ᠵᠤᠬᠢᠶᠠᠭᠴᠢ:
ᠴᠠᠭ:2022-09-09
ᠥᠵᠡᠭᠰᠡᠨ : ℃
ᠢᠷᠡᠯᠲᠡ: 《ᠥᠪᠥᠷ ᠮᠣᠩᠭᠤᠯ ᠤᠨ ᠡᠳᠦᠷ ᠤᠨ ᠰᠣᠨᠢᠨ》
ᠰᠦᠨ ᠱᠤᠤ ᠴᠧᠩ ᠡᠯ᠎ᠡ ᠠᠷᠠᠳᠴᠢᠯᠠᠭᠰᠠᠨ ᠨᠠᠮ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠦᠶᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠤᠨ ᠬᠠᠷᠢᠭᠤᠴᠠᠯᠭᠠᠲᠠᠨ ᠨᠥᠬᠦᠳ ᠲᠠᠢ ᠶᠠᠷᠢᠯᠴᠠᠬᠤ ᠬᠤᠷᠠᠯ ᠬᠢᠪᠠ
2022 9 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠤᠷᠠᠯ ᠡᠷᠭᠢᠯᠡᠨ ᠬᠤᠷᠠᠯᠳᠤᠭᠤᠯᠵᠤ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠦᠶᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠤᠨ ᠬᠠᠷᠢᠭᠤᠴᠠᠯᠭᠠᠲᠠᠨ ᠨᠥᠬᠦᠳ ᠲᠠᠢ ᠶᠠᠷᠢᠯᠴᠠᠬᠤ ᠬᠤᠷᠠᠯ ᠬᠢᠵᠦ ᠰᠠᠨᠠᠯ ᠢᠶᠠᠨ ᠰᠣᠯᠢᠯᠴᠠᠪᠠ᠃
ᠶᠠᠷᠢᠯᠴᠠᠬᠤ ᠬᠤᠷᠠᠯ ᠳᠡᠭᠡᠷ᠎ᠡ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠡᠷᠬᠢᠯᠡᠭᠴᠢ ᠭᠡᠰᠢᠭᠦᠨ ᠪᠠᠢ ᠴᠢᠩ ᠶᠤᠸᠠᠨ᠂ ᠠᠷᠠᠳᠴᠢᠯᠠᠭᠰᠠᠨ ᠬᠤᠯᠪᠣᠭ᠎ᠠ ᠶᠢᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠡᠷᠬᠢᠯᠡᠭᠴᠢ ᠭᠡᠰᠢᠭᠦᠨ ᠵᠤᠤ ᠵᠶᠢ᠂ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠲᠤᠰᠬᠠᠢ ᠲᠤᠰᠢᠶᠠᠯᠳᠦ ᠳᠡᠳ᠋ ᠡᠷᠬᠢᠯᠡᠭᠴᠢ ᠭᠡᠰᠢᠭᠦᠨ ᠨᠠᠨ ᠳ᠋ᠤᠤ᠂ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠡᠷᠬᠢᠯᠡᠭᠴᠢ ᠭᠡᠰᠢᠭᠦᠨ ᠰᠦᠨ ᠵᠢᠶᠦ᠋ᠨ ᠴᠢᠩ᠂ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠡᠷᠬᠢᠯᠡᠭᠴᠢ ᠭᠡᠰᠢᠭᠦᠨ ᠶᠦᠨ ᡁᠢ ᠾᠧᠦ᠂ 《9· 3》 ᠤ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠡᠷᠬᠢᠯᠡᠭᠴᠢ ᠭᠡᠰᠢᠭᠦᠨ ᠢᠦᠢ ᠷᠧᠨ ᠵᠢᠶᠧ ᠪᠣᠯᠤᠨ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠩᠭᠤ ᠶᠢᠨ ᠳᠡᠳ᠋ ᠲᠡᠷᠢᠭᠦᠯᠡᠭᠴᠢ ᠯᠢᠶᠠᠩ ᠱᠤ᠋ ᠴᠢᠨ ᠤᠷᠢᠳ ᠬᠤᠵᠢᠳ ᠦᠭᠡ ᠬᠡᠯᠡᠵᠡᠢ᠃
ᠣᠯᠠᠨ ᠤ ᠬᠡᠯᠡᠬᠦ ᠶᠢ ᠨᠠᠷᠢᠨ ᠬᠢᠨᠠᠮᠠᠭᠠᠶ ᠰᠣᠨᠣᠰᠤᠭᠰᠠᠨ ᠤ ᠳᠠᠷᠠᠭ᠎ᠠ᠂ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢ ᠲᠥᠯᠥᠭᠡᠯᠡᠨ ᠣᠶᠢᠷ᠎ᠠ ᠶᠢᠨ ᠵᠢᠯ ᠤᠨ ᠲᠤᠷᠰᠢᠬᠢ ᠡᠯ᠎ᠡ ᠠᠷᠠᠳᠴᠢᠯᠠᠭᠰᠠᠨ ᠨᠠᠮ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠦᠶᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠵᠢᠯ ᠢ ᠭᠦᠶᠴᠡᠳ ᠨᠤᠲᠠᠯᠠᠵᠤ᠂ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠲᠤ 3 ᠲᠠᠯ᠎ᠠ ᠶᠢᠨ ᠬᠦᠰᠡᠯ ᠳᠤᠷᠠᠳᠴᠠᠶ᠃ ᠨᠢᠭᠡ ᠳᠤ᠂ ᠵᠥᠪ ᠤᠯᠤᠰ ᠲᠥᠷᠥ ᠶᠢᠨ ᠴᠢᠭᠯᠡᠯ ᠢ ᠪᠠᠲᠤ ᠡᠵᠡᠮᠳᠡᠵᠦ᠂ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠂ 《ᠬᠤᠶᠠᠷ ᠢ ᠲᠣᠭᠲᠠᠭᠠᠬᠰᠠᠨ》 ᠢ ᠡᠷᠡᠰ ᠬᠦᠷᠢᠶᠡᠯᠡᠵᠦ᠂ 《ᠬᠤᠶᠠᠷ ᠢ ᠬᠠᠮᠠᠭᠠᠯᠠᠬᠤ》 ᠶᠢ ᠡᠷᠡᠰ ᠪᠡᠶᠡᠯᠡᠭᠦᠯᠵᠦ᠂ ᠬᠠᠮᠲᠤᠷᠠᠯᠴᠠᠬᠤ ᠣᠭ ᠰᠠᠨᠠᠭ᠎ᠠ ᠪᠠᠨ ᠥᠯᠥ ᠮᠠᠷᠲᠠᠵᠤ᠂ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠬᠤ ᠠᠵᠢᠯ ᠢ ᠢᠯᠡᠭᠦᠬᠡᠨ ᠬᠢᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠬᠤᠷᠠᠯᠳᠤᠬᠤ ᠳᠤ ᠰᠠᠶᠢᠨ ᠰᠠᠶᠢᠬᠠᠨ ᠣᠷᠴᠢᠨ ᠬᠡᠷᠡᠭᠲᠡᠶ᠃ ᠬᠤᠶᠠᠷ ᠲᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠤᠨ ᠠᠷᠭ᠎ᠠ ᠤᠬᠠᠭᠠᠨ ᠭᠠᠷᠭᠠᠵᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃ ᠡᠯ᠎ᠡ ᠠᠷᠠᠳᠴᠢᠯᠠᠭᠰᠠᠨ ᠨᠠᠮ ᠪᠦᠯᠦᠭ ᠤᠨ ᠬᠢᠨ ᠳᠠᠪᠠᠭᠤᠯᠢᠭ ᠢᠶᠠᠨ ᠪᠠᠳᠠᠷᠠᠭᠤᠯᠵᠤ᠂ ᠭᠦᠨᠵᠡᠭᠡᠢ ᠪᠠᠶᠢᠴᠠᠭᠠᠨ ᠰᠤᠳᠤᠯᠤᠯᠲᠠ ᠥᠷᠨᠢᠭᠦᠯᠵᠦ᠂ ᠤᠶᠢᠯᠠᠭᠠᠯᠳᠠ ᠦᠵᠡᠯᠲᠡ ᠲᠠᠢ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠢᠯᠡᠭᠦᠬᠡᠨ ᠭᠠᠷᠭᠠᠵᠤ᠂ ᠨᠡᠩ ᠤᠯᠠᠨ ᠴᠢᠭᠯᠡᠯᠳᠤ ᠴᠢᠨᠠᠷᠲᠠᠢ ᠪᠠ ᠬᠡᠷᠡᠭᠵᠢᠭᠦᠯᠵᠦ ᠪᠣᠯᠬᠤᠶᠢᠴᠠ ᠠᠷᠭ᠎ᠠ ᠪᠤᠳᠤᠯᠭ᠎ᠠ ᠰᠠᠨᠠᠭᠤᠯᠭ᠎ᠠ ᠳᠤᠷᠠᠳᠬᠤ ᠬᠡᠷᠡᠭᠲᠡᠢ᠃ ᠦᠶᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ᠬᠦᠷᠢᠶᠡᠯᠡᠩ ᠲᠣᠭᠤᠷᠢᠭ ᠪᠣᠯᠤᠨ ᠠᠵᠤ ᠠᠬᠤᠶᠢᠯᠠᠯ ᠳᠤ ᠢᠯᠡᠭᠦᠬᠡᠨ ᠭᠦᠨᠵᠡᠭᠡᠶᠢᠷᠡᠵᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠣᠯᠤᠨ ᠲᠠᠶᠢᠯᠤᠮᠵᠢ ᠶᠢ ᠰᠠᠶᠢᠲᠤᠷ ᠬᠢᠵᠦ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠳᠤ ᠲᠤᠯᠭᠠᠷᠠᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠰᠢᠶᠳᠪᠦᠷᠢᠯᠡᠬᠦ ᠶᠢ ᠠᠬᠢᠭᠤᠯᠬᠤ ᠬᠡᠷᠡᠭᠲᠡᠶ᠃ ᠭᠤᠷᠪᠠ ᠳᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠪᠣᠯᠤᠨ ᠲᠦᠪᠰᠢᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ ᠬᠡᠵᠡᠢ᠃
ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠩᠭᠡᠷᠡᠭᠰᠡᠨ ᠲᠠᠢ ᠪᠠᠨ ᠠᠳᠠᠯᠢ ᠪᠠᠷ ᠡᠯ᠎ᠡ ᠠᠷᠠᠳᠴᠢᠯᠠᠭᠰᠠᠨ ᠨᠠᠮ ᠪᠦᠯᠦᠭ ᠪᠣᠯᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠵᠢᠯ ᠢ ᠳᠡᠮᠵᠢᠵᠦ᠂ ᠤᠯᠠᠨ ᠤ ᠡᠭᠦᠷᠭᠡ ᠲᠤᠰᠢᠶᠠᠯ ᠢᠶᠠᠨ ᠭᠦᠢᠴᠡᠳᠭᠡᠬᠦ ᠳᠤ ᠦᠨᠡᠨ ᠬᠦ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠭᠦ ᠪᠤᠯᠤᠨ᠎ᠠ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠳᠤ ᠲᠠᠶᠠᠭᠠᠷ ᠢᠶᠠᠨ ᠬᠢᠨᠠᠯᠲᠠ ᠲᠠᠯᠪᠢᠵᠤ᠂ ᠡᠷᠬᠢᠮ ᠨᠠᠨᠳᠢᠨ ᠰᠠᠨᠠᠯ ᠢᠶᠠᠨ ᠢᠯᠡᠭᠦᠬᠡᠨ ᠳᠤᠷᠠᠳᠬᠤ ᠶᠢ ᠪᠠᠶᠠᠷᠯᠠᠨ ᠤᠭᠲᠤᠵᠤ ᠪᠠᠶᠢᠨ᠎ᠠ ᠬᠡᠵᠤ ᠬᠡᠯᠡᠪᠡ᠃
ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠦᠦᠳᠠᠭᠤᠯᠠ᠂ ᠢᠦᠢ ᠯᠢ ᠰᠢᠨ ᠠᠵᠢᠯᠯᠠᠭ᠎ᠠ ᠳᠤ ᠣᠷᠣᠯᠴᠠᠵᠠᠢ᠃