ᠵᠤᠬᠢᠶᠠᠭᠴᠢ:
ᠴᠠᠭ:2022-08-19
ᠥᠵᠡᠭᠰᠡᠨ : ℃
ᠢᠷᠡᠯᠲᠡ: 《ᠥᠪᠥᠷ ᠮᠣᠩᠭᠤᠯ ᠤᠨ ᠡᠳᠦᠷ ᠤᠨ ᠰᠣᠨᠢᠨ》
ᠸᠠᠩ ᠯᠢ ᠰᠢᠶᠠ ᠪᠦᠯᠬᠦᠮ ᠲᠠᠭᠠᠭᠤᠯᠤᠨ ᠱᠠᠨᠰᠢ ᠳᠤ ᠰᠣᠶᠣᠯ ᠵᠢᠭᠤᠯᠴᠢᠯᠠᠯ ᠤᠨ ᠠᠵᠤ ᠦᠶᠯᠡᠰ ᠢ ᠰᠢᠨᠵᠢᠯᠡᠨ ᠪᠠᠶᠢᠴᠠᠭᠠᠪᠠ
2022 8 ᠰᠠᠷ᠎ᠠ ᠶᠢᠨ 14 — 15 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠪᠦᠯᠬᠦᠮ ᠲᠠᠭᠠᠭᠤᠯᠤᠨ ᠱᠠᠨᠰᠢ ᠮᠤᠵᠢ ᠳᠤ ᠰᠣᠶᠣᠯ ᠵᠢᠭᠤᠯᠴᠢᠯᠠᠯ ᠤᠨ ᠠᠵᠤ ᠦᠢᠯᠡᠰ ᠢ ᠰᠢᠨᠵᠢᠯᠡᠨ ᠪᠠᠶᠢᠴᠠᠭᠠᠪᠠ᠃
ᠸᠠᠩ ᠯᠢ ᠰᠢᠶᠠ ᠤᠷᠢᠳ ᠬᠤᠵᠢᠳ ᠰᠢ ᠠᠨ ᠬᠤᠳᠠ ᠶᠢᠨ ᠶᠦᠩ ᠰᠢᠩ ᠦᠢᠯᠡᠳᠭᠡᠯ ᠤᠨ ᠭᠠᠵᠠᠷ ᠪᠣᠯᠤᠨ ᠲᠠᠩ ᠹᠧᠩ ᠬᠤᠳᠠ ᠵᠡᠭᠡᠯᠢ ᠶᠢᠨ ᠠᠮᠢᠳᠤᠷᠠᠯ ᠤᠨ ᠵᠡᠭᠡᠯᠢ ᠲᠣᠭᠤᠷᠢᠭ᠂ ᠲᠦᠩᠴᠤᠸᠠᠨ ᠬᠤᠳᠠ ᠶᠢᠨ ᠵᠤᠤ ᠶᠢᠨ ᠵᠢᠵᠢᠭ ᠪᠠᠯᠭᠠᠰᠤ ᠪᠣᠯᠤᠨ ᠴᠧᠨ ᠯᠦ ᠡᠷᠲᠡᠨ ᠤ ᠪᠠᠯᠭᠠᠰᠤᠨ ᠳᠤ ᠬᠦᠷᠴᠦ᠂ ᠵᠢᠭᠤᠯᠴᠢᠯᠠᠯ ᠤᠨ ᠦᠢᠯᠡᠴᠢᠯᠡᠭᠡ ᠪᠣᠯᠤᠨ 《ᠰᠥᠨᠢ ᠶᠢᠨ ᠠᠵᠤ ᠠᠬᠤᠢ》 ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠶᠢ ᠰᠢᠨᠵᠢᠯᠡᠨ ᠪᠠᠶᠢᠴᠠᠭᠠᠪᠠ᠃ ᠬᠦᠷᠦᠭᠰᠡᠨ ᠭᠠᠵᠠᠷ ᠪᠣᠯᠭᠠᠨ ᠳᠤ᠂ ᠸᠠᠩ ᠯᠢ ᠰᠢᠶᠠ ᠲᠠᠶᠢᠯᠪᠤᠷᠢᠯᠠᠯᠲᠠ ᠶᠢ ᠨᠠᠷᠢᠨ ᠬᠢᠨᠠᠮᠠᠭᠠᠢ ᠰᠣᠨᠣᠰᠴᠤ᠂ ᠪᠣᠳᠠᠲᠠᠢ ᠨᠠᠷᠢᠯᠢᠬ ᠵᠦᠢᠯᠡᠰ ᠢ ᠠᠰᠠᠭᠤᠵᠤ ᠣᠶᠢᠯᠠᠭᠠᠪᠠ᠃ ᠲᠡᠷᠡ ᠬᠠᠮᠲᠤ ᠶᠠᠪᠤᠭ᠎ᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠨᠥᠬᠦᠳ ᠲᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠲᠥᠯᠥᠪᠵᠢᠭᠦᠯᠬᠦ ᠳᠤ ᠣᠶᠢᠯᠠᠭᠠᠭᠳᠠᠬᠤᠨ ᠢ ᠠᠳᠬᠤᠵᠤ᠂ ᠪᠣᠳᠠᠲᠠᠢ ᠠᠳᠬᠤᠵᠤ᠂ ᠨᠠᠷᠢᠯᠢᠬ ᠵᠦᠢᠯᠡᠰ ᠢ ᠠᠳᠬᠤᠵᠤ᠂ ᠲᠥᠯᠥᠪᠵᠢᠭᠦᠯᠭᠡ᠂ ᠵᠢᠷᠤᠭ ᠲᠥᠯᠥᠪᠯᠡᠭᠡ᠂ ᠪᠦᠳᠦᠭᠡᠨ ᠪᠠᠶᠢᠭᠤᠯᠤᠯᠲᠠ᠂ ᠡᠵᠡᠩᠨᠡᠯᠲᠡ ᠶᠢ ᠨᠢᠭᠡ ᠴᠤᠬᠴᠠᠵᠢᠭᠤᠯᠬᠤ ᠶᠢ ᠪᠠᠷᠢᠮᠲᠠᠯᠠᠵᠤ᠂ ᠰᠣᠶᠣᠯ ᠤᠨ ᠤᠤᠷ ᠲᠤᠨᠳᠠᠰᠤ ᠶᠢ ᠠᠭᠤᠳᠠᠯᠵᠤ᠂ ᠰᠣᠶᠣᠯ ᠤᠨ ᠣᠨᠴᠠᠯᠢᠭ ᠢ ᠢᠯᠡᠷᠡᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠤᠯᠠᠨ ᠲᠦᠮᠡᠨ ᠲᠠᠢ ᠤᠢᠢᠷᠠᠳᠤᠭᠰᠠᠨ᠂ ᠬᠥᠮᠦᠰ ᠤᠨ ᠬᠡᠷᠡᠭᠴᠡᠭᠡ ᠶᠢ ᠬᠠᠩᠭᠠᠵᠤ ᠳᠡᠶᠢᠯᠬᠦ ᠰᠣᠶᠣᠯ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠶᠢ ᠪᠤᠢ ᠪᠤᠯᠭᠠᠬᠤ ᠬᠡᠷᠡᠭᠲᠡᠢ ᠭᠡᠵᠦ ᠬᠡᠯᠡᠪᠡ᠃
ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠸᠠᠩ ᠯᠢ ᠰᠢᠶᠠ ᠪᠠᠰᠠ ᠱᠠᠨᠰᠢ ᠭᠠᠨᠰᠦ ᠶᠢᠨ ᠬᠢᠵᠠᠭᠠᠷ ᠤᠷᠤᠨ ᠤ ᠬᠤᠪᠢᠰᠬᠠᠯ ᠤᠨ ᠰᠠᠭᠤᠷᠢᠨ ᠭᠠᠵᠠᠷ ᠤᠨ ᠵᠤᠤ ᠶᠢᠨ ᠤ ᠲᠤᠷᠠᠰᠬᠠᠯ ᠤᠨ ᠤᠷᠳᠤᠨ ᠢ ᠲᠤᠭᠤᠷᠢᠨ ᠦᠵᠡᠭᠰᠡᠨ ᠪᠦᠭᠡᠳ ᠪᠠᠭᠠᠲᠤᠷᠴᠤᠳ ᠤᠨ ᠲᠤᠷᠠᠰᠬᠠᠯ ᠤᠨ ᠬᠦᠰᠢᠶ᠎ᠡ ᠳᠤ ᠰᠠᠭᠰᠤᠲᠤ ᠴᠡᠴᠡᠭ ᠬᠦᠷᠭᠡᠪᠡ᠃
ᠱᠠᠨᠰᠢ ᠮᠤᠵᠢ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢ ᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠹᠠᠩ ᠬᠤᠩ ᠸᠧᠶ 14 ᠤ ᠡᠳᠦᠷ ᠬᠠᠮᠲᠤ ᠰᠢᠨᠵᠢᠯᠡᠨ ᠪᠠᠶᠢᠴᠠᠭᠠᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠣ ᠰᠢᠶᠠᠨ ᠬᠤᠸᠠ᠂ ᠱᠠᠨᠰᠢ ᠮᠤᠵᠢ ᠶᠢᠨ ᠳᠡᠳ᠋ ᠳᠠᠷᠤᠭ᠎ᠠ ᠹᠠᠩ ᠭᠤᠸᠠᠩ ᠬᠤᠸᠠ ᠬᠠᠮᠲᠤ ᠰᠢᠨᠵᠢᠯᠡᠨ ᠪᠠᠶᠢᠴᠠᠭᠠᠪᠠ᠃