ᠵᠤᠬᠢᠶᠠᠭᠴᠢ:
ᠴᠠᠭ:2022-08-26
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
2022 ᠣᠨ ᠤ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠶᠢᠨ ᠶᠡᠷᠦᠩᠬᠡᠢ ᠳᠠᠷᠤᠭ᠎ᠠ ᠶᠢᠨ ᠬᠤᠷᠠᠯ ᠬᠤᠷᠠᠯᠳᠤᠪᠠ ᠰᠦᠨ ᠱᠤᠤ ᠴᠧᠩ ᠬᠤᠷᠠᠯ ᠢ ᠡᠷᠬᠢᠯᠡᠵᠦ ᠸᠠᠩ ᠯᠢ ᠰᠢᠶᠠ ᠬᠤᠷᠠᠯ ᠳᠤ ᠣᠷᠣᠯᠴᠠᠵᠠᠢ
2022 ᠣᠨ ᠤ 8 ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠶᠢᠨ ᠶᠡᠷᠦᠩᠬᠡᠶ ᠳᠠᠷᠤᠭ᠎ᠠ ᠰᠦᠨ ᠱᠤᠤ ᠴᠧᠩ 2022 ᠣᠨ ᠤ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠶᠢᠨ ᠶᠡᠷᠦᠩᠬᠡᠶ ᠳᠠᠷᠤᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃
ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠶᠢᠨ ᠶᠡᠷᠦᠩᠬᠡᠢ ᠳᠠᠷᠤᠭ᠎ᠠ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠶᠢᠨ ᠳᠡᠳ᠋ ᠶᠡᠷᠦᠩᠬᠡᠢ ᠳᠠᠷᠤᠭ᠎ᠠ ᠶᠠᠩ ᠸᠧᠢ ᠳ᠋ᠦᠩ᠂ ᠠᠢ ᠯᠢ ᠬᠤᠸᠠ᠂ ᠴᠢ᠊ ᠪᠠᠲᠤ᠂ ᠵᠧᠩ ᠭᠤᠸᠠᠩ ᠵᠤᠤ ᠬᠤᠷᠠᠯ ᠳᠤ ᠣᠷᠣᠯᠴᠠᠵᠠᠢ᠃
ᠬᠤᠷᠠᠯ ᠠᠴᠠ ᠪᠦᠬᠦ ᠣᠷᠣᠨ ᠤ ᠤᠢ ᠰᠢᠭᠤᠢ ᠶᠢᠨ ᠳᠠᠷᠤᠭ᠎ᠠ ᠶᠢᠨ ᠲᠦᠷᠢᠮ ᠤᠨ ᠠᠵᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠶᠢᠨ ᠳᠠᠷᠤᠭ᠎ᠠ ᠶᠢᠨ ᠲᠦᠷᠢᠮ ᠤᠨ ᠬᠢᠨᠠᠨ ᠰᠢᠯᠭᠠᠬᠤ ᠠᠷᠭ᠎ᠠ ︵ᠲᠤᠷᠰᠢᠨ ᠬᠡᠷᠡᠭᠵᠢᠭᠦᠯᠬᠦ︶》 ᠶᠢ ᠬᠢᠨᠠᠨ ᠵᠥᠪᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ᠂ ᠤᠢ ᠰᠢᠭᠤᠢ ᠶᠢᠨ ᠳᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠪᠣᠯ ᠨᠠᠮ ᠤᠨ ᠲᠥᠪ ᠬᠤᠷᠢᠶ᠎ᠠ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠮᠥᠨ᠂ ᠮᠠᠨ ᠤ ᠤᠯᠤᠰ ᠤᠨ ᠠᠮᠢ ᠠᠬᠤᠢ ᠶᠢᠨ ᠪᠣᠯᠪᠠᠰᠤᠨ ᠤ ᠬᠦᠷᠢᠶᠡᠨ ᠳᠠᠬᠢ ᠴᠢᠬᠤᠯᠠ ᠶᠡᠭᠡ ᠲᠦᠷᠢᠮ ᠤᠨ ᠰᠢᠨ᠎ᠡ ᠡᠭᠦᠳᠦᠯᠲᠡ ᠮᠥᠨ᠃ ᠥᠪᠥᠷ ᠮᠣᠩᠭᠤᠯ ᠪᠣᠯ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠲᠣᠮᠣ ᠣᠷᠣᠨ᠂ ᠡᠯ᠎ᠡ ᠱᠠᠲᠤᠨ ᠤ ᠣᠶ ᠰᠢᠭᠤᠶ ᠶᠢᠨ ᠳᠠᠷᠤᠭ᠎ᠠ ᠵᠢᠴᠢ ᠡᠯ᠎ᠡ ᠪᠦᠷᠢᠯᠳᠦᠬᠦᠨ ᠨᠢᠭᠡᠴᠢ ᠶᠢᠨ ᠬᠢᠨ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠵᠤ᠂ ᠨᠠᠮ ᠤᠨ ᠲᠥᠪ ᠬᠤᠷᠢᠶ᠎ᠠ ᠳᠤ ᠬᠠᠷᠢᠭᠤᠴᠠᠬᠤ᠂ ᠥᠪᠥᠷ ᠮᠣᠩᠭᠤᠯ ᠤᠨ 2400 ᠭᠠᠷᠤᠶ ᠲᠦᠮᠡᠨ ᠠᠷᠠᠳ ᠲᠦᠮᠡᠨ ᠳᠤ ᠬᠠᠷᠢᠭᠤᠴᠠᠬᠤ᠂ ᠦᠷ᠎ᠡ ᠬᠤᠶᠢᠴᠢᠰ ᠲᠠᠭᠠᠨ ᠬᠠᠷᠢᠭᠤᠴᠠᠬᠤ ᠣᠪᠣᠷ ᠢᠶᠠᠷ ᠲᠤᠰᠢᠶᠠᠯ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠶ ᠭᠦᠶᠴᠡᠳᠭᠡᠵᠦ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠴᠢᠬᠤᠯᠠ ᠶᠡᠭᠡ ᠬᠠᠷᠢᠭᠤᠴᠠᠯᠭ᠎ᠠ ᠶᠢ ᠨᠡᠷ᠎ᠡ ᠨᠢᠳᠡᠷ ᠲᠠᠢ ᠪᠣᠳᠠᠲᠠᠶ ᠡᠭᠦᠷᠭᠡᠯᠡᠵᠦ᠂ ᠥᠪᠥᠷ ᠮᠣᠩᠭᠤᠯ ᠤᠨ 《ᠨᠢᠭᠡ ᠡᠪᠡᠰᠦ ᠨᠢᠭᠡ ᠮᠣᠳᠣ》 ᠪᠤᠯᠭᠠᠨ ᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠶ ᠭᠡᠵᠥ ᠵᠢᠭᠠᠵᠥ ᠭᠠᠷᠭᠠᠪᠠ᠃
ᠬᠤᠷᠠᠯ ᠠᠴᠠ᠂ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠬᠤ᠂ ᠬᠠᠮᠵᠢᠯᠴᠠᠨ ᠠᠬᠢᠭᠤᠯᠬᠤ ᠶᠢ ᠪᠠᠷᠢᠮᠲᠠᠯᠠᠵᠤ᠂ ᠠᠮᠢ ᠠᠬᠤᠢ ᠶᠢᠨ ᠬᠠᠮᠠᠭᠠᠯᠠᠯᠲᠠ ᠪᠠ ᠵᠠᠰᠠᠯᠲᠠ ᠶᠢᠨ ᠡᠯ᠎ᠡ ᠵᠦᠢᠯ ᠤᠨ ᠡᠭᠦᠷᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠠᠷᠭ᠎ᠠ ᠪᠦᠬᠦᠨ ᠢ ᠰᠦᠪᠡᠭᠴᠢᠯᠡᠵᠥ ᠪᠠᠶᠢᠭᠠᠳ ᠬᠠᠳᠠᠭᠠᠯᠠᠮᠵᠢ ᠶᠢᠨ ᠬᠡᠮᠵᠢᠶ᠎ᠡ ᠶᠢ ᠪᠠᠳᠤᠯᠠᠵᠥ᠂ ᠨᠡᠮᠡᠭᠳᠡᠯ ᠬᠡᠮᠵᠢᠶ᠎ᠡ ᠶᠢ ᠦᠷᠭᠡᠳᠬᠡᠵᠥ᠂ ᠤᠯᠤᠰ ᠤᠨ ᠨᠤᠳᠤᠭ ᠲᠡᠪᠢᠰᠭᠡᠷ ᠤᠨ ᠣᠷᠣᠨ ᠵᠠᠶ ᠶᠢᠨ ᠬᠡᠷᠡᠭᠴᠡᠭᠡ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠣᠶ ᠰᠢᠭᠤᠶ ᠶᠢ ᠰᠦᠶᠳᠭᠡᠬᠦ᠂ ᠡᠪᠡᠰᠦ ᠪᠡᠯᠴᠢᠭᠡᠷ ᠢ ᠰᠦᠶᠳᠭᠡᠬᠦ᠂ ᠨᠤᠭᠤ ᠭᠠᠵᠠᠷ ᠢ ᠰᠦᠶᠳᠭᠡᠬᠦ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠠᠯ ᠭᠠᠵᠠᠷ᠂ ᠠᠲᠠᠷ ᠭᠠᠵᠠᠷ᠂ ᠬᠠᠶᠠᠭᠳᠠᠮᠠᠯ ᠠᠭᠤᠷᠬᠠᠶ ᠵᠡᠷᠭᠡ ᠣᠷᠣᠨ ᠵᠠᠶ ᠶᠢ ᠭᠦᠶᠴᠡᠳ ᠠᠰᠢᠭᠯᠠᠨ ᠰᠢᠨᠵᠢᠯᠡᠬᠦ ᠤᠬᠠᠭᠠᠨᠴᠢ ᠪᠠᠷ ᠨᠣᠭᠤᠭᠠᠷᠠᠭᠤᠯᠤᠯᠲᠠ ᠬᠢᠵᠦ᠂ ᠬᠠᠮᠢᠶ᠎ᠠ ᠪᠥᠬᠦᠶ ᠲᠥᠯᠥᠪᠵᠢᠭᠦᠯᠭᠡ ᠪᠠ ᠲᠥᠰᠦᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ ᠠᠮᠢ ᠠᠬᠤᠶ ᠶᠢ ᠵᠠᠰᠠᠵᠤ ᠰᠡᠷᠭᠦᠭᠡᠬᠦ ᠠᠵᠢᠯ ᠢ ᠶᠡᠭᠡ ᠪᠠᠷ ᠠᠬᠢᠭᠤᠯᠵᠤ᠂ ᠴᠢᠬᠤᠯᠠ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠠᠶᠢᠭᠠᠯᠢ ᠶᠢᠨ ᠣᠶ ᠶᠢ ᠬᠠᠮᠠᠭᠠᠯᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠨᠤᠲᠤᠭ ᠪᠡᠯᠴᠢᠭᠡᠷ ᠲᠤ ᠪᠡᠯᠴᠢᠭᠡᠷᠯᠡᠭᠦᠯᠬᠦ ᠶᠢ ᠵᠤᠭᠰᠤᠭᠠᠬᠤ ᠪᠡᠯᠴᠢᠭᠡᠷ ᠢ ᠰᠡᠷᠭᠦᠭᠡᠬᠦ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠱᠠᠯᠠᠪᠳᠠᠭᠤᠯᠤᠨ ᠪᠠᠶᠢᠴᠠᠭᠠᠬᠤ ᠳᠤ ᠢᠯᠡᠷᠡᠭᠦᠯᠦᠭᠰᠡᠨ ᠡᠯ᠎ᠡ ᠲᠥᠷᠥᠯ ᠤᠨ ᠠᠰᠠᠭᠤᠳᠠᠯ ᠢ ᠪᠣᠳᠠᠲᠠᠶ ᠪᠠᠷ ᠰᠠᠶᠢᠵᠢᠷᠠᠭᠤᠯᠵᠤ᠂ ᠲᠤᠶᠢᠯᠪᠤᠷᠢᠲᠠᠶ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠶ᠃ ᠤᠢ ᠰᠢᠭᠤᠢ ᠨᠤᠲᠤᠭ ᠪᠡᠯᠴᠢᠭᠡᠷ ᠤᠨ ᠬᠦᠷᠢᠶᠡᠨ ᠤ ᠥᠭᠡᠷᠡᠴᠢᠯᠡᠯᠲᠡ ᠶᠢ ᠢᠳᠡᠪᠬᠢᠲᠡᠢ ᠭᠦᠨᠵᠡᠭᠡᠶᠢᠷᠡᠭᠦᠯᠵᠦ᠂ ᠤᠢ ᠰᠢᠭᠤᠢ ᠨᠤᠲᠤᠭ ᠪᠡᠯᠴᠢᠭᠡᠷ ᠤᠨ ᠠᠵᠤ ᠦᠢᠯᠡᠰ ᠢ ᠲᠡᠳᠬᠦᠬᠦ ᠪᠡᠯᠡ ᠮᠥᠩᠭᠦ ᠶᠢᠨ ᠣᠷᠣᠭᠤᠯᠤᠯᠲᠠ ᠶᠢ ᠨᠡᠮᠡᠭᠳᠡᠭᠦᠯᠵᠦ᠂ ᠡᠬᠢ ᠪᠠᠶᠠᠯᠢᠭ ᠡᠳ᠋ ᠬᠦᠷᠦᠩᠭᠡ ᠶᠢ 《ᠠᠮᠢᠯᠠᠭᠤᠯᠵᠤ》《ᠡᠷᠬᠢᠯᠳᠦᠬᠦᠯᠵᠥ》᠂ ᠤᠢ ᠰᠢᠭᠤᠢ ᠨᠤᠲᠤᠭ ᠪᠡᠯᠴᠢᠭᠡᠷ ᠤᠨ ᠠᠵᠤ ᠦᠢᠯᠡᠰ ᠤᠨ ᠪᠦᠯᠦᠭᠵᠢᠯ ᠢ ᠪᠦᠬᠦ ᠬᠦᠴᠦᠨ ᠢᠶᠠᠷ ᠪᠣᠶᠢᠵᠢᠭᠤᠯᠤᠨ ᠪᠤᠵᠠᠭᠠᠶᠢᠷᠠᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠶᠢ ᠠᠯᠳᠠ ᠮᠥᠩᠭᠦᠨ ᠠᠭᠤᠯᠠ ᠪᠣᠯᠭᠠᠨ ᠬᠤᠪᠢᠷᠠᠭᠤᠯᠬᠤ ᠬᠡᠷᠡᠭᠲᠡᠢ᠃ 《ᠬᠤᠤᠰ ᠨᠡᠭᠦᠷᠡᠰᠦᠲᠥ᠋ᠷᠥᠭᠴᠢ》 ᠶᠢᠨ ᠠᠬᠤᠶ ᠪᠠᠶᠢᠳᠠᠯ ᠳᠤᠤᠷ᠎ᠠ᠂ ᠨᠡᠭᠦᠷᠡᠰᠦᠲᠥ᠋ᠷᠥᠭᠴᠢ ᠬᠤᠷᠠᠮᠳᠤᠭᠤᠯᠬᠤ ᠠᠷᠠᠯᠵᠢᠶᠠᠨ ᠤ ᠳᠠᠯᠳᠠ ᠬᠦᠴᠦᠨ ᠯᠤᠲᠤ ᠶᠡᠭᠡ᠂ ᠢᠷᠡᠭᠡᠳᠤᠢ ᠥᠷᠭᠡᠨ ᠠᠭᠤᠳᠠᠮ ᠶᠤᠮ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠴᠢᠯᠥᠭᠡᠯᠡᠵᠦ᠂ ᠵᠣᠷᠢᠭᠲᠠᠶ ᠬᠢᠵᠦ ᠵᠣᠷᠢᠭᠲᠠᠶ ᠲᠤᠷᠰᠢᠵᠤ᠂ ᠨᠡᠭᠦᠷᠡᠰᠦᠲᠥ᠋ᠷᠥᠭᠴᠢ ᠬᠤᠷᠠᠮᠳᠤᠭᠤᠯᠬᠤ ᠠᠷᠠᠯᠵᠢᠶ᠎ᠠ ᠶᠢ ᠱᠠᠯᠠᠪᠳᠠᠨ ᠲᠥᠯᠥᠪᠵᠢᠭᠦᠯᠵᠦ᠂ ᠤᠷᠢᠳ ᠢᠶᠠᠷ ᠬᠢᠵᠦ ᠤᠷᠢᠳ ᠢᠶᠠᠷ ᠲᠤᠷᠰᠢᠵᠤ᠂ ᠬᠢᠵᠦ ᠳᠡᠶᠢᠯᠬᠦ ᠶᠢ ᠨᠢ ᠱᠠᠯᠠᠪᠳᠠᠭᠤᠯᠤᠨ ᠤᠷᠢᠳ ᠢᠶᠠᠷ ᠬᠢᠯᠭᠡᠬᠦ ᠬᠡᠷᠡᠭᠲᠡᠶ᠃ ᠣᠶ ᠰᠢᠭᠤᠶ ᠨᠤᠲᠤᠭ ᠪᠡᠯᠴᠢᠭᠡᠷ ᠤᠨ ᠭᠠᠮᠰᠢᠭ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠡᠪᠡᠳᠴᠢᠨ ᠬᠤᠷᠣᠬᠠᠶ ᠶᠢᠨ ᠬᠥᠨᠥᠭᠡᠯ ᠪᠠ ᠲᠦᠶᠮᠡᠷ ᠤᠨ ᠭᠠᠮᠰᠢᠭ ᠢ ᠰᠡᠷᠭᠡᠶᠢᠯᠡᠨ ᠡᠵᠡᠮᠳᠡᠬᠦ ᠶᠢ ᠲᠣᠪᠣᠶᠢᠮ᠎ᠠ ᠰᠠᠶᠢᠲᠤᠷ ᠠᠳᠬᠤᠬᠤ ᠬᠡᠷᠡᠭᠲᠡᠶ᠃ ᠡᠯ᠎ᠡ ᠱᠠᠲᠤᠨ ᠤ ᠣᠢ ᠰᠢᠭᠤᠶ ᠶᠢᠨ ᠳᠠᠷᠤᠭ᠎ᠠ ᠨᠠᠷ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠵᠤ᠂ ᠲᠣᠪᠣᠶᠢᠮ᠎ᠠ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠦᠨ ᠰᠢᠶᠳᠪᠦᠷᠢᠯᠡᠵᠦ᠂ ᠣᠢ ᠰᠢᠭᠤᠶ ᠶᠢᠨ ᠳᠠᠷᠤᠭ᠎ᠠ ᠶᠢᠨ ᠳᠦᠷᠢᠮ ᠤᠨ ᠡᠯ᠎ᠡ ᠵᠦᠶᠯ ᠤᠨ ᠠᠵᠢᠯ ᠢ ᠪᠣᠳᠠᠲᠠᠶᠢᠵᠢᠭᠤᠯᠤᠨ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠥ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠶᠢᠨ ᠳᠠᠷᠤᠭ᠎ᠠ ᠶᠢᠨ ᠲᠦᠷᠢᠮ ᠤᠨ ᠪᠦᠷᠢᠯᠳᠦᠬᠦᠨ ᠨᠢᠭᠡᠴᠢ ᠪᠣᠯᠤᠨ ᠬᠤᠯᠪᠣᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃