ᠵᠤᠬᠢᠶᠠᠭᠴᠢ:
ᠴᠠᠭ:2022-08-26
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠰᠢ ᠶᠢᠨ ᠫᠢᠩ ᠪᠣᠯᠤᠨ ᠺᠣᠷᠢᠶᠠ ᠶᠢᠨ ᠶᠡᠷᠦᠩᠬᠡᠶᠢᠯᠡᠭᠴᠢ ᠶᠢᠨ ᠰᠢ ᠶᠤᠸᠠᠢ ᠳᠤᠮᠳᠠᠳᠤ ᠺᠣᠷᠢᠶᠠ ᠶᠢᠨ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠤᠢ ᠶᠢᠨ ᠲᠤᠬᠠᠢ ᠬᠠᠷᠢᠯᠴᠠᠨ ᠪᠠᠶᠠᠷ ᠤᠨ ᠵᠠᠬᠢᠳᠠᠯ ᠢᠯᠡᠭᠡᠪᠡ
ᠰᠢ ᠶᠢᠨ ᠫᠢᠩ ᠪᠣᠯᠤᠨ ᠺᠣᠷᠢᠶᠠ ᠶᠢᠨ ᠶᠡᠷᠦᠩᠬᠡᠶᠢᠯᠡᠭᠴᠢ ᠶᠢᠨ ᠰᠢ ᠶᠤᠸᠠᠢ ᠳᠤᠮᠳᠠᠳᠤ ᠺᠣᠷᠢᠶᠠ ᠶᠢᠨ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠤᠢ ᠶᠢᠨ ᠲᠤᠬᠠᠢ ᠬᠠᠷᠢᠯᠴᠠᠨ ᠪᠠᠶᠠᠷ ᠤᠨ ᠵᠠᠬᠢᠳᠠᠯ ᠢᠯᠡᠭᠡᠪᠡ
ᠯᠢ ᠺᠧ ᠴᠢᠶᠠᠩ ᠪᠣᠯᠤᠨ ᠺᠣᠷᠢᠶᠠ ᠶᠢᠨ ᠲᠦᠷᠦ ᠶᠢᠨ ᠶᠠᠪᠤᠳᠠᠯ ᠤᠨ ᠶᠡᠷᠦᠩᠬᠡᠢ ᠰᠠᠶᠢᠳ ᠬᠠᠨ ᠳ᠋ᠧ ᠵᠦ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ
ᠰᠢᠨᠬᠤᠸᠠ ᠬᠤᠷᠢᠶᠠᠨ ᠤ ᠪᠡᠭᠡᠵᠢᠩ ᠤᠨ 2022 ᠣᠨ ᠤ 8 ᠰᠠᠷ᠎ᠠ ᠶᠢᠨ 24 ᠤ ᠴᠠᠬᠢᠯᠭᠠᠨ ᠮᠡᠳᠡᠭᠡ 8 ᠰᠠᠷ᠎ᠠ ᠶᠢᠨ 24 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠤᠨ ᠺᠣᠷᠢᠶᠠ ᠶᠢᠨ ᠶᠡᠷᠦᠩᠬᠡᠶᠢᠯᠡᠭᠴᠢ ᠶᠢᠨ ᠰᠢ ᠶᠤᠸᠠᠢ ᠬᠠᠷᠢᠯᠴᠠᠨ ᠪᠠᠶᠠᠷ ᠤᠨ ᠵᠠᠬᠢᠳᠠᠯ ᠢᠯᠡᠭᠡᠵᠦ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠤᠢ ᠶᠢ ᠪᠡᠯᠭᠡᠯᠡᠪᠡ᠃
ᠰᠢ ᠶᠢᠨ ᠫᠢᠩ᠂ ᠳᠤᠮᠳᠠᠳᠤ ᠺᠣᠷᠢᠶᠠ ᠪᠣᠯ ᠲᠠᠯᠠᠢ ᠠᠯᠤᠰᠯᠠᠭᠰᠠᠨ ᠥᠨᠢᠳᠡ ᠶᠢᠨ ᠬᠥᠷᠰᠢ ᠤᠯᠤᠰ ᠮᠥᠨ᠂ ᠬᠤᠶᠠᠷ ᠤᠯᠤᠰ ᠤᠨ ᠠᠷᠠᠳ ᠲᠦᠮᠡᠨ ᠤ ᠨᠥᠬᠦᠷᠰᠡᠭ ᠶᠠᠪᠤᠯᠴᠠᠭ᠎ᠠ ᠥᠨᠢ ᠤᠳᠠᠭᠠᠨ ᠲᠡᠦᠬᠡ ᠲᠠᠢ ᠶᠤᠮ᠃ ᠳᠤᠮᠳᠠᠳᠤ ᠺᠣᠷᠢᠶᠠ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠲᠤᠷᠰᠢ᠂ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠳᠤᠮᠳᠠᠳᠤ ᠺᠣᠷᠢᠶᠠ ᠶᠢᠨ ᠬᠠᠷᠢᠯᠴᠠᠭ᠎ᠠ ᠴᠠᠭ ᠦᠶ᠎ᠡ ᠶᠢ ᠲᠠᠭᠠᠨ ᠪᠦᠬᠦ ᠲᠠᠯ᠎ᠠ ᠪᠠᠷ ᠬᠥᠭᠵᠢᠵᠦ᠂ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠬᠤᠶᠠᠷ ᠤᠯᠤᠰ ᠪᠣᠯᠤᠨ ᠬᠤᠶᠠᠷ ᠤᠯᠤᠰ ᠤᠨ ᠠᠷᠠᠳ ᠲᠦᠮᠡᠨ ᠳᠤ ᠴᠢᠬᠤᠯᠠ ᠶᠡᠭᠡ ᠪᠤᠶᠠᠨ ᠵᠢᠷᠭᠠᠯ ᠠᠪᠴᠢᠷᠠᠵᠤ᠂ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ ᠪᠣᠯᠤᠨ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠪᠡ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠭᠤᠴᠢᠨ ᠵᠢᠯ ᠤᠨ ᠡᠷᠡᠰ ᠬᠤᠪᠢᠷᠠᠯ᠂ ᠭᠤᠴᠢᠨ ᠵᠢᠯ ᠤᠨ ᠰᠢᠷᠭᠠᠭᠤ ᠴᠢᠷᠮᠠᠶᠢᠯᠭ᠎ᠠ ᠶᠢᠨ ᠰᠢᠯᠢᠳᠡᠭ ᠪᠦᠳᠦᠭᠡᠯ᠃ ᠳᠤᠮᠳᠠᠳᠤ ᠺᠣᠷᠢᠶᠠ ᠶᠢᠨ ᠬᠠᠷᠢᠯᠴᠠᠭ᠎ᠠ ᠭᠡᠷᠡᠯ ᠰᠠᠴᠤᠷᠠᠩᠭᠤᠢ ᠬᠥᠭᠵᠢᠯᠲᠡ ᠶᠢᠨ ᠠᠮᠵᠢᠯᠲᠠ ᠣᠯᠵᠤ ᠴᠢᠳᠠᠭᠰᠠᠨ ᠨᠢ ᠬᠤᠶᠠᠷ ᠲᠠᠯ᠎ᠠ ᠪᠠᠷ ᠢᠶᠠᠨ ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠴᠠᠭ ᠦᠶ᠎ᠡ ᠶᠢᠨ ᠬᠥᠭᠵᠢᠯᠲᠡ ᠶᠢᠨ ᠤᠷᠤᠰᠬᠠᠯ ᠢ ᠲᠠᠭᠠᠵᠥ᠂ ᠬᠤᠶᠠᠷ ᠲᠠᠯ᠎ᠠ ᠶᠢᠨ ᠬᠠᠷᠢᠯᠴᠠᠭ᠎ᠠ ᠳᠤ ᠲᠠᠰᠤᠷᠠᠯᠳᠠ ᠦᠭᠡᠢ ᠰᠢᠨ᠎ᠡ ᠴᠠᠭ ᠦᠶ᠎ᠡ ᠶᠢᠨ ᠠᠭᠤᠯᠤᠭᠳᠠᠬᠤᠨ ᠨᠡᠮᠡᠷᠢᠯᠡᠭᠰᠡᠨ ᠳᠤ ᠪᠤᠢ︔ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠭᠡᠵᠦ ᠬᠠᠷᠢᠯᠴᠠᠨ ᠢᠲᠡᠭᠡᠯᠴᠡᠬᠦ ᠶᠢ ᠪᠠᠷᠢᠮᠲᠠᠯᠠᠵᠤ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠣᠯᠤᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠢ ᠬᠠᠷᠠᠭᠠᠯᠵᠠᠵᠤ᠂ ᠴᠢᠩ ᠦᠨᠡᠨᠴᠢ ᠤᠯᠤᠯᠴᠠᠭ᠎ᠠ ᠪᠠᠷ ᠳᠠᠮᠵᠢᠭᠤᠯᠤᠨ ᠣᠶᠢᠯᠠᠭᠠᠯᠴᠠᠭ᠎ᠠ ᠪᠠ ᠢᠲᠡᠭᠡᠯᠴᠡᠭᠡ ᠪᠠᠨ ᠨᠡᠮᠡᠭᠳᠡᠭᠦᠯᠦᠭᠰᠡᠨ ᠳᠤ ᠪᠤᠢ︔ ᠬᠤᠶᠠᠷ ᠲᠠᠯ᠎ᠠ ᠪᠠᠷ ᠢᠶᠠᠨ ᠬᠠᠮᠲᠤᠷᠠᠯᠴᠠᠨ ᠬᠠᠮᠲᠤ ᠪᠠᠷ ᠠᠰᠢᠭ ᠬᠦᠷᠳᠡᠬᠦ ᠶᠢ ᠪᠠᠷᠢᠮᠲᠠᠯᠠᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠣᠯᠤᠨ ᠰᠣᠯᠢᠯᠴᠠᠭ᠎ᠠ ᠬᠢᠵᠦ ᠬᠠᠷᠢᠯᠴᠠᠨ ᠲᠤᠯᠢᠯᠠᠬᠤ ᠶᠢ ᠭᠦᠨᠵᠡᠭᠡᠶᠢᠷᠡᠭᠦᠯᠵᠦ᠂ ᠬᠠᠷᠢᠯᠴᠠᠨ ᠠᠮᠵᠢᠯᠲᠠ ᠭᠠᠷᠭᠠᠵᠤ᠂ ᠬᠠᠮᠲᠤ ᠪᠠᠷ ᠴᠡᠴᠡᠭᠯᠡᠨ ᠬᠥᠭᠵᠢᠬᠦ ᠶᠢ ᠪᠡᠶᠡᠯᠡᠭᠦᠯᠦᠭᠰᠡᠨ ᠳᠤ ᠪᠤᠢ︔ ᠬᠤᠶᠠᠷ ᠲᠠᠯ᠎ᠠ ᠪᠠᠷ ᠢᠶᠠᠨ ᠨᠡᠭᠡᠭᠡᠯᠲᠡᠲᠡᠢ ᠪᠠᠭᠲᠠᠭᠠᠮᠵᠢᠲᠠᠢ ᠪᠠᠶᠢᠬᠤ ᠶᠢ ᠪᠠᠷᠢᠮᠲᠠᠯᠠᠵᠤ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ ᠭᠠᠷ ᠬᠤᠯᠪᠣᠯᠴᠠᠨ ᠬᠠᠮᠠᠭᠠᠯᠠᠵᠤ᠂ ᠣᠷᠣᠨ ᠪᠦᠰᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠤᠯᠠᠨ ᠤᠯᠤᠰ ᠤᠨ ᠬᠠᠷᠢᠯᠴᠠᠭᠠᠨ ᠤ ᠦᠨᠳᠦᠰᠦᠨ ᠪᠠᠷᠢᠮᠵᠢᠶ᠎ᠠ ᠶᠢ ᠬᠠᠮᠠᠭᠠᠯᠠᠭᠰᠠᠨ ᠳᠤ ᠪᠤᠢ᠃ ᠡᠳᠡᠭᠡᠷ ᠡᠷᠬᠢᠮ ᠨᠠᠨᠳᠢᠨ ᠲᠤᠷᠰᠢᠯᠭ᠎ᠠ ᠶᠢ ᠪᠢᠳᠡ ᠬᠤᠪᠢ ᠳᠠᠬᠢᠨ ᠨᠠᠨᠳᠢᠩᠨᠠᠵᠤ ᠤᠷᠲᠤ ᠬᠤᠭᠤᠴᠠᠭ᠎ᠠ ᠪᠠᠷ ᠪᠠᠷᠢᠮᠲᠠᠯᠠᠭᠤᠰᠢᠲᠠᠶ ᠶᠤᠮ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠣᠳᠣᠬᠠᠨ ᠳᠤ ᠵᠠᠭᠤᠨ ᠵᠢᠯ ᠤᠨ ᠬᠤᠪᠢᠰᠤᠯᠲᠠ ᠪᠣᠯᠤᠨ ᠡᠷᠢᠨ ᠵᠠᠭᠤᠨ ᠤ ᠬᠢᠵᠢᠭ ᠤᠨ ᠪᠠᠶᠢᠳᠠᠯ ᠰᠣᠯᠪᠢᠴᠠᠵᠤ᠂ ᠳᠡᠯᠡᠬᠡᠢ ᠳ᠋ᠠᠬᠢᠨ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠪᠠ᠃ ᠡᠨᠡ ᠬᠦ ᠵᠠᠩᠭᠢᠯᠠᠭ᠎ᠠ ᠶᠢᠨ ᠴᠠᠭ ᠮᠥᠴᠡ ᠳᠤ᠂ ᠳᠤᠮᠳᠠᠳᠤ ᠺᠣᠷᠢᠶᠠ ᠶᠢ ᠪᠠᠭᠲᠠᠭᠠᠭᠰᠠᠨ ᠳᠡᠯᠡᠬᠡᠢ ᠨᠡᠶᠢᠭᠡᠮ ᠢᠶᠠᠷ ᠢᠶᠠᠨ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠪᠠᠯ ᠪᠦᠯᠬᠦᠮᠳᠡᠨ ᠬᠠᠮᠲᠤᠷᠠᠯᠴᠠᠵᠤ ᠠᠶᠤᠯ ᠲᠦᠭᠰᠢᠭᠦᠷᠢ ᠶᠢ ᠢᠯᠠᠨ ᠳᠠᠪᠠᠵᠤ᠂ ᠬᠦᠴᠢᠷ ᠢ ᠲᠤᠭᠤᠯᠵᠤ ᠴᠢᠳᠠᠨ᠎ᠠ᠃ ᠳᠤᠮᠳᠠᠳᠤ ᠺᠣᠷᠢᠶᠠ ᠰᠠᠶᠢᠨ ᠬᠥᠷᠰᠢ᠂ ᠰᠠᠶᠢᠨ ᠨᠠᠶᠢᠵᠠ᠂ ᠰᠠᠶᠢᠨ ᠬᠠᠨᠢᠲᠠᠨ ᠪᠣᠯᠬᠤ ᠬᠡᠷᠡᠭᠲᠡᠶ᠃ ᠪᠢ ᠳᠤᠮᠳᠠᠳᠤ ᠺᠣᠷᠢᠶᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ ᠳᠤᠷᠠᠲᠠᠶ᠎ᠠ ᠶᠡᠷᠦᠩᠬᠡᠶᠢᠯᠡᠭᠴᠢ ᠶᠢᠨ ᠰᠢ ᠶᠤᠸᠠᠢ ᠲᠠᠢ ᠪᠠᠶᠢᠯᠳᠤᠬᠤ ᠪᠤᠳᠤᠯᠭ᠎ᠠ ᠶᠢᠨ ᠤᠯᠤᠯᠴᠠᠭ᠎ᠠ ᠪᠠᠨ ᠴᠢᠩᠭᠠᠳᠬᠠᠵᠤ᠂ ᠳᠤᠮᠳᠠᠳᠤ ᠺᠣᠷᠢᠶᠠ ᠬᠤᠶᠠᠷ ᠲᠠᠯ᠎ᠠ ᠶᠢ ᠬᠦᠳᠦᠯᠦᠨ ᠳᠠᠭᠠᠭᠤᠯᠵᠤ ᠪᠠᠶᠢᠭᠠᠳ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠤᠢ ᠪᠠᠷ ᠰᠢᠨ᠎ᠡ ᠭᠠᠷᠤᠭ᠎ᠠ ᠪᠣᠯᠭᠠᠵᠤ᠂ ᠶᠡᠭᠡ ᠬᠠᠨᠳᠤᠰᠢ ᠶᠢ ᠡᠵᠡᠮᠳᠡᠵᠦ᠂ ᠬᠠᠷᠰᠢ ᠰᠠᠭᠠᠳ ᠢ ᠠᠷᠢᠯᠭᠠᠵᠤ᠂ ᠨᠥᠬᠦᠷᠯᠡᠯ ᠢᠶᠠᠨ ᠪᠠᠲᠤᠳᠬᠠᠵᠤ᠂ ᠬᠠᠮᠲᠤᠷᠠᠯᠴᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠶᠠᠷ ᠤᠯᠤᠰ ᠤᠨ ᠬᠠᠷᠢᠯᠴᠠᠭ᠎ᠠ ᠶᠢᠨ ᠨᠡᠩ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠵᠤ᠂ ᠬᠤᠶᠠᠷ ᠤᠯᠤᠰ ᠪᠣᠯᠤᠨ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠦ ᠴᠢᠬᠤᠯᠠᠴᠢᠯᠠᠪᠠ᠃
ᠶᠢᠨ ᠰᠢ ᠶᠤᠸᠠᠢ ᠪᠠᠶᠠᠷ ᠤᠨ ᠵᠠᠬᠢᠳᠠᠯ ᠳᠠᠭᠠᠨ ᠺᠣᠷᠢᠶᠠ ᠳᠤᠮᠳᠠᠳᠤ ᠶᠢᠨ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠣᠶ ᠳᠤ ᠬᠠᠯᠠᠭᠤᠨ ᠪᠠᠶᠠᠷ ᠬᠦᠷᠭᠡᠪᠠ᠃ ᠲᠡᠷᠡ᠂ ᠺᠣᠷᠢᠶᠠ ᠳᠤᠮᠳᠠᠳᠤ ᠬᠤᠶᠠᠷ ᠤᠯᠤᠰ ᠤᠨ ᠭᠠᠵᠠᠷ ᠨᠤᠲᠤᠭ ᠣᠶᠢᠷᠠᠯᠴᠠᠭ᠎ᠠ᠂ ᠲᠡᠦᠬᠡ ᠰᠣᠶᠣᠯ ᠤᠨ ᠬᠤᠯᠪᠣᠭᠠᠰᠤ ᠶᠢᠨ ᠬᠠᠷᠢᠯᠴᠠᠭ᠎ᠠ ᠥᠨᠢ ᠤᠳᠠᠭᠠᠨ ᠶᠤᠮ᠃ 1992 ᠣᠨ ᠳᠤ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠠᠴᠠ ᠨᠠᠭᠠᠰᠢ᠂ ᠬᠤᠶᠠᠷ ᠲᠠᠯ᠎ᠠ ᠶᠢᠨ ᠤᠯᠤᠰ ᠲᠦᠷᠦ᠂ ᠠᠵᠤ ᠠᠬᠤᠢ᠂ ᠰᠣᠶᠣᠯ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠲᠠᠪᠠᠯᠳᠠᠳᠤ ᠮᠠᠶ᠋ᠢᠭ ᠢᠶᠠᠷ ᠬᠥᠭᠵᠢᠵᠦ᠂ ᠬᠤᠶᠠᠷ ᠤᠯᠤᠰ ᠤᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠴᠠᠭ᠎ᠠ ᠲᠠᠰᠤᠷᠠᠯᠳᠠ ᠦᠭᠡᠢ ᠪᠠᠬᠢᠵᠢᠪᠡ᠃ ᠬᠤᠶᠠᠷ ᠤᠯᠤᠰ ᠤᠨ ᠵᠢᠯ ᠤᠨ ᠠᠷᠠᠯᠵᠢᠶᠠᠨ ᠤ ᠬᠡᠮᠵᠢᠶ᠎ᠠ 50 ᠲᠠᠬᠢᠨ ᠰᠢᠬᠠᠮ ᠨᠡᠮᠡᠭᠳᠡᠵᠦ᠂ ᠬᠥᠮᠦᠰ ᠤᠨ ᠶᠠᠪᠤᠯᠴᠠᠭ᠎ᠠ ᠬᠡᠳᠦᠨ ᠠᠷᠪᠠᠨ ᠲᠠᠬᠢᠨ ᠨᠡᠮᠡᠭᠳᠡᠵᠦ᠂ ᠡᠯᠪᠡᠭ ᠪᠠᠶᠠᠯᠢᠭ ᠰᠣᠶᠣᠯ ᠤᠨ ᠰᠣᠯᠢᠯᠴᠠᠭ᠎ᠠ ᠨᠢ ᠬᠤᠶᠠᠷ ᠤᠯᠤᠰ ᠤᠨ ᠠᠷᠠᠳ ᠢᠷᠭᠡᠳ ᠤᠨ ᠣᠶᠢᠯᠠᠭᠠᠯᠴᠠᠭ᠎ᠠ ᠶᠢ ᠨᠡᠮᠡᠭᠳᠡᠭᠦᠯᠪᠡ᠃ ᠡᠨᠡ ᠨᠢ ᠭᠤᠣᠯᠳᠠᠭᠤ ᠬᠤᠶᠠᠷ ᠤᠯᠤᠰ ᠤᠨ ᠡᠯ᠎ᠡ ᠡᠲᠡᠭᠡᠳ ᠤᠨ ᠴᠢᠷᠮᠠᠶᠢᠯᠭ᠎ᠠ ᠪᠣᠯᠤᠨ ᠠᠷᠠᠳ ᠢᠷᠬᠡᠤᠨ ᠤᠨ ᠳᠡᠮᠵᠢᠯᠭᠡ ᠠᠴᠠ ᠪᠣᠯᠤᠭᠰᠠᠨ ᠶᠤᠮ᠃ ᠪᠢ ᠲᠡᠷᠢᠭᠦᠯᠡᠭᠴᠢ ᠰᠢ ᠶᠢᠨ ᠫᠢᠩ ᠲᠠᠢ 3 ᠰᠠᠷ᠎ᠠ ᠶᠢᠨ 25 ᠤ ᠡᠳᠦᠷ ᠤᠲᠠᠰᠤ ᠪᠠᠷ ᠶᠠᠷᠢᠯᠴᠠᠬᠤ ᠳᠠᠭᠠᠨ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠤᠢ ᠪᠠᠷ ᠠᠵᠠ ᠲᠣᠬᠢᠶᠠᠯ ᠪᠣᠯᠭᠠᠵᠤ ᠺᠣᠷᠢᠶᠠ ᠳᠤᠮᠳᠠᠳᠤ ᠶᠢᠨ ᠬᠠᠷᠢᠯᠴᠠᠭ᠎ᠠ ᠶᠢᠨ ᠰᠢᠨ᠎ᠡ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠲᠤᠬᠠᠢ ᠴᠢᠬᠤᠯᠠ ᠬᠠᠮᠲᠤ ᠶᠢᠨ ᠲᠠᠨᠢᠯᠲᠠ ᠲᠠᠢ ᠪᠣᠯᠪᠠ᠃ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠭᠡᠬᠦ ᠵᠣᠷᠢᠭ ᠰᠠᠨᠠᠭ᠎ᠠ ᠪᠠᠷ ᠰᠠᠭᠤᠷᠢ ᠪᠣᠯᠭᠠᠵᠤ᠂ ᠰᠢᠨ᠎ᠡ ᠬᠠᠮᠲᠤᠷᠠᠯᠴᠠᠭᠠᠨ ᠤ ᠴᠢᠭᠯᠡᠯ ᠢ ᠰᠦᠪᠡᠭᠴᠢᠯᠡᠵᠦ᠂ ᠬᠤᠶᠠᠷ ᠤᠯᠤᠰ ᠤᠨ ᠬᠠᠷᠢᠯᠴᠠᠭ᠎ᠠ ᠶᠢᠨ ᠨᠡᠩ ᠪᠣᠯᠪᠠᠰᠤᠷᠠᠩᠭᠤᠢ ᠡᠷᠡᠭᠦᠯ ᠴᠢᠭᠯᠡᠯ ᠢᠶᠠᠷ ᠬᠥᠭᠵᠢᠬᠦ ᠶᠢ ᠠᠬᠢᠭᠤᠯᠬᠤ ᠶᠢ ᠬᠦᠰᠡᠵᠦ ᠪᠠᠶᠢᠨ᠎ᠠ᠃ ᠡᠭᠦᠨ ᠤ ᠲᠤᠯᠠᠳᠠ᠂ ᠬᠤᠶᠠᠷ ᠲᠠᠯ᠎ᠠ ᠪᠠᠷ ᠢᠶᠠᠨ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠨᠢᠭᠲᠠᠷᠠᠭᠤᠯᠵᠤ᠂ ᠬᠠᠩᠭᠠᠯᠭ᠎ᠠ ᠶᠢᠨ ᠬᠡᠯᠬᠢᠶ᠎ᠡ ᠵᠡᠷᠭᠡ ᠠᠵᠤ ᠠᠬᠤᠢ ᠶᠢᠨ ᠠᠮᠤᠷ ᠲᠦᠪᠰᠢᠨ ᠵᠢᠴᠢ ᠣᠷᠴᠢᠨ ᠲᠣᠭᠤᠷᠢᠨ᠂ ᠠᠭᠤᠷ ᠠᠮᠢᠰᠬᠤᠯ ᠤᠨ ᠬᠤᠪᠢᠷᠠᠯᠲᠠ ᠵᠡᠷᠭᠡ ᠬᠦᠷᠢᠶᠡᠨ ᠳᠠᠬᠢ ᠮᠥᠨ ᠴᠢᠨᠠᠷ ᠤᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠶᠠᠷ ᠤᠯᠤᠰ ᠤᠨ ᠠᠷᠠᠳ ᠢᠷᠭᠡᠳ ᠤᠨ ᠪᠡᠶ᠎ᠡ ᠪᠠᠷ ᠢᠶᠠᠨ ᠮᠡᠳᠡᠷᠡᠵᠦ ᠲᠡᠶᠢᠯᠬᠦ ᠦᠷ᠎ᠡ ᠪᠦᠲᠦᠭᠡᠯ ᠤᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ᠃ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠤᠢ ᠶᠢ ᠳᠤᠷᠠᠰᠬᠠᠬᠤ ᠠᠵᠢᠯᠯᠠᠭ᠎ᠠ ᠨᠢ ᠬᠤᠶᠠᠷ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠨᠠᠭᠰᠢᠳᠠ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠤ ᠬᠤᠭᠤᠷᠣᠨᠳᠣᠬᠢ ᠨᠥᠬᠦᠷᠯᠡᠯ ᠢ ᠭᠦᠨᠵᠡᠭᠡᠶᠢᠷᠡᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠭᠡᠪᠡ᠃
ᠲᠤᠰ ᠡᠳᠦᠷ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠪᠣᠯᠤᠨ ᠺᠣᠷᠢᠶᠠ ᠶᠢᠨ ᠲᠦᠷᠦ ᠶᠢᠨ ᠶᠠᠪᠤᠳᠠᠯ ᠤᠨ ᠶᠡᠷᠦᠩᠬᠡᠢ ᠰᠠᠶᠢᠳ ᠬᠠᠨ ᠳ᠋ᠧ ᠵᠦ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ᠃ ᠯᠢ ᠺᠧ ᠴᠢᠶᠠᠩ᠂ ᠳᠤᠮᠳᠠᠳᠤ ᠺᠣᠷᠢᠶᠠ ᠪᠣᠯ ᠰᠢᠯᠵᠢᠵᠦ ᠪᠤᠯᠤᠰᠢ ᠦᠭᠡᠢ ᠡᠭᠦᠷᠢᠳᠡ ᠶᠢᠨ ᠬᠥᠷᠰᠢ᠂ ᠮᠥᠨᠴᠦ ᠰᠠᠯᠵᠤ ᠪᠣᠯᠤᠰᠢ ᠦᠭᠡᠢ ᠬᠠᠮᠲᠤᠷᠠᠯᠴᠠᠭᠠᠨ ᠤ ᠬᠠᠨᠢᠲᠠᠨ ᠮᠥᠨ᠃ ᠳᠤᠮᠳᠠᠳᠤ ᠤᠯᠤᠰ ᠳᠤᠷᠠᠲᠠᠶ᠎ᠠ ᠺᠣᠷᠢᠶᠠ ᠲᠠᠢ ᠬᠠᠮᠲᠤ ᠪᠠᠷ᠂ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠤᠢ ᠪᠠᠷ ᠰᠢᠨ᠎ᠡ ᠭᠠᠷᠤᠭ᠎ᠠ ᠪᠣᠯᠭᠠᠵᠤ᠂ ᠣᠶᠢᠯᠠᠭᠠᠯᠴᠠᠭ᠎ᠠ ᠢᠲᠡᠭᠡᠯᠴᠡᠭᠡ ᠪᠠᠨ ᠨᠡᠮᠡᠭᠳᠡᠭᠦᠯᠵᠦ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠺᠣᠷᠢᠶᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠡᠷᠡᠭᠦᠯ ᠲᠣᠭᠲᠠᠭᠤᠨ ᠢᠶᠠᠷ ᠬᠥᠭᠵᠢᠬᠦ ᠶᠢ ᠠᠬᠢᠭᠤᠯᠵᠤ᠂ ᠨᠡᠩ ᠶᠡᠭᠡ ᠰᠢᠨ᠎ᠡ ᠠᠮᠵᠢᠯᠲᠠ ᠪᠦᠲᠦᠮᠵᠢ ᠤᠯᠬᠤ ᠶᠢ ᠬᠦᠰᠡᠵᠦ ᠪᠠᠶᠢᠨ᠎ᠠ ᠭᠡᠵᠦ ᠢᠯᠡᠳᠭᠡᠪᠠ᠃ ᠬᠠᠨ ᠳ᠋ᠧ ᠵᠤ᠋᠂ ᠺᠣᠷᠢᠶᠠ ᠶᠢᠨ ᠰᠢᠨ᠎ᠡ ᠵᠠᠰᠠᠭ ᠤᠨ ᠣᠷᠳᠣᠨ ᠪᠠᠶᠢᠭᠤᠯᠤᠭᠳᠠᠭᠰᠠᠨ ᠠᠴᠠ ᠨᠠᠭᠠᠰᠢ ᠺᠣᠷᠢᠶᠠ ᠳᠤᠮᠳᠠᠳᠤ ᠬᠤᠶᠠᠷ ᠤᠯᠤᠰ ᠨᠢᠭᠲᠠ ᠤᠯᠤᠯᠴᠠᠭ᠎ᠠ ᠰᠣᠯᠢᠯᠴᠠᠭ᠎ᠠ ᠪᠠᠨ ᠪᠠᠲᠤᠯᠠᠭᠰᠠᠭᠠᠷ ᠢᠷᠡᠵᠡᠶ᠃ ᠬᠤᠶᠠᠷ ᠲᠠᠯ᠎ᠠ ᠪᠠᠷ ᠢᠶᠠᠨ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠤᠯᠠᠮ ᠴᠢᠨᠠᠭᠰᠢᠳᠠ ᠬᠥᠭᠵᠢᠭᠡᠵᠦ᠂ ᠬᠠᠩᠭᠠᠯᠭ᠎ᠠ ᠶᠢᠨ ᠬᠡᠯᠬᠢᠶ᠎ᠡ᠂ ᠰᠣᠶᠣᠯ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠶᠠᠷ ᠤᠯᠤᠰ ᠤᠨ ᠴᠢᠯᠥᠭᠡᠲᠦ ᠠᠷᠠᠯᠵᠢᠶᠠᠨ ᠤ ᠬᠡᠯᠡᠯᠴᠡᠭᠡᠷ ᠤᠨ ᠬᠤᠶᠠᠳᠤᠭᠠᠷ ᠬᠡᠯᠡᠯᠴᠡᠭᠡ ᠶᠢ ᠲᠦᠷᠭᠡᠳᠭᠡᠨ ᠠᠬᠢᠭᠤᠯᠵᠤ᠂ ᠬᠤᠶᠠᠷ ᠤᠯᠤᠰ ᠤᠨ ᠬᠠᠷᠢᠯᠴᠠᠭ᠎ᠠ ᠶᠢᠨ ᠨᠡᠩ ᠰᠠᠶᠢᠨ ᠬᠥᠭᠵᠢᠯᠲᠡ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠭᠡᠪᠡ᠃