᠤᠨ 24 ᠵᠦᠢᠯ ᠤᠨ ᠠᠵᠢᠯᠯᠠᠭ᠎ᠠ ᠶᠢ 38 ᠲᠠᠯᠠᠪᠠᠢ ᠲᠣᠬᠯᠠᠯᠲᠠ ᠪᠠᠷ ᠤᠯᠠᠨ ᠳᠤ ᠂ ᠠᠬᠤᠢ ᠲᠠᠯᠠᠪᠠᠢ ᠳᠤ ᠲᠤᠭᠯᠠᠯᠳᠠ ᠶᠢ ᠬᠦᠮᠦᠨ 1.4 ᠲᠦᠮᠡᠨ ᠬᠦᠮᠦᠨ ᠣᠲᠠᠭ᠎ᠠ ᠳᠤ ᠬᠦᠷᠴᠦ᠂ ᠣᠶᠠᠩᠭ᠎ᠠ ᠲᠠᠭᠤᠣ᠂ ᠣᠲᠠᠰᠣᠲᠣ ᠬᠤᠭᠤᠷ᠂ ᠣᠷᠠᠨ ᠪᠢᠴᠢᠯᠭᠡ᠂ ᠭᠡᠷᠡᠯ ᠵᠢᠷᠤᠬ᠂ ᠰᠢ ᠵᠦᠴᠦᠭᠡ ᠵᠡᠷᠭᠡ ᠣᠷᠠᠯᠢᠬ ᠤᠨ ᠣᠯᠠᠨ ᠲᠦᠷᠦᠯ ᠬᠡᠯᠪᠡᠷᠢ ᠪᠠᠷ ᠰᠢᠨ᠎ᠡ ᠴᠠᠬ ᠦᠶ᠎ᠡ ᠶᠢᠨ ᠭᠤᠣᠯ ᠬᠦᠭ ᠠᠶᠠᠰ ᠢ ᠴᠢᠪᠬᠠᠲᠠᠨ᠂ ᠣᠳᠬ᠎ᠠ ᠣᠷᠠᠯᠢᠬ ᠣᠯᠠᠨ ᠲᠦᠮᠡᠨ ᠳᠤ ᠦᠢᠯᠡᠴᠢᠯᠡᠬᠦ᠂ ᠰᠣᠶᠣᠯ ᠠᠷᠠᠳ ᠲᠤ ᠠᠰᠢᠬ ᠬᠦᠷᠲᠡᠭᠡᠬᠦ ᠶᠢ ᠦᠢᠯᠡᠲᠦᠯᠭᠡᠵᠢᠬᠦᠯᠦᠭᠰᠡᠨ ᠪᠠᠶᠢᠨ᠎ᠠ᠃