ᠵᠤᠬᠢᠶᠠᠭᠴᠢ:
ᠴᠠᠭ:2022-08-26
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠢᠭᠡᠳ ᠵᠧᠵᠢᠶᠠᠩ ᠤᠨ ᠬᠤᠳᠠᠯᠳᠤᠭᠠᠨ ᠤ ᠪᠠᠩᠬᠢ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠦᠪᠯᠡᠯᠴᠡᠭᠡᠷ ᠲᠤᠬᠢᠷᠠᠯᠴᠠᠪᠠ ᠵᠦᠪᠯᠡᠯᠴᠡᠭᠡᠷ ᠲᠤᠭᠳᠠᠬᠤ ᠶᠢ ᠭᠡᠷᠡᠴᠢᠯᠡᠵᠡᠢ
2022 ᠣᠨ ᠤ 8 ᠰᠠᠷ᠎ᠠ ᠶᠢᠨ 25 ᠤ ᠦᠳᠡ ᠶᠢᠨ ᠡᠮᠦᠨ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠦᠭᠡᠬᠤᠳᠠ ᠳᠤ ᠵᠧᠵᠢᠶᠠᠩ ᠤᠨ ᠬᠤᠳᠠᠯᠳᠤᠭᠠᠨ ᠤ ᠪᠠᠩᠬᠢ ᠯᠤᠭ᠎ᠠ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠦᠪᠯᠡᠯᠴᠡᠭᠡᠷ ᠲᠤᠬᠢᠷᠠᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠂ ᠵᠧᠵᠢᠶᠠᠩ ᠤᠨ ᠬᠤᠳᠠᠯᠳᠤᠭᠠᠨ ᠤ ᠪᠠᠩᠬᠢ ᠶᠢᠨ ᠨᠠᠮ ᠤᠨ ᠬᠤᠷᠢᠶᠠᠨ ᠤ ᠱᠦᠵᠢ ᠯᠦ ᠵᠢᠶᠠᠨ ᠴᠢᠶᠠᠩ ᠵᠦᠪᠯᠡᠯᠴᠡᠭᠡᠷ ᠲᠤᠭᠳᠠᠬᠤ ᠶᠢ ᠭᠡᠷᠡᠴᠢᠯᠡᠵᠡᠢ᠃
ᠵᠦᠪᠯᠡᠯᠴᠡᠭᠡᠷ ᠲᠤᠭᠳᠠᠬᠤ ᠶᠣᠰᠣᠯᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠢᠭᠡᠳ ᠵᠧᠵᠢᠶᠠᠩ ᠤᠨ ᠬᠤᠳᠠᠯᠳᠤᠭᠠᠨ ᠤ ᠪᠠᠩᠬᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠪᠠᠩᠬᠢ ᠶᠢᠨ ᠳᠠᠷᠤᠭ᠎ᠠ ᠵᠠᠩ ᠷᠦᠩ ᠰᠧᠨ ᠬᠤᠶᠠᠷ ᠲᠠᠯ᠎ᠠ ᠶᠢ ᠲᠥᠯᠥᠭᠡᠯᠡᠨ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ᠃ ᠵᠦᠪᠯᠡᠯᠴᠡᠭᠡᠷ ᠢ ᠦᠨᠳᠦᠰᠦᠯᠡᠪᠡᠯ᠂ ᠬᠤᠶᠠᠷ ᠲᠠᠯ᠎ᠠ ᠪᠠᠷ ᠢᠶᠠᠨ 《ᠬᠤᠤᠰ ᠨᠡᠭᠦᠷᠡᠰᠦᠲᠥ᠋ᠷᠥᠭᠴᠢ》 ᠶᠢᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠦ ᠶᠢᠨ ᠦᠶᠯᠡᠰ ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠪᠠᠷ ᠬᠠᠮᠲᠤᠷᠠᠯᠴᠠᠭ᠎ᠠ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠮᠥᠩᠭᠦᠨ ᠭᠦᠶᠯᠭᠡᠭᠡᠨ ᠤ ᠳᠡᠮᠵᠢᠯᠭᠡ ᠬᠠᠩᠭᠠᠬᠤ ᠪᠣᠯᠤᠨ᠎ᠠ᠃
ᠵᠦᠪᠯᠡᠯᠴᠡᠭᠡᠷ ᠲᠤᠭᠳᠠᠬᠤ ᠶᠣᠰᠣᠯᠠᠯ ᠠᠴᠠ ᠡᠮᠦᠨ᠎ᠡ᠂ ᠯᠦ ᠵᠢᠶᠠᠨ ᠴᠢᠶᠠᠩ ᠨᠠᠷ ᠲᠠᠢ ᠠᠭᠤᠯᠵᠠᠪᠠ᠃ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠥᠪᠥᠷ ᠮᠣᠩᠭᠤᠯ ᠤᠨ 《ᠬᠤᠶᠠᠷ ᠬᠠᠯᠬᠠᠪᠴᠢ》《ᠬᠤᠶᠠᠷ ᠰᠠᠭᠤᠷᠢᠨ 》 ᠪᠣᠯᠤᠨ 《ᠨᠢᠭᠡ ᠪᠠᠬᠢᠯᠡᠯᠲᠡ》 ᠶᠢ ᠪᠦᠳᠦᠭᠡᠨ ᠪᠠᠶᠢᠭᠤᠯᠬᠤ ᠳᠤ ᠬᠦᠴᠦᠨ ᠨᠡᠮᠡᠷᠢᠯᠡᠨ᠎ᠡ ᠭᠡᠵᠦ ᠰᠠᠨᠠᠯ ᠨᠢᠭᠡᠲᠡᠢ ᠢᠯᠡᠳᠭᠡᠪᠡ᠃
ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠦᠪᠯᠡᠯᠴᠡᠭᠡᠷ ᠲᠤᠭᠳᠠᠬᠤ ᠶᠣᠰᠣᠯᠠᠯ ᠪᠠ ᠠᠭᠤᠯᠵᠠᠯᠲᠠ ᠳᠤ ᠣᠷᠣᠯᠴᠠᠵᠠᠢ᠃